ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-05 11:51:31

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠤᠢ᠌ᠷ᠎ᠠ᠎ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠡᠴᠡ ᠨᠡᠶ᠋ᠢᠲᠡᠯᠡᠭᠰᠡᠡ ᠨᠠᠢ᠍ᠮᠠᠳᠤᠭᠠᠷ ᠪᠦᠯᠦᠭ᠎ᠤᠨ ᠲᠤᠰᠬᠠᠢ ᠨᠠᠷᠢᠯᠢᠭ ᠣᠨᠴᠠ ᠰᠢᠨ᠎ᠡ 《ᠵᠢᠵᠢᠭ ᠠᠪᠤᠷᠭᠤ》ᠠᠵᠤ ᠠᠬᠤᠶ᠋ᠢᠯᠠᠯ᠎ᠤᠨ ᠨᠡᠷᠡᠰ᠎ᠲᠦ ᠦᠪᠦᠷ ᠮᠤᠩᠭᠤᠯ ᠡᠴᠡ 11 ᠠᠵᠤ ᠠᠬᠤᠶ᠋ᠢᠯᠠᠯ ᠰᠣᠩᠭᠣᠭᠳᠠᠵᠤ᠂ ᠤᠢ᠌ᠷ᠎ᠠ᠎ᠶᠢᠨ ᠵᠢᠯ᠎ᠦᠨ ᠬᠠᠮᠤᠭ᠎ᠤᠨ ᠰᠠᠢ᠌ᠨ ᠬᠢᠷᠢ ᠪᠦᠲᠦᠮᠵᠢ᠎ᠶᠢ ᠡᠭᠦᠳᠴᠡᠢ᠂ ᠤᠳᠤᠬᠠᠨ᠎ᠳᠦ ᠦᠪᠦᠷ ᠮᠤᠩᠭᠤᠯ᠎ᠤᠨ ᠤᠯᠤᠰ᠎ᠤᠨ ᠲᠠᠰ᠎ᠤᠨ ᠲᠤᠰᠬᠠᠶ ᠨᠠᠷᠢᠯᠢᠭ ᠤᠨᠴᠡ ᠰᠢᠨ᠎ᠡ 《ᠵᠢᠵᠢᠭ ᠠᠪᠤᠷᠭᠤ》 ᠠᠵᠤ ᠠᠬᠤᠶ᠋ᠢᠯᠠᠯ ᠨᠡᠶ᠋ᠢᠲᠡ 56 ᠪᠤᠯᠵᠠᠢ᠃

ᠲᠤᠰ ᠤᠳᠠᠭ᠎ᠠ ᠰᠣᠩᠭᠣᠭᠳᠠᠭᠰᠠᠨ ᠠᠵᠤ ᠠᠬᠤᠶ᠋ᠢᠯᠠᠯ᠎ᠤᠳ᠎ᠨᠢ ᠬᠢᠮᠢ᠎ᠶᠢᠨ ᠠᠵᠤ ᠦᠢᠯᠡᠳᠪᠦᠷᠢ᠎ᠶᠢᠨ ᠲᠦᠭᠦᠬᠡᠶ ᠮᠠᠲ᠋ᠧᠷᠢᠶᠠᠯ᠂ ᠡᠯᠧᠺᠲ᠋ᠷᠣᠨ ᠲᠣᠨᠣᠭᠯᠠᠭᠠᠰᠤ ᠦᠢᠯᠡᠳᠬᠦ᠌᠂ ᠰᠢᠨ᠎ᠡ ᠮᠠᠲ᠋ᠧᠷᠢᠶᠠᠯ ᠵᠡᠷᠭᠡ ᠤᠯᠤᠰ᠎ᠤᠨ ᠭᠤᠤᠯᠳᠠᠯᠭ᠎ᠠ᠎ᠲᠠᠶ ᠳᠡᠮᠵᠢᠬᠦ᠌ ᠬᠦᠷᠢᠶ᠎ᠡ᠎ᠶᠢ ᠬᠠᠮᠤᠷᠴᠤ᠌᠂ ᠪᠥᠬᠥ᠌ ᠤᠯᠤᠰ᠎ᠤᠨ ᠵᠠᠬ᠎ᠠ ᠳᠡᠯᠭᠡᠭᠦᠷ᠎ᠲᠡᠬᠢ ᠲᠣᠰ ᠲᠣᠰ᠎ᠤᠨ ᠨᠠᠷᠢᠨ ᠬᠤᠪᠢᠶᠠᠭᠰᠠᠨ ᠴᠢᠭᠯᠡᠯ᠎ᠳᠤ ᠲᠡᠷᠢᠭᠦᠯᠡᠬᠦ᠌ ᠪᠠᠶ᠋ᠢᠷᠢ᠎ᠶᠢ ᠡᠵᠡᠯᠡᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶᠢᠨ ᠡᠷᠴᠢᠮ᠎ᠢᠶᠡᠷ ᠥᠨᠳᠥᠷ᠂ ᠭᠤᠤᠯᠯᠠᠬᠤ ᠦᠢᠯᠡᠳᠬᠦᠨ᠎ᠦ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ᠎ᠪᠠᠷ ᠥᠨᠳᠥᠷ᠂ ᠵᠠᠩᠭᠢᠯᠠᠭ᠎ᠠ᠎ᠶᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠴᠢᠳᠠᠪᠤᠷᠢ᠎ᠪᠠᠷ ᠴᠢᠩᠭ᠎ᠠ ᠵᠡᠷᠭᠡ ᠣᠨᠴᠠᠯᠢᠭ᠎ᠲᠠᠶ ᠪᠠᠶ᠋ᠢᠵᠤ᠂ ᠰᠢᠯᠢᠳᠡᠭ ᠳᠤᠮᠳᠠ ᠪᠠᠭ᠎ᠠ ᠠᠵᠤ ᠠᠬᠤᠶ᠋ᠢᠯᠠᠯ᠎ᠤᠨ ᠱᠠᠲᠤᠯᠢᠭ ᠡᠩᠨᠡᠭᠡ᠎ᠶᠢᠨ ᠳᠣᠲᠣᠷᠠᠬᠢ ᠬᠡᠪ ᠳᠠᠭᠤᠷᠢᠶᠠᠯ ᠪᠤᠯᠵᠦ ᠪᠤᠢ᠃ ᠣᠳᠣᠬᠠᠨ ᠪᠣᠯᠲᠠᠯ᠎ᠠ᠂ ᠦᠪᠦᠷ ᠮᠤᠩᠭᠤᠯ᠎ᠤᠨ ᠤᠯᠤᠰ᠎ᠤᠨ ᠲᠠᠰ᠎ᠤᠨ ᠲᠤᠰᠬᠠᠶ ᠨᠠᠷᠢᠯᠢᠭ ᠤᠨᠴᠡ ᠰᠢᠨ᠎ᠡ 《ᠵᠢᠵᠢᠭ ᠠᠪᠤᠷᠭᠤ》 ᠠᠵᠤ ᠠᠬᠤᠶ᠋ᠢᠯᠠᠯ ᠨᠡᠶ᠋ᠢᠲᠡ 56 ᠪᠤᠯᠵᠠᠢ᠃

ᠣᠶ᠋ᠢᠷ᠎ᠠ᠎ᠶᠢᠨ ᠵᠢᠯ ᠎ᠳᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠴᠢᠨᠠᠷ ᠰᠠᠶ᠋ᠢᠲᠠᠶ ᠳᠤᠮᠳᠠ ᠪᠠᠭ᠎ᠠ ᠠᠵᠤ ᠠᠬᠤᠶ᠋ᠢᠯᠠᠯ᠎ᠢ ᠱᠠᠲᠤᠯᠠᠨ ᠬᠦᠭᠵᠢᠬᠦᠯᠬᠦ᠎ᠶᠢ ᠳᠤᠮᠳᠠ ᠪᠠᠭ᠎ᠠ ᠠᠵᠤ ᠠᠬᠤᠶ᠋ᠢᠯᠠᠯ᠎ᠤᠨ ᠲᠤᠰᠬᠠᠶ ᠨᠠᠷᠢᠯᠢᠭ ᠤᠨᠴᠡ ᠰᠢᠨ᠎ᠡ ᠠᠵᠤ ᠠᠬᠤᠢᠯᠠᠯ᠎ᠤᠨ ᠬᠥᠭᠵᠢᠯᠲᠡ᠎ᠶᠢ ᠠᠬᠢᠭᠤᠯᠬᠤ ᠰᠢᠰᠲ᠋ᠧᠮᠲᠦ᠍ ᠴᠢᠨᠠᠷᠲᠠᠶ ᠢᠨᠵᠧᠨᠧᠷᠢᠩ ᠪᠣᠯᠭᠠᠬᠤ᠎ᠶᠢ ᠪᠠᠷᠢᠮᠲᠠᠯᠠᠵᠤ᠂ 《ᠰᠢᠨ᠎ᠡ᠎ᠶᠢ ᠡᠭᠦᠳᠬᠦ᠌ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠶ᠋ᠢᠯᠠᠯ — ᠲᠤᠰᠬᠠᠶ ᠨᠠᠷᠢᠯᠢᠭ ᠤᠨᠴᠡ ᠰᠢᠨ᠎ᠡ ᠳᠤᠮᠳᠠ ᠪᠠᠭ᠎ᠠ ᠠᠵᠤ ᠠᠬᠤᠶ᠋ᠢᠯᠠᠯ — ᠲᠤᠰᠬᠠᠶ ᠨᠠᠷᠢᠯᠢᠭ ᠤᠨᠴᠡ ᠰᠢᠨ᠎ᠡ  〈ᠵᠢᠵᠢᠭ ᠠᠪᠤᠷᠭᠤ〉 ᠠᠵᠤ ᠠᠬᠤᠶ᠋ᠢᠯᠠᠯ》ᠤ᠋ᠨ ᠱᠠᠲᠤᠯᠢᠭ ᠬᠦᠭᠵᠢᠯᠳᠡ᠎ᠶᠢᠨ ᠠᠷᠭ᠎ᠠ ᠵᠠᠮ ᠶᠣᠰᠣᠭᠠᠷ᠂ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠦᠢᠯᠡᠴᠢᠯᠡᠵᠦ᠍᠂ ᠪᠠᠢᠩᠭᠤᠵᠢᠬᠰᠠᠨ ᠠᠰᠠᠭᠤᠨ ᠣᠶ᠋ᠢᠯᠠᠭᠠᠵᠤ ᠵᠢᠭᠰᠠᠭᠠᠨ ᠪᠠᠶ᠋ᠢᠴᠠᠭᠠᠬᠤ ᠲᠣᠭᠲᠠᠴᠠ᠎ᠶᠢ ᠪᠠᠶ᠋ᠢᠭᠤᠯᠤᠨ᠂ ᠠᠶ᠋ᠢᠮᠠᠭ ᠬᠣᠲᠠ ᠬᠤᠪᠢᠶᠠᠨ ᠬᠥᠳᠡᠯᠦᠩᠭᠦᠶ᠎ᠪᠡᠷ ᠬᠦᠭᠵᠢᠬᠦᠯᠬᠦ ᠬᠥᠮᠥᠷᠭᠡ ᠪᠠᠶ᠋ᠢᠭᠤᠯᠵᠤ᠂ ᠲᠥᠷᠥᠯ ᠬᠤᠪᠢᠶᠠᠨ ᠵᠢᠯᠣᠭᠣᠳᠴᠤ᠌᠂ ᠬᠠᠨᠳᠤᠯᠭᠠᠲᠤ᠌ ᠴᠢᠨᠠᠷᠲᠠᠶ  ᠬᠦᠭᠵᠢᠬᠦᠯᠬᠦ᠎ᠶᠢ ᠬᠡᠷᠡᠭᠵᠢᠭᠦᠯᠵᠠᠢ᠃ ᠰᠢᠨ᠎ᠡ᠎ᠶᠢ ᠡᠭᠦᠳᠬᠦ᠌ ᠬᠦᠴᠦᠨ ᠨᠡᠮᠡᠷᠢᠯᠡᠬᠦ ᠲᠠᠯ᠎ᠠ᠎ᠪᠠᠷ᠂ ᠠᠵᠤ ᠠᠬᠤᠶ᠋ᠢᠯᠠᠯ᠎ᠢ ᠢᠳᠡᠪᠬᠢᠲᠡᠶ᠎ᠪᠡᠷ ᠬᠥᠲᠥᠯᠥᠨ ᠵᠢᠯᠣᠭᠣᠳᠴᠤ᠂ ᠬᠦᠭᠵᠢᠬᠦᠯᠬᠦ ᠴᠢᠭᠯᠡᠯ᠎ᠢ ᠨᠠᠷᠢᠨ ᠬᠤᠪᠢᠶᠠᠵᠤ᠂ ᠵᠠᠩᠭᠢᠯᠠᠭ᠎ᠠ᠎ᠶᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠠᠢ᠃ ᠡᠭᠦᠨ᠎ᠦ ᠬᠠᠮᠲᠤ᠌᠂ ᠳᠤᠮᠳᠠ ᠪᠠᠭ᠎ᠠ ᠠᠵᠤ ᠠᠬᠤᠶ᠋ᠢᠯᠠᠯ᠎ᠳᠤ ᠦᠢᠯᠡᠴᠢᠯᠡᠬᠦ᠌ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠍᠂ ᠪᠠᠯᠠ ᠬᠤᠷᠠᠮᠳᠤᠭᠤᠯᠭ᠎ᠠ᠂ ᠮᠡᠷᠭᠡᠵᠢᠯ᠂ ᠰᠢᠨ᠎ᠡ᠎ᠶᠢ ᠡᠭᠦᠳᠬᠦ᠌᠂ ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠣᠯᠠᠨ ᠲᠠᠯ᠎ᠠ᠎ᠠᠴᠠ ᠡᠯ᠎ᠡ ᠲᠥᠷᠥᠯ᠎ᠦᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠬᠡᠷᠡᠭᠴᠡᠭᠡ ᠶᠣᠰᠣᠭᠠᠷ ᠳᠤᠮᠳᠠ ᠪᠠᠭ᠎ᠠ ᠠᠵᠤ ᠠᠬᠤᠶ᠋ᠢᠯᠠᠯ᠎ᠳᠤ ᠣᠨᠣᠪᠴᠢᠲᠠᠶ ᠦᠢᠯᠡᠴᠢᠯᠡᠭᠡ ᠬᠠᠩᠭᠠᠵᠠᠢ᠃ ᠬᠤᠢᠰᠢᠳᠡ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ᠎ᠶᠢᠨ ᠲᠢᠩᠬᠢᠮ ᠨᠢ ᠱᠠᠲᠤᠯᠠᠨ ᠬᠦᠭᠵᠢᠬᠦᠯᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠪᠠ ᠦᠢᠯᠡᠴᠢᠯᠡᠬᠦ᠌᠎ᠬᠤᠤᠰ ᠴᠢᠭᠯᠡᠯ᠎ᠢᠶᠡᠷ ᠬᠦᠴᠦᠯᠡᠬᠦ ᠪᠡᠷ ᠳᠠᠮᠵᠢᠭᠤᠯᠤᠨ᠂ ᠨᠠᠩ ᠣᠯᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠨᠠᠷᠢᠯᠢᠭ ᠬᠤᠪᠢᠶᠠᠭᠰᠠᠨ ᠬᠦᠷᠢᠶᠡᠨ᠎ᠳᠦ ᠯᠠᠪᠳᠠᠭᠤᠨ ᠲᠤᠬᠳᠠᠭᠤᠨ ᠬᠦᠭᠵᠢᠬᠦ ᠪᠠ ᠭᠤᠤᠯᠯᠠᠬᠤ ᠥᠷᠢᠰᠦᠯᠳᠦᠬᠦ᠌ ᠬᠦᠴᠦᠨ᠎ᠢ ᠪᠣᠶ ᠪᠣᠯᠭᠠᠬᠤ ᠵᠢ ᠠᠬᠢᠭᠤᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面