ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-06 17:00:02

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

《〈ᠦᠪᠦᠷ ᠮᠤᠨᠭᠭᠤᠯ ᠨᠡᠷᠡᠮᠵᠢᠲᠦ〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ — ᠰᠢᠷᠠᠬᠰᠠᠨ ᠬᠤᠨᠢᠨ ᠬᠠᠪᠢᠷᠭ᠎ᠠ 》 ᠵᠡᠷᠭᠡ 4 ᠵᠦᠢᠯ ᠤ᠋ᠨ ᠪᠦᠯᠬᠦᠮ ᠤ᠋ᠨ ᠪᠠᠷᠢᠮᠵᠢᠶ᠎ᠠ ᠵᠢ ᠬᠢᠨᠠᠨ ᠪᠠᠶ᠋ᠢᠴᠠᠭᠠᠬᠤ ᠬᠤᠷᠠᠯ ᠲᠦᠷᠦᠭᠦᠬᠡᠨ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠳ᠋ᠤ ᠶᠠᠪᠤᠬᠳᠠᠵᠤ᠂ ᠡᠯ᠎ᠠ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠶᠡᠬᠡ ᠳᠡᠭᠡᠳᠦ ᠰᠤᠷᠭᠠᠭᠤᠯᠢ᠂ ᠰᠢᠯᠭᠠᠨ ᠪᠠᠶ᠋ᠢᠴᠠᠭᠠᠬᠤ ᠬᠢᠨᠠᠨ ᠬᠡᠮᠵᠢᠬᠦ ᠪᠠᠢᠭᠤᠯᠤᠮᠵᠢ᠂ ᠭᠡᠷᠡᠴᠢᠯᠡᠯ ᠵᠥᠪᠰᠢᠶᠡᠷᠡᠯ ᠤ᠋ᠨ ᠪᠠᠢᠭᠤᠯᠤᠮᠵᠢ᠂ ᠠᠵᠢᠯ ᠲᠥᠷᠦᠯ ᠤ᠋ᠨ ᠨᠡᠶ᠋ᠢᠭᠡᠮᠯᠢᠭ ᠵᠢᠴᠢ ᠠᠵᠤ ᠠᠬᠤᠶ᠋ᠢᠯᠠᠯ ᠤ᠋ᠨ ᠲᠤᠰᠭᠠᠢ ᠮᠡᠷᠭᠡᠵᠢᠯᠲᠡᠨ ᠬᠢᠭᠡᠳ ᠪᠠᠷᠢᠮᠵᠢᠶ᠎ᠠ ᠵᠢ ᠲᠤᠭᠤᠷᠪᠢᠭᠰᠠᠨ ᠳᠤᠭᠤᠶ᠋ᠢᠯᠠᠩ ᠤ᠋ᠨ ᠬᠢᠨ ᠬᠤᠷᠠᠯ ᠳ᠋ᠤ ᠣᠷᠤᠯᠴᠠᠵᠠᠢ᠃

ᠬᠤᠷᠠᠯ ᠳᠡᠭᠡᠷ᠎ᠡ᠂ ᠪᠠᠷᠢᠮᠵᠢᠶ᠎ᠠ ᠶ᠋ᠢ ᠲᠤᠭᠤᠷᠪᠢᠭᠰᠠᠨ ᠳᠤᠭᠤᠶ᠋ᠢᠯᠠᠩ ᠤ᠋ᠨ ᠬᠢᠨ ᠪᠠᠷᠢᠮᠵᠢᠶ᠎ᠠ ᠵᠢ ᠲᠤᠭᠳᠠᠭᠠᠭᠰᠠᠨ ᠠᠬᠤᠢ ᠪᠠᠶ᠋ᠢᠳᠠᠯ᠂ ᠪᠠᠶ᠋ᠢᠴᠠᠭᠠᠨ ᠰᠤᠳᠤᠯᠤᠭᠰᠠᠨ ᠪᠠᠶ᠋ᠢᠳᠠᠯ᠂ ᠭᠤᠤᠯᠯᠠᠬᠤ ᠮᠡᠷᠭᠡᠵᠢᠯ ᠤ᠋ᠨ ᠠᠭᠤᠯᠭ᠎ᠠ ᠵᠢᠴᠢ ᠨᠠᠶ᠋ᠢᠷᠠᠭᠤᠯᠤᠨ ᠲᠤᠭᠤᠷᠪᠢᠭᠰᠠᠨ ᠪᠠᠢᠳᠠᠯ ᠤ᠋ᠨ ᠲᠣᠳᠤᠷᠬᠠᠶ᠋ᠢᠯᠠᠯᠲᠠ ᠵᠡᠷᠭᠡ ᠵᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠢᠨᠠᠨ ᠪᠠᠶ᠋ᠢᠴᠠᠭᠠᠬᠤ ᠲᠤᠰᠭᠠᠢ ᠮᠡᠷᠭᠡᠵᠢᠯᠲᠡᠨ ᠤ᠋ ᠳᠤᠭᠤᠶ᠋ᠢᠯᠠᠩ ᠤ᠋ᠨ ᠬᠢᠨ ᠪᠠᠷᠢᠮᠵᠢᠶ᠎ᠠ ᠵᠢᠨ ᠬᠢᠨᠠᠭᠤᠯᠬᠤ ᠡᠬᠡ ᠨᠤᠤᠷᠠᠭ ᠵᠢᠴᠢ ᠭᠡᠷᠡᠴᠢᠯᠡᠬᠦ᠌ ᠮᠠᠲᠧᠷᠢᠶᠠᠯ ᠢ᠋ ᠬᠢᠨᠠᠨ ᠦᠵᠡᠵᠦ᠍᠂ ᠨᠠᠶ᠋ᠢᠷᠠᠭᠤᠯᠤᠨ ᠪᠢᠴᠢᠭᠰᠡᠨ ᠬᠡᠯᠪᠡᠷᠢ᠂ ᠮᠡᠷᠭᠡᠵᠢᠯ ᠤ᠋ᠨ ᠭᠦᠢᠴᠡᠳᠬᠡᠯ ᠲᠤᠭ᠎ᠠ ᠶ᠋ᠢᠨ ᠰᠢᠨᠵᠢᠯᠡᠬᠦ᠌ ᠤᠬᠠᠭᠠᠨᠴᠢ ᠴᠢᠨᠠᠷ᠂ ᠪᠠᠶ᠋ᠢᠴᠠᠭᠠᠨ ᠰᠢᠯᠭᠠᠬᠤ ᠠᠷᠭ᠎ᠠ᠂ ᠭᠡᠷᠡᠴᠢᠯᠡᠯ ᠤ᠋ᠨ ᠵᠦᠢᠯ ᠵᠤᠷᠪᠤᠰ ᠤ᠋ᠨ ᠬᠡᠷᠡᠭᠵᠢᠭᠦᠯᠵᠦ᠍ ᠪᠣᠯᠬᠤᠶ᠋ᠢᠴᠠ ᠴᠢᠨᠠᠷ ᠵᠡᠷᠭᠡ ᠲᠠᠯ᠎ᠠ ᠪᠡᠷ ᠨᠢᠭᠡᠳ ᠨᠢᠭᠡ ᠪᠡᠷ ᠰᠤᠳᠤᠯᠤᠨ ᠶᠠᠷᠢᠯᠴᠠᠵᠤ᠂ ᠪᠠᠷᠢᠮᠵᠢᠶ᠎ᠠ ᠲᠤᠭᠤᠷᠪᠢᠬᠤ ᠳᠤᠭᠤᠶ᠋ᠢᠯᠠᠩ ᠤ᠋ᠨ ᠬᠢᠨ ᠬᠠᠮᠢᠶ᠎ᠠ ᠪᠦᠬᠦᠢ ᠠᠰᠠᠭᠤᠳᠠᠯ ᠤ᠋ᠨ ᠲᠤᠬᠠᠢ ᠲᠤᠰᠬᠠᠢ ᠮᠡᠷᠭᠡᠵᠢᠯᠳᠡᠨ ᠤ᠋ ᠠᠰᠠᠭᠤᠯᠳᠠ ᠶ᠋ᠢ ᠬᠠᠷᠢᠭᠤᠯᠪᠠ᠃

ᠬᠢᠨᠠᠨ ᠲᠣᠭᠲᠠᠭᠠᠬᠤ ᠪᠡᠷ ᠳᠡᠮᠵᠢᠨ ᠲᠤᠰᠭᠠᠢ ᠮᠡᠷᠭᠡᠵᠢᠯᠲᠡᠨ ᠤ᠋ ᠳᠤᠭᠤᠶ᠋ᠢᠯᠠᠩ ᠡᠴᠡ ᠲᠣᠰ ᠪᠦᠯᠦᠭ ᠤ᠋ᠨ ᠪᠠᠷᠢᠮᠵᠢᠶ᠎ᠠ ᠶ᠋ᠢᠨ ᠡᠭᠦᠷᠭᠡ ᠶ᠋ᠢᠨ ᠢᠷᠡᠯᠲᠡ ᠨᠢ ᠲᠣᠳᠤᠷᠬᠠᠢ᠂ ᠪᠠᠶ᠋ᠢᠴᠠᠭᠠᠨ ᠰᠤᠳᠤᠯᠤᠯᠲᠠ ᠨᠢ ᠯᠠᠪᠳᠠᠭᠤᠨ ᠪᠠᠲᠤᠲᠠᠢ᠂ ᠶᠠᠪᠤᠴᠠ ᠨᠢ ᠲᠣᠭᠲᠠᠭᠠᠯ ᠳ᠋ᠤ ᠨᠡᠶ᠋ᠢᠴᠡᠵᠦ᠂ ᠨᠠᠢᠷᠠᠭᠤᠯᠤᠨ ᠪᠢᠴᠢᠭᠰᠡᠨ ᠨᠢ ᠵᠢᠷᠤᠮᠵᠢᠭᠤᠨ ᠪᠠᠶ᠋ᠢᠵᠤ᠂ ᠤᠯᠤᠰ ᠤ᠋ᠨ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠠᠯᠪᠠᠳᠠᠯᠭ᠎ᠠ ᠶ᠋ᠢᠨ ᠴᠢᠨᠠᠷᠲᠠᠢ ᠪᠠᠷᠢᠮᠵᠢᠶ᠎ᠠ ᠶ᠋ᠢᠨ ᠱᠠᠭᠠᠷᠳᠠᠯᠭ᠎ᠠ ᠳ᠋ᠤ ᠨᠡᠶ᠋ᠢᠴᠡᠨ᠎ᠡ ᠭᠡᠵᠦ ᠦᠵᠡᠵᠡᠭᠡᠨ᠂ 《〈ᠦᠪᠦᠷ ᠮᠤᠨᠭᠭᠤᠯ ᠨᠡᠷᠡᠮᠵᠢᠲᠦ〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ — ᠰᠢᠷᠠᠬᠰᠠᠨ ᠪᠦᠬᠦᠯᠢ ᠬᠤᠨᠢ》᠂  《〈ᠦᠪᠦᠷ ᠮᠤᠨᠭᠭᠤᠯ ᠨᠡᠷᠡᠮᠵᠢᠲᠦ 〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ — ᠰᠢᠷᠠᠬᠰᠠᠨ ᠬᠤᠨᠢᠨ ᠬᠠᠪᠢᠷᠭ᠎ᠠ》᠂ 《〈 ᠦᠪᠦᠷ ᠮᠤᠨᠭᠭᠤᠯ ᠨᠡᠷᠡᠮᠵᠢᠲᠦ〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ  —  ᠰᠢᠷᠠᠬᠰᠠᠨ ᠬᠤᠨᠢᠨ ᠭᠤᠶ᠎ᠠ》᠂ 《〈 ᠦᠪᠦᠷ ᠮᠤᠨᠭᠭᠤᠯ ᠨᠡᠷᠡᠮᠵᠢᠲᠦ 〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ — ᠬᠤᠨᠢᠨ ᠤ᠋ ᠲᠠᠪᠤᠨ ᠴᠤᠯᠤ ᠵᠢᠨ ᠮᠢᠬ᠎ᠠ》 ᠵᠡᠷᠭᠡ 4 ᠲᠦᠷᠦᠯ ᠤ᠋ᠨ ᠪᠦᠯᠬᠦᠮ ᠤ᠋ᠨ ᠪᠠᠷᠢᠮᠵᠢᠶ᠎ᠠ ᠶ᠋ᠢᠨ ᠬᠢᠨᠠᠨ ᠪᠠᠢᠴᠠᠭᠠᠯᠲᠠ ᠵᠢ ᠦᠨᠭᠭᠡᠷᠡᠭᠦᠯᠬᠦ ᠪᠡᠷ ᠰᠠᠨᠠᠯ ᠨᠢᠭᠡᠲᠡᠢ ᠵᠦᠪᠰᠢᠶᠡᠷᠡᠪᠡ᠃

ᠳᠡᠭᠡᠷ᠎ᠠ ᠳᠤᠷᠠᠳᠤᠭᠰᠠᠨ ᠰᠢᠷᠠᠬᠰᠠᠨ ᠬᠤᠨᠢᠨ ᠬᠠᠪᠢᠷᠭ᠎ᠠ ᠵᠡᠷᠭᠡ ᠰᠢᠷᠢᠰ ᠪᠦᠲᠦᠭᠡᠭᠳᠡᠬᠦᠨ ᠪᠣᠯ ᠥᠪᠦᠷ ᠮᠣᠩᠭᠤᠯ ᠤ᠋ᠨ ᠲᠠᠯ᠎ᠠ ᠨᠤᠲᠤᠭ ᠤ᠋ᠨ ᠣᠨᠴᠠᠯᠢᠭᠲᠤ᠌ ᠠᠮᠲᠠᠲᠤ᠌ ᠢᠳᠡᠭᠡᠨ ᠪᠣᠯᠤᠨ᠎ᠠ ᠃ ᠲᠣᠰ ᠤᠳᠠᠭ᠎ᠠ ᠶ᠋ᠢᠨ ᠬᠠᠮᠤᠭ ᠤ᠋ᠨ ᠰᠢᠨ᠎ᠠ ᠪᠠᠷᠢᠮᠵᠢᠶ᠎ᠠ ᠵᠢ ᠨᠡᠶ᠋ᠢᠲᠡᠯᠡᠨ ᠬᠡᠷᠡᠭᠵᠢᠭᠦᠯᠦᠭᠰᠡᠨ ᠤ᠋ ᠳᠠᠷᠠᠭ᠎ᠠ ᠂ ᠬᠠᠮᠢᠶ᠎ᠠ ᠪᠥᠬᠦᠢ ᠪᠦᠲᠦᠭᠡᠭᠳᠡᠬᠦᠨ ᠤ᠋ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠢ᠋ ᠥᠷᠨᠢᠭᠦᠯᠬᠦ ᠳ᠋ᠤ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠵᠤ᠂ ᠲᠦᠭᠦᠬᠡᠢ ᠮᠠᠲᠧᠷᠢᠶᠠᠯ ᠢ᠋ ᠰᠣᠩᠭᠤᠬᠤ ᠂ ᠪᠣᠯᠪᠠᠰᠤᠷᠠᠭᠤᠯᠤᠨ ᠦᠢᠯᠡᠳᠬᠦ᠌ ᠵᠢᠴᠢ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠌ ᠪᠥᠬᠦ᠌ ᠶᠠᠪᠤᠴᠠ ᠵᠢ ᠵᠢᠷᠤᠮᠵᠢᠭᠤᠯᠵᠤ ᠂ ᠪᠠᠷᠢᠮᠵᠢᠶ᠎ᠠ ᠪᠡᠷ ᠤᠯᠠᠮᠵᠢᠯᠠᠯᠲᠤ᠌ ᠠᠮᠲᠠᠲᠤ᠌ ᠢᠳᠡᠭᠡᠨ ᠤ᠋ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠲᠠᠰ ᠳᠡᠪᠰᠢᠭᠦᠯᠬᠦ ᠳ᠋ᠤ ᠡᠨ᠋ᠸᠷᠬᠢ ᠤᠯᠭᠤᠨ᠂ ᠣᠷᠤᠨ ᠪᠦᠰᠡ ᠶ᠋ᠢᠨ ᠣᠨᠴᠠᠯᠢᠭᠲᠤ᠌ ᠪᠦᠲᠦᠭᠡᠭᠳᠡᠬᠦᠨ ᠤ᠋ ᠲᠥᠷᠦᠯ ᠲᠡᠮᠳᠡᠭ ᠤ᠋ᠨ ᠦᠨ᠎ᠡ ᠥᠷᠲᠡᠭ ᠢ᠋ ᠳᠡᠭᠡᠭᠰᠢᠯᠡᠭᠦᠯᠬᠦ ᠳ᠋ᠤ ᠬᠦᠴᠦᠨ ᠨᠡᠮᠡᠷᠢᠯᠡᠵᠦ᠍᠂《ᠰᠠᠢᠨ ᠪᠦᠲᠦᠭᠡᠭᠳᠡᠬᠦᠨ ᠢ᠋ ᠰᠠᠢᠨ ᠦᠨ᠎ᠡ ᠳ᠋ᠤ ᠬᠦᠷᠭᠡᠬᠦ》 ᠵᠢ ᠠᠬᠢᠭᠤᠯᠤᠨ ᠂ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠳᠡᠭ ᠤ᠋ᠨ ᠨᠥᠯᠦᠭᠡᠯᠡᠬᠦ᠌ ᠬᠦᠴᠦᠨ ᠢ᠋ ᠥᠷᠭᠡᠳᠬᠡᠵᠦ᠍᠂ ᠣᠨᠴᠠᠯᠢᠭᠲᠤ᠌ ᠠᠵᠤ ᠠᠬᠤᠢ ᠶ᠋ᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳ᠋ᠤ ᠤᠨᠴᠠᠭᠠᠢ ᠠᠴᠢ ᠬᠤᠯᠪᠤᠭᠳᠠᠯ ᠲᠠᠢ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面