ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-06 11:57:01

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠣᠶ᠋ᠢᠷ᠎ᠠ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠤᠰᠤᠨ ᠤ᠋ ᠠᠮᠤᠷ ᠲᠦᠪᠰᠢᠨ ᠢ᠋ ᠪᠠᠲᠤᠯᠠᠬᠤ ᠲᠥᠯᠥᠪᠵᠢᠭᠦᠯᠭᠡ》 (ᠳᠤᠤᠷ᠎ᠠ 《ᠲᠥᠯᠥᠪᠵᠢᠭᠦᠯᠭᠡ》 ᠭᠡᠵᠦ᠍ ᠲᠣᠪᠴᠢᠯᠠᠨ᠎ᠠ) ᠢ᠋ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ ᠤ᠋ᠨ ᠤᠰᠤᠨ ᠤ᠋ ᠡᠬᠢ ᠪᠠᠶᠠᠯᠢᠭ ᠲᠤ᠌ ᠰᠠᠭᠤᠷᠢᠯᠠᠭᠰᠠᠨ ᠱᠠᠲᠤ᠌ ᠦᠶ᠎ᠡ ᠢ᠋ᠢᠨ ᠶᠡᠷᠦᠩᠬᠡᠶ ᠱᠠᠭᠠᠷᠳᠠᠯᠭ᠎ᠠ᠂ ᠭᠣᠣᠯ ᠡᠭᠦᠷᠭᠡ ᠪᠣᠯᠤᠨ ᠪᠠᠲᠤᠯᠠᠭ᠎ᠠ ᠢ᠋ᠢᠨ ᠠᠷᠭ᠎ᠠ ᠬᠡᠮᠵᠢᠶ᠎ᠡ ᠢ᠋ᠢ ᠲᠣᠳᠣᠷᠬᠠᠶ᠋ᠢᠯᠠᠪᠠ᠃

《ᠲᠥᠯᠥᠪᠵᠢᠭᠦᠯᠭᠡ》 ᠳ᠋ᠤ᠂ 2030 ᠣᠨ ᠪᠤᠯᠲᠠᠯ᠎ᠠ ᠣᠳᠣᠬᠢᠴᠢᠯᠠᠭᠰᠠᠨ ᠤᠰᠤᠨ ᠤ᠋ ᠲᠤᠤᠷ ᠤ᠋ᠨ ᠪᠥᠲᠥᠭᠡᠨ ᠪᠠᠶ᠋ᠢᠭᠤᠯᠤᠯᠲᠠ ᠢ᠋ᠢ ᠪᠥᠬᠥ᠌ ᠲᠠᠯ᠎ᠠ ᠪᠡᠷ ᠲᠦᠷᠭᠡᠳᠬᠡᠨ᠂ ᠤᠰᠤᠨ ᠤ᠋ ᠠᠮᠤᠷ ᠲᠦᠪᠰᠢᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠪᠥᠬᠥ᠌ ᠲᠠᠯ᠎ᠠ ᠪᠡᠷ ᠳᠡᠭᠡᠭᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠶ᠋ᠢᠭᠡᠮ ᠤ᠋ᠨ ᠴᠢᠨᠠᠷ ᠰᠠᠶ᠋ᠢᠲᠠᠶ ᠬᠥᠭᠵᠢᠯᠲᠡ ᠯᠤᠬᠡ ᠵᠣᠬᠢᠴᠠᠭᠰᠠᠨ ᠤᠰᠤᠨ ᠤ᠋ ᠠᠮᠤᠷ ᠲᠦᠪᠰᠢᠨ ᠤ᠋ ᠪᠠᠲᠤᠯᠠᠭ᠎ᠠ ᠢ᠋ᠢᠨ ᠰᠢᠨ᠎ᠡ ᠪᠠᠶ᠋ᠢᠷᠢᠰᠢᠯ ᠢ᠋ ᠪᠠᠶ᠋ᠢᠭᠤᠯᠤᠨ᠎ᠠ; ᠦᠶᠡᠷ ᠢ᠋ ᠰᠡᠷᠭᠡᠶ᠋ᠢᠯᠡᠵᠦ᠍ ᠤᠰᠤᠲᠤᠯ ᠢ᠋ ᠵᠠᠯᠠᠬᠤ ᠴᠢᠳᠠᠪᠤᠷᠢ ᠢ᠋ᠢ ᠪᠦᠲᠦᠮᠵᠢᠲᠡᠶ ᠳᠡᠭᠡᠭᠰᠢᠯᠡᠭᠦᠯᠤᠨ᠂ ᠪᠣᠷᠣᠭᠠᠨ ᠤ᠋ ᠪᠠᠶ᠋ᠢᠳᠠᠯ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠣᠳᠣᠬᠢᠴᠢᠯᠠᠭᠰᠠᠨ ᠰᠢᠰᠲ᠋ᠧᠮ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠦᠶᠡᠷ ᠤᠰᠤᠳᠤᠯ ᠪᠠ ᠭᠠᠡᠭ ᠤ᠋ᠨ ᠭᠠᠮᠰᠢᠭ ᠢ᠋ ᠰᠡᠷᠭᠡᠶ᠋ᠢᠯᠡᠬᠦ᠌ ᠠᠵᠢᠯ ᠤ᠋ᠨ ᠰᠢᠰᠲ᠋ᠧᠮ ᠢ᠋ ᠪᠥᠬᠥ᠌ ᠲᠠᠯ᠎ᠠ ᠪᠡᠷ ᠪᠠᠶ᠋ᠢᠭᠤᠯᠤᠨ᠎ᠠ; ᠤᠰᠤᠨ ᠤ᠋ ᠡᠬᠢ ᠪᠠᠶᠠᠯᠢᠭ ᠤ᠋ᠨ ᠬᠠᠲᠠᠭᠤ ᠬᠢᠵᠠᠭᠠᠷᠯᠠᠯ ᠤ᠋ᠨ ᠲᠦᠷᠢᠮ ᠢ᠋ ᠭᠦᠨᠵᠡᠭᠡᠶ ᠨᠠᠶ᠋ᠢᠳᠠᠪᠤᠷᠢᠵᠢᠭᠤᠯᠤᠨ᠂ ᠤᠰᠤ ᠠᠷᠪᠢᠯᠠᠵᠤ ᠤᠰᠤ  ᠡᠵᠡᠮᠳᠡᠬᠦ᠌ ᠰᠢᠰᠲ᠋ᠧᠮ ᠢ᠋ ᠨᠠᠩ ᠲᠡᠭᠦᠯᠳᠡᠷᠵᠢᠭᠦᠯᠵᠦ᠍᠂ ᠤᠰᠤᠨ ᠤ᠋ ᠡᠬᠢ ᠪᠠᠶᠠᠯᠢᠭ ᠢ᠋ ᠠᠷᠪᠢᠴᠢ ᠭᠠᠮᠳᠠᠢ ᠡᠷᠴᠢᠮᠯᠢᠭ ᠠᠰᠢᠭᠯᠠᠬᠤ ᠲᠦᠪᠰᠢᠨ ᠢ᠋ ᠢᠯᠡᠳᠲᠡ ᠳᠡᠭᠡᠭᠰᠢᠯᠡᠭᠦᠯᠦᠨ᠎ᠡ; ᠣᠳᠣᠬᠢᠴᠢᠯᠠᠭᠰᠠᠨ ᠤᠰᠤᠨ ᠤ᠋ ᠲᠣᠣᠷ ᠤ᠋ᠨ ᠪᠦᠲᠦᠭᠡᠨ ᠪᠠᠶ᠋ᠢᠭᠤᠯᠤᠯᠲᠠ ᠢ᠋ᠢ ᠠᠬᠢᠭᠤᠯᠵᠤ᠂ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠢ᠋ᠢᠨ ᠪᠠᠶ᠋ᠢᠷᠢᠰᠢᠯ ᠢ᠋ ᠪᠦᠬᠦ᠌  ᠲᠠᠯ᠎ᠠ ᠪᠡᠷ  ᠰᠢᠯᠢᠳᠡᠭᠵᠢᠭᠦᠯᠤᠨ᠎ᠠ; ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠤᠰᠤ ᠨᠥᠬᠥᠪᠥᠷᠢᠯᠡᠬᠦ᠌᠎ᠠᠵᠢᠯ ᠢ᠋ ᠪᠦᠲᠦᠮᠵᠢᠲᠡᠶ ᠪᠠᠲᠤᠯᠠᠨ᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠣᠷᠴᠢᠨ ᠲᠣᠭᠣᠷᠢᠨ ᠢ᠋ ᠦᠷᠭᠦᠯᠵᠢᠯᠡᠨ ᠰᠠᠶ᠋ᠢᠵᠢᠷᠠᠭᠤᠯᠵᠤ᠂ ᠬᠥᠷᠥᠰᠥ᠍ ᠰᠢᠷᠣᠶ ᠢ᠋ᠢᠨ ᠬᠠᠮᠠᠭᠠᠯᠠᠯᠲᠠ ᠢ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠠ; ᠮᠠᠯᠵᠢᠬᠤ ᠲᠠᠷᠢᠶᠠᠯᠠᠬᠤ ᠣᠷᠣᠨ ᠤ᠋ ᠤᠰᠤ ᠬᠠᠩᠭᠠᠬᠤ ᠪᠠᠲᠤᠯᠠᠭ᠎ᠠ ᠢ᠋ᠢᠨ ᠪᠠᠷᠢᠮᠵᠢᠶ᠎ᠠ ᠢ᠋ᠢ ᠲᠥᠷᠥᠯ ᠬᠤᠪᠢᠶᠠᠨ ᠳᠡᠭᠡᠭᠰᠢᠯᠡᠭᠦᠯᠵᠦ᠍᠂ ᠤᠰᠤᠯᠠᠯᠲᠠ ᠢ᠋ᠢᠨ ᠣᠷᠣᠨ ᠤ᠋ ᠣᠳᠣᠬᠢᠴᠢᠯᠠᠯᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢ ᠯᠠᠪᠳᠠᠭᠤᠨ ᠢ᠋ᠢᠡᠷ ᠠᠬᠢᠭᠤᠯᠵᠤ᠂ ᠬᠥᠳᠡᠭᠡ ᠲᠣᠰᠬᠣᠨ ᠢ᠋ ᠪᠥᠬᠥ᠌ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠢ᠋ᠢᠨ ᠪᠠᠲᠤᠯᠠᠭ᠎ᠠ ᠢ᠋ᠢ ᠨᠠᠩ ᠪᠠᠲᠤ᠌ ᠪᠠᠬᠢ ᠪᠣᠯᠭᠠᠨ᠎ᠠ; ᠤᠰᠤᠨ ᠠᠰᠢᠭᠯᠠᠯᠲᠠ ᠢ᠋ᠢᠨ ᠲᠤᠭᠠᠴᠢᠯᠠᠯᠲᠠ ᠤᠶᠤᠨᠴᠢᠯᠠᠯᠳᠠ ᠵᠢᠨ ᠲᠦᠪᠰᠢᠨ ᠪᠤᠯᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠢ᠋ᠢ ᠡᠭᠦᠳᠬᠦ᠌ ᠴᠢᠳᠠᠪᠤᠷᠢ ᠢ᠋ᠢ ᠳᠡᠭᠡᠭᠰᠢᠯᠡᠭᠦᠯᠵᠦ᠍᠂ ᠤᠰᠤᠨ ᠤ᠋ ᠵᠠᠰᠠᠯᠲᠠ ᠢ᠋ᠢᠨ ᠪᠠᠶ᠋ᠢᠭᠤᠯᠤᠮᠵᠢ ᠲᠣᠭᠲᠠᠴᠠ ᠢ᠋ᠢᠨ ᠬᠠᠤᠯᠢᠵᠢᠯ ᠤ᠋ᠨ ᠰᠢᠰᠲ᠋ᠧᠮ ᠢ᠋ ᠨᠡᠩ ᠲᠡᠭᠦᠯᠳᠡᠷᠵᠢᠭᠦᠯᠦᠨ᠎ᠠ ᠭᠡᠵᠤ ᠳᠤᠷᠠᠳᠴᠠᠢ᠃

ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ ᠡᠭᠦᠷᠭᠡ ᠢ᠋ᠢᠨ ᠨᠠᠷᠢᠨ ᠲᠠᠩᠰᠠ ᠢ᠋ᠢ ᠨᠠᠷᠢᠯᠢᠬᠵᠢᠭᠤᠯᠤᠨ᠂ ᠡᠯ᠎ᠡ ᠲᠠᠯ᠎ᠠ ᠢ᠋ᠢᠨ ᠬᠠᠷᠢᠭᠤᠴᠠᠯᠭ᠎ᠠ ᠢ᠋ᠢ ᠴᠢᠩᠭᠠᠳᠬᠠᠨ ᠪᠣᠳᠠᠲᠠᠶ᠋ᠢᠵᠢᠭᠤᠯᠵᠤ᠂ ᠡᠯ᠎ᠡ  ᠵᠦᠢᠯ ᠤ᠋ᠨ ᠤᠰᠤᠨ ᠠᠰᠢᠭᠯᠠᠯᠲᠠ ᠢ᠋ᠢᠨ ᠭᠤᠤᠯᠳᠠᠯᠭ᠎ᠠ ᠲᠠᠢ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠲᠥᠯᠥᠪᠵᠢᠭᠦᠯᠭᠡ》 ᠢ᠋ᠢ ᠪᠣᠳᠠᠲᠠᠶ᠋ᠢᠵᠢᠭᠤᠯᠤᠨ ᠨᠠᠷᠢᠯᠢᠬᠵᠢᠭᠤᠯᠬᠤ ᠢ᠋ᠢ ᠠᠬᠢᠭᠤᠯᠵᠤ᠂ ᠪᠦᠬᠦ ᠤᠷᠤᠨ ᠤ᠋ ᠤᠰᠤᠨ ᠤ᠋ ᠠᠮᠤᠷ ᠲᠦᠪᠰᠢᠨ ᠤ᠋ ᠪᠠᠲᠤᠯᠠᠭ᠎ᠠ ᠢ᠋ᠢᠨ ᠶᠡᠷᠦᠩᠬᠡᠶ᠋ᠢᠯᠡᠭᠰᠡᠨ ᠴᠢᠳᠠᠪᠤᠷᠢ ᠢ᠋ᠢ ᠦᠨᠡᠨ ᠬᠦ᠌ ᠦᠷᠭᠦᠯᠵᠢᠯᠡᠨ ᠳᠡᠭᠡᠭᠰᠢᠯᠡᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面