ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-05 16:26:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠢ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ ᠵᠢ ᠦᠨᠳᠦᠰᠦᠯᠡᠪᠡᠯ᠂ ᠲᠣᠰ ᠲᠣᠪᠴᠢᠶ᠎ᠠ ᠬᠢᠭᠡᠳ ᠤᠯᠤᠰ᠎ᠤᠨ ᠠᠭᠤᠷᠬᠠᠢ᠎ᠶᠢᠨ ᠠᠮᠤᠷ ᠲᠦᠪᠰᠢᠨ᠎ᠦ ᠬᠢᠨᠠᠨ ᠪᠠᠢᠴᠠᠭᠠᠬᠤ ᠲᠣᠪᠴᠢᠶ᠎ᠠ᠎ᠶᠢᠨ ᠥᠪᠥᠷ ᠮᠣᠩᠭᠣᠯ᠎ᠤᠨ ᠲᠣᠪᠴᠢᠶ᠎ᠠ ᠣᠢᠷ᠎ᠠ᠎ᠳᠤ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ᠎ᠶᠢᠨ ᠨᠡᠭᠦᠷᠡᠰᠦᠨ ᠬᠥᠮᠥᠷᠭᠡ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠲᠣᠭᠲᠠᠭᠠᠯ》 (ᠳᠣᠷᠣᠭ᠍ᠰᠢ 《ᠲᠣᠭᠲᠠᠭᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠪᠠ᠃ 《ᠲᠣᠭᠲᠠᠭᠠᠯ》 ᠨᠢ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠠᠭᠤᠷᠬᠠᠢ᠎ᠶᠢᠨ ᠬᠤᠳᠳᠤᠭ᠎ᠤᠨ ᠳᠣᠣᠷᠠᠬᠢ ᠨᠡᠭᠦᠷᠡᠰᠦᠨ ᠬᠥᠮᠥᠷᠭᠡ᠎ᠶᠢᠨ ᠭᠣᠣᠯᠳᠠᠯᠭ᠎ᠠ᠎ᠲᠠᠢ ᠲᠦᠭᠰᠢᠭᠦᠷᠢ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠢᠷᠤᠵᠤ ᠲᠥᠯᠥᠪᠯᠡᠨ ᠪᠠᠷᠢᠯᠭ᠎ᠠ ᠪᠠᠷᠢᠬᠤ᠂ ᠡᠳᠦᠷ ᠲᠤᠲᠤᠮ᠎ᠤᠨ ᠠᠵᠢᠯᠯᠠᠭ᠎ᠠ ᠵᠢ ᠪᠠᠲᠤᠯᠠᠬᠤ᠂ ᠪᠠᠴᠢᠮ ᠪᠠᠢᠳᠠᠯ᠎ᠢ ᠠᠷᠭᠠᠴᠠᠭᠠᠬᠤ᠂ ᠬᠢᠨᠠᠯᠲᠠ ᠲᠠᠯᠪᠢᠵᠤ ᠪᠠᠢᠴᠠᠭᠠᠬᠤ ᠵᠡᠷᠭᠡ ᠲᠠᠯ᠎ᠠ᠎ᠪᠠᠷ ᠪᠥᠬᠥ ᠬᠡᠯᠬᠢᠶᠡᠰᠦ ᠶ᠋ᠢᠨ ᠳᠦᠷᠢᠮ᠎ᠦᠨ ᠵᠢᠷᠤᠮᠵᠢᠯ ᠭᠠᠷᠭᠠᠵᠤ᠂ ᠬᠥᠮᠥᠷᠭᠡ᠎ᠶᠢ ᠪᠥᠭᠯᠡᠬᠦ᠂ ᠬᠥᠮᠥᠷᠭᠡ᠎ᠶᠢ ᠡᠪᠳᠡᠬᠦ᠂ ᠬᠥᠮᠥᠨ ᠬᠠᠷ᠎ᠠ ᠤᠨᠠᠬᠤ ᠵᠡᠷᠭᠡ ᠠᠮᠤᠷ ᠲᠦᠪᠰᠢᠨ᠎ᠦ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠪᠥᠬᠥ ᠣᠷᠣᠨ᠎ᠤ ᠨᠡᠭᠦᠷᠡᠰᠦᠨ ᠠᠭᠤᠷᠬᠠᠢ᠎ᠶᠢᠨ ᠨᠡᠭᠦᠷᠡᠰᠦᠨ ᠬᠥᠮᠥᠷᠭᠡ᠎ᠶᠢᠨ ᠠᠮᠤᠷ ᠲᠦᠪᠰᠢᠨ᠎ᠦ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠪᠤᠯᠤᠨ᠎ᠠ᠃

《ᠲᠣᠭᠲᠠᠭᠠᠯ》᠎ᠳᠤ᠂ ᠨᠡᠭᠦᠷᠡᠰᠦᠨ ᠠᠭᠤᠷᠬᠠᠢ᠎ᠶᠢᠨ ᠠᠵᠤ ᠠᠬᠤᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠨᠡᠭᠦᠷᠡᠰᠦᠨ ᠠᠭᠤᠷᠬᠠᠢ᠎ᠶᠢᠨ ᠭᠣᠣᠯ ᠬᠠᠷᠢᠭᠤᠴᠠᠯᠭᠠᠲᠠᠨ᠎ᠢ ᠨᠡᠭᠦᠷᠡᠰᠦᠨ ᠬᠥᠮᠥᠷᠭᠡ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ᠎ᠶᠢ ᠲᠣᠳᠣᠷᠬᠠᠢᠯᠠᠵᠤ᠂ ᠠᠵᠤ ᠠᠬᠤᠢᠯᠠᠯ᠎ᠢ ᠡᠯ᠎ᠡ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢ ᠪᠣᠯᠭᠠᠵᠤ᠂ ᠵᠢᠷᠤᠵᠦ ᠲᠥᠯᠥᠪᠯᠡᠨ ᠪᠠᠷᠢᠯᠭ᠎ᠠ ᠪᠠᠷᠢᠬᠤ᠂ ᠪᠠᠢᠴᠠᠭᠠᠨ ᠵᠠᠰᠠᠵᠤ ᠬᠠᠮᠠᠭᠠᠯᠠᠬᠤ᠂ ᠲᠦᠭᠰᠢᠭᠦᠷᠢ᠎ᠶᠢ ᠢᠯᠭᠠᠨ ᠲᠠᠨᠢᠬᠤ᠂ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ᠂ ᠬᠥᠮᠥᠷᠭᠡ᠎ᠶᠢ ᠪᠥᠭᠯᠡᠵᠦ ᠬᠥᠮᠥᠷᠭᠡ᠎ᠶᠢ ᠡᠪᠳᠡᠬᠦ ᠶ᠋ᠢ ᠰᠡᠷᠭᠡᠢᠯᠡᠨ ᠬᠣᠷᠢᠭ᠍ᠯᠠᠬᠤ ᠵᠡᠷᠭᠡ ᠳᠦᠷᠢᠮ᠎ᠦᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠠᠵᠢᠯ᠎ᠤᠨ ᠪᠠᠢᠷᠢ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠪᠦᠷᠢᠨᠰᠢᠭᠦᠯᠵᠦ᠂ ᠠᠵᠢᠯ ᠡᠷᠬᠢᠯᠡᠭᠰᠡᠳ᠎ᠦᠨ ᠠᠮᠤᠷ ᠲᠦᠪᠰᠢᠨ᠎ᠦ ᠬᠥᠮᠦᠵᠢᠯ ᠪᠣᠯᠪᠠᠰᠤᠷᠠᠯ᠎ᠢ ᠴᠢᠩᠭᠠᠳᠬᠠᠨ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠠᠵᠢᠯ᠎ᠤᠨ ᠪᠠᠢᠷᠢ᠎ᠳᠤ ᠨᠠᠢᠳᠠᠪᠤᠷᠢᠵᠢᠭᠤᠯᠵᠤ᠂ ᠠᠵᠢᠯᠲᠠᠨ᠎ᠳᠤ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃

ᠳᠠᠷᠠᠭᠠᠴᠢ᠎ᠶᠢᠨ ᠠᠯᠬᠤᠮ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠠᠭᠤᠷᠬᠠᠢ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ 《ᠲᠣᠭᠲᠠᠭᠠᠯ》᠎ᠢ ᠦᠨᠳᠦᠰᠦᠯᠡᠨ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠡᠷᠴᠢᠮ᠎ᠢᠶᠡᠨ ᠴᠢᠩᠭᠠᠳᠬᠠᠵᠤ᠂ ᠨᠡᠭᠦᠷᠡᠰᠦᠨ ᠠᠭᠤᠷᠬᠠᠢ᠎ᠶᠢᠨ ᠠᠵᠤ ᠠᠬᠤᠢᠯᠠᠯ᠎ᠢ ᠱᠠᠯᠠᠪᠳᠠᠭᠤᠯᠵᠤ ᠪᠠᠢᠭᠠᠳ ᠨᠡᠭᠦᠷᠡᠰᠦᠨ ᠬᠥᠮᠥᠷᠭᠡ᠎ᠶᠢᠨ ᠠᠶᠤᠯᠭᠦᠢ᠎ᠶᠢᠨ ᠬᠠᠮᠢᠶᠠᠷᠤᠯᠲᠠ ᠶ᠋ᠢᠨ ᠡᠯ᠎ᠡ ᠵᠦᠢᠯ᠎ᠦᠨ ᠱᠠᠭᠠᠷᠳᠠᠯᠭ᠎ᠠ᠎ᠶᠢ ᠵᠦᠢᠯ ᠳᠠᠷᠠᠭᠠᠯᠠᠨ ᠨᠠᠢᠳᠠᠪᠤᠷᠢᠵᠢᠭᠤᠯᠵᠤ᠂ ᠨᠡᠭᠦᠷᠡᠰᠦᠨ ᠬᠥᠮᠥᠷᠭᠡ᠎ᠶᠢᠨ ᠬᠦᠷᠢᠶᠡᠨ᠎ᠳᠡᠬᠢ ᠡᠯ᠎ᠡ ᠵᠦᠢᠯ᠎ᠦᠨ ᠬᠡᠮ ᠰᠤᠭᠤᠭ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠳᠦᠷᠢᠮ᠎ᠡᠴᠡ ᠵᠥᠷᠢᠴᠡᠨ ᠠᠵᠢᠯᠯᠠᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠬᠥᠮᠥᠷᠭᠡ᠎ᠶᠢᠨ ᠲᠥᠷᠥᠯ᠎ᠦᠨ ᠦᠢᠯᠡᠳᠪᠦᠷᠢᠯᠡᠯ᠎ᠦᠨ ᠡᠨᠳᠡᠯ ᠢ᠋ ᠡᠷᠡᠰ ᠰᠡᠷᠭᠡᠢᠯᠡᠨ᠂ ᠪᠥᠬᠥ ᠣᠷᠣᠨ᠎ᠤ ᠨᠡᠭᠦᠷᠡᠰᠦᠨ ᠠᠭᠤᠷᠬᠠᠢ᠎ᠶᠢᠨ ᠠᠶᠤᠯᠭᠦᠢ ᠦᠢᠯᠡᠳᠪᠦᠷᠢᠯᠡᠯ᠎ᠦᠨ ᠪᠠᠢᠳᠠᠯ ᠤ᠋ᠨ ᠦᠷᠭᠦᠯᠵᠢᠯᠡᠨ ᠲᠣᠭᠲᠠᠭᠤᠨ᠎ᠢᠶᠠᠷ ᠰᠠᠢᠵᠢᠷᠠᠬᠤ᠎ᠳᠤ ᠳᠦᠷᠢᠮ᠎ᠦᠨ ᠪᠠᠲᠤᠯᠠᠭ᠎ᠠ ᠬᠠᠩᠭᠠᠬᠤ ᠪᠤᠯᠤᠨ᠎ᠠ᠃

ᠢᠷᠡᠯᠳᠡ᠄ ᠳᠠᠯ᠎ᠠ ᠨᠤᠲᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面