2026-11-07 16:44:42
ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠮᠡᠳᠡᠭᠡ ᠵᠢ ᠦᠨᠳᠦᠰᠦᠯᠡᠪᠡᠯ ᠂ ᠲᠦᠷᠦᠭᠦᠬᠡᠨ 《〈 ᠦᠪᠦᠷ ᠮᠤᠨᠭᠭᠤᠯ ᠨᠡᠷᠡᠮᠵᠢᠲᠦ〉 ᠲᠦᠷᠦᠯ ᠲᠡᠮᠳᠡᠭ ᠤ᠋ᠨ ᠪᠦᠲᠦᠭᠡᠭᠳᠡᠬᠦᠨ ᠤ᠋ ᠭᠡᠷᠡᠴᠢᠯᠡᠯ ᠤ᠋ᠨ ᠱᠠᠭᠠᠷᠳᠠᠯᠭ᠎ᠠ — ᠡᠮᠦᠨᠡᠲᠦ ᠠᠮᠸᠷᠢᠺᠠ ᠶ᠋ᠢᠨ ᠴᠠᠭᠠᠨ ᠰᠠᠮ ᠬᠤᠷᠤᠬᠠᠢ》 ᠶ᠋ᠢᠨ ᠪᠦᠯᠬᠦᠮ ᠤ᠋ᠨ ᠪᠠᠷᠢᠮᠵᠢᠶ᠎ᠠ ᠨᠢ ᠲᠤᠰᠭᠠᠢ ᠮᠡᠷᠭᠡᠵᠢᠯᠲᠡᠨ ᠤ᠋ ᠬᠢᠨᠠᠨ ᠪᠠᠢᠴᠠᠭᠠᠯᠲᠠ ᠵᠢ ᠦᠨᠭᠭᠡᠷᠡᠭᠦᠯᠵᠦ᠂ ᠮᠠᠨ ᠤ᠋ ᠣᠷᠤᠨ ᠤ᠋ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠤ᠋ᠨ ᠰᠢᠰᠲᠧᠮ ᠤ᠋ᠨ ᠤᠰᠤᠨ ᠭᠠᠷᠤᠯᠲᠠ ᠶ᠋ᠢᠨ ᠲᠥᠷᠦᠯ ᠤ᠋ᠨ ᠬᠤᠭᠤᠰᠤᠨ ᠢ᠋ ᠨᠥᠬᠦᠪᠦᠷᠢᠯᠡᠵᠦ᠍᠂ ᠤᠰᠤᠨ ᠭᠠᠷᠤᠯᠲᠠ ᠶ᠋ᠢᠨ ᠲᠥᠷᠦᠯ ᠤ᠋ᠨ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠤ᠋ᠨ ᠠᠩᠬᠠᠨ ᠤ᠋ ᠪᠠᠷᠢᠮᠵᠢᠶ᠎ᠠ ᠪᠣᠯᠪᠠ᠃
ᠲᠣᠰ ᠪᠦᠯᠬᠦᠮ ᠤ᠋ᠨ ᠪᠠᠷᠢᠮᠵᠢᠶ᠎ᠠ ᠬᠢᠨᠠᠨ ᠪᠠᠢᠴᠠᠭᠠᠯᠳᠠ ᠶ᠋ᠢ ᠦᠩᠭᠡᠷᠡᠭᠦᠯᠦᠭᠰᠡᠨ ᠨᠢ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠤ᠋ᠨ ᠬᠡᠪᠴᠢᠶ᠎ᠡ ᠵᠢ ᠤᠯᠠᠮᠵᠢᠯᠠᠯᠲᠤ᠌ ᠰᠦ ᠮᠢᠬ᠎ᠠ᠂ ᠠᠮᠤ ᠲᠣᠰᠤ ᠵᠡᠷᠭᠡ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠡᠴᠡ ᠤᠰᠤᠨ ᠭᠠᠷᠤᠯᠲᠠ ᠶ᠋ᠢᠨ ᠰᠢᠨ᠎ᠡ ᠰᠣᠷᠭᠤᠭ ᠪᠦᠲᠦᠭᠡᠭᠳᠡᠬᠦᠨ ᠳᠡᠢᠰᠢ ᠤᠷᠲᠤᠳᠭᠠᠵᠤ᠂ ᠥᠪᠦᠷ ᠮᠣᠩᠭᠤᠯ ᠤ᠋ᠨ ᠪᠤᠰᠤᠳ ᠵᠦᠢᠯ ᠤ᠋ᠨ ᠣᠨᠴᠠᠯᠢᠭᠲᠤ᠌ ᠤᠰᠤᠨ ᠭᠠᠷᠤᠯᠲᠠ ᠶ᠋ᠢᠨ ᠪᠦᠲᠦᠭᠡᠭᠳᠡᠬᠦᠨ ᠤ᠋ ᠭᠡᠷᠡᠴᠢᠯᠡᠯ ᠬᠢᠯᠭᠡᠬᠦ ᠪᠡᠷ ᠡᠷᠡᠮᠡᠯᠵᠡᠬᠦ ᠳ᠋ᠤ ᠯᠠᠪᠯᠠᠯᠲᠠ ᠬᠠᠨᠭᠭᠠᠪᠠ ᠃ ᠡᠭᠦᠨ ᠤ᠋ ᠬᠠᠮᠲᠤ᠌᠂ ᠲᠣᠰ ᠪᠠᠷᠢᠮᠵᠢᠶ᠎ᠠ ᠨᠢ ᠲᠡᠵᠢᠭᠡᠨ ᠦᠷᠡᠵᠢᠭᠦᠯᠬᠦ᠌ ᠦᠢᠯᠡᠰ ᠤ᠋ᠨ ᠪᠥᠬᠦ᠌ ᠬᠡᠯᠬᠢᠶ᠎ᠡ ᠶ᠋ᠢᠨ ᠵᠢᠷᠤᠮᠵᠢᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠵᠢᠷᠠᠭᠠᠬᠠᠢ ᠶ᠋ᠢ ᠨᠢ ᠴᠡᠩᠬᠡᠭ ᠤᠰᠤᠨ ᠳ᠋ᠤ ᠳᠠᠰᠬᠠᠬᠤ ᠂ ᠬᠦᠯᠡᠮᠵᠢ ᠳ᠋ᠤ ᠵᠢᠷᠠᠭᠠᠬᠠᠢ ᠶ᠋ᠢ ᠪᠤᠢᠵᠢᠭᠤᠯᠤᠨ ᠳᠠᠳᠠᠭᠠᠯ ᠳ᠋ᠤ ᠰᠠᠮ ᠲᠡᠵᠢᠭᠡᠬᠦ᠂ ᠪᠤᠬᠢᠷ ᠤᠰᠤ ᠶ᠋ᠢ ᠰᠢᠢᠳᠪᠤᠷᠢᠯᠡᠬᠦ ᠵᠡᠷᠭᠡ ᠵᠠᠩᠬᠢᠯᠠᠭ᠎ᠠ ᠶ᠋ᠢᠨ ᠮᠡᠷᠭᠡᠵᠢᠯ ᠢ᠋ ᠲᠦᠭᠡᠮᠡᠯᠵᠢᠭᠦᠯᠤᠨ ᠬᠡᠷᠡᠭᠯᠡᠬᠦ ᠶ᠋ᠢ ᠠᠬᠢᠭᠤᠯᠤᠨ᠂ ᠤᠰᠤᠨ ᠭᠠᠷᠤᠯᠲᠠ ᠶ᠋ᠢ ᠲᠡᠵᠢᠭᠡᠨ ᠦᠷᠡᠵᠢᠭᠦᠯᠬᠦ ᠨᠢ ᠲᠠᠷᠠᠬᠠᠢ ᠪᠤᠲᠠᠷᠬᠠᠢ᠂ ᠬᠡᠪᠴᠢᠶ᠎ᠡ ᠨᠢ ᠪᠠᠭ᠎ᠠ᠂ ᠪᠠᠷᠢᠮᠵᠢᠶ᠎ᠠ ᠨᠢ ᠨᠢᠭᠡᠲᠦᠯᠦᠭᠡᠢ ᠵᠡᠷᠭᠡ ᠬᠥᠭᠵᠢᠯᠲᠡ ᠶ᠋ᠢᠨ ᠬᠦᠴᠢᠷ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠵᠦ᠍᠂《ᠰᠠᠢᠨ ᠪᠦᠲᠦᠭᠡᠭᠳᠡᠬᠦᠨ ᠢ᠋ ᠰᠠᠢᠨ ᠦᠨ᠎ᠡ ᠳ᠋ᠤ ᠬᠦᠷᠭᠡᠬᠦ》 ᠵᠢ ᠠᠬᠢᠭᠤᠯᠬᠤ ᠪᠤᠯᠤᠨ᠎ᠠ᠃
ᠣᠶ᠋ᠢᠷ᠎ᠠ ᠶ᠋ᠢᠨ ᠵᠢᠯ ᠡᠴᠡ ᠨᠠᠭᠠᠰᠢ᠂ ᠬᠠᠲᠤᠨ ᠭᠤᠤᠯ ᠤ᠋ᠨ 《ᠶᠡᠬᠡ ᠲᠤᠬᠤᠢ》 ᠤᠷᠤᠨ ᠤ᠋ ᠥᠪᠡᠷᠮᠢᠴᠡ ᠬᠤᠵᠢᠷᠯᠢᠭ ᠤᠰᠤ ᠰᠢᠷᠤᠢ ᠶ᠋ᠢᠨ ᠡᠬᠢ ᠪᠠᠶᠠᠯᠢᠭ ᠲᠦ᠍ ᠲᠦᠰᠢᠭᠯᠡᠨ᠂ ᠬᠥᠬᠡᠬᠤᠲᠠ᠂ ᠪᠤᠭᠤᠲᠤ᠌᠂ ᠣᠷᠳᠤᠰ ᠵᠡᠷᠭᠡ ᠬᠠᠲᠤᠨ ᠭᠤᠤᠯ ᠳᠠᠭᠠᠤ ᠶ᠋ᠢᠨ ᠬᠤᠳᠠ ᠨᠤᠭᠤᠳ ᠭᠠᠵᠠᠷ ᠣᠷᠤᠨ ᠤ᠋ ᠪᠤᠳᠠᠳᠤ ᠪᠠᠶ᠋ᠢᠳᠠᠯ ᠳ᠋ᠠᠭᠠᠨ ᠳᠣᠭᠢᠷᠠᠭᠤᠯᠤᠨ ᠡᠮᠦᠨᠡᠲᠦ ᠠᠮᠸᠷᠢᠺᠠ ᠶ᠋ᠢᠨ ᠴᠠᠭᠠᠨ ᠰᠠᠮ ᠬᠤᠷᠤᠬᠠᠢ ᠶ᠋ᠢ ᠲᠡᠵᠢᠭᠡᠨ ᠦᠷᠡᠵᠢᠭᠦᠯᠬᠦ ᠦᠢᠯᠡᠰ ᠢ᠋ ᠬᠥᠭᠵᠢᠭᠦᠯᠵᠦ᠍᠂《ᠵᠢᠭᠠᠰᠤ ᠵᠢᠷᠠᠭᠠᠬᠠᠢ ᠪᠡᠷ ᠬᠤᠵᠢᠷᠯᠢᠭ ᠭᠠᠵᠠᠷ ᠢ᠋ ᠰᠠᠶ᠋ᠢᠵᠢᠷᠠᠭᠤᠯᠵᠤ᠂ ᠵᠢᠭᠠᠰᠤᠨ ᠠᠵᠤ ᠠᠬᠤᠢ ᠪᠠ ᠲᠠᠷᠢᠶᠠᠯᠠᠩ ᠢ᠋ ᠬᠠᠮᠲᠤ᠌ ᠪᠡᠷ ᠬᠦᠭᠵᠢᠭᠦᠯᠬᠦ》 ᠠᠮᠢ ᠠᠬᠤᠢ ᠶ᠋ᠢᠨ ᠠᠷᠠᠳ ᠢ᠋ ᠪᠠᠶᠠᠵᠢᠭᠤᠯᠬᠤ ᠰᠢᠨ᠎ᠡ ᠠᠷᠭ᠎ᠠ ᠵᠠᠮ ᠢ᠋ ᠰᠦᠪᠡᠭᠴᠢᠯᠡᠨ ᠨᠡᠭᠡᠭᠡᠵᠠᠢ᠃ 2025 ᠣᠨ ᠳ᠋ᠤ᠂ ᠥᠪᠦᠷ ᠮᠣᠩᠭᠤᠯ ᠤ᠋ᠨ ᠡᠮᠦᠨᠡᠲᠦ᠍ ᠠᠮᠧᠷᠢᠺᠠ ᠶ᠋ᠢᠨ ᠴᠠᠭᠠᠨ ᠰᠠᠮ ᠬᠣᠷᠤᠬᠠᠢ ᠶ᠋ᠢ ᠲᠡᠵᠢᠭᠡᠨ ᠦᠷᠡᠵᠢᠭᠦᠯᠦᠭᠰᠡᠨ ᠲᠠᠯᠠᠪᠠᠢ 1.5 ᠲᠦᠮᠡᠨ ᠮᠦ᠍ᠳᠦ ᠬᠦᠷᠴᠦ᠍᠂ ᠭᠠᠷᠤᠯᠲᠠ ᠨᠢ 1389 ᠲᠣᠨ ᠳ᠋ᠤ ᠬᠦᠷᠴᠦ᠍᠂ ᠳᠡᠭᠡᠷ᠎ᠡ ᠵᠢᠯ ᠤ᠋ᠨ ᠬᠢ ᠡᠴᠡ ᠪᠠᠨ 25.7% ᠪᠡᠷ ᠨᠡᠮᠡᠭᠳᠡᠪᠡ᠃ ᠡᠯ᠎ᠡ ᠭᠠᠵᠠᠷ ᠤ᠋ᠨ ᠬᠢᠨ ᠤᠯᠠᠨ ᠪᠦᠯᠦᠭ ᠤᠳᠠᠭ᠎ᠠ ᠶ᠋ᠢᠨ᠂ ᠪᠣᠰᠤᠭ᠎ᠠ ᠴᠣᠭᠴᠠᠲᠤ ᠲᠡᠵᠢᠭᠡᠨ ᠦᠷᠡᠵᠢᠭᠦᠯᠬᠦ᠌ ᠵᠠᠭᠪᠤᠷ ᠢ᠋ᠶ᠋ᠡᠷ ᠦᠢᠯᠡᠳᠪᠦᠷᠢᠯᠡᠯ ᠤ᠋ᠨ ᠴᠢᠳᠠᠪᠤᠷᠢ ᠪᠠᠨ ᠳᠡᠭᠡᠭᠰᠢᠯᠡᠭᠦᠯᠤᠨ᠂ ᠮᠦ᠍ ᠨᠢᠭᠡᠴᠢ ᠶ᠋ᠢᠨ ᠠᠰᠢᠭ ᠣᠷᠤᠯᠭ᠎ᠠ ᠵᠢ ᠶᠡᠭᠡ ᠪᠡᠷ ᠳᠡᠭᠡᠭᠰᠢᠯᠡᠭᠦᠯᠵᠤ᠂ ᠲᠡᠵᠢᠭᠡᠨ ᠦᠷᠡᠵᠢᠭᠦᠯᠬᠦ᠌ ᠡᠷᠦᠬᠡ ᠶ᠋ᠢᠨ ᠣᠷᠤᠯᠭ᠎ᠠ ᠪᠠᠨ ᠲᠣᠭᠲᠠᠭᠤᠨ ᠢ᠋ᠶ᠋ᠡᠷ ᠨᠡᠮᠡᠭᠳᠡᠭᠦᠯᠬᠦ ᠵᠢ ᠳᠠᠶ᠋ᠢᠴᠢᠯᠠᠪᠠ᠃ ᠦᠪᠦᠷ ᠮᠤᠩᠭᠤᠯ ᠤ᠋ᠨ ᠬᠠᠲᠤᠨ ᠭᠤᠤᠯ ᠤ᠋ᠨ ᠬᠤᠵᠢᠷᠯᠢᠭ ᠤᠰᠤᠨ ᠤ᠋ ᠰᠢᠯᠢᠳᠡᠭ ᠰᠠᠮ ᠬᠣᠷᠤᠬᠠᠢ ᠭᠠᠨᠰᠦ᠂ ᠨᠢᠩᠰᠢᠶᠠ ᠵᠡᠷᠭᠡ ᠤᠢᠷ᠎ᠠ ᠲᠣᠭᠤᠷᠢᠨ ᠤ᠋ ᠮᠤᠵᠢ ᠤᠷᠤᠨ ᠤ᠋ ᠵᠠᠬ᠎ᠠ ᠳᠡᠯᠭᠡᠭᠦᠷ ᠲᠦ᠍ ᠪᠣᠷᠤᠯᠠᠭᠤᠯᠤᠭᠳᠠᠵᠤ᠂ ᠬᠠᠲᠤᠨ ᠭᠤᠤᠯ ᠳᠠᠭᠠᠤ ᠶ᠋ᠢᠨ ᠭᠠᠵᠠᠷ ᠣᠷᠤᠨ ᠤ᠋ ᠬᠥᠳᠡᠭᠡ ᠲᠣᠰᠭᠤᠨ ᠢ᠋ ᠬᠥᠭᠵᠢᠭᠦᠯᠦᠨ ᠮᠠᠨᠳᠤᠭᠤᠯᠬᠤ ᠦᠪᠡᠷᠮᠢᠴᠡ ᠤᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠪᠤᠯᠵᠠᠢ᠃
ᠲᠣᠰ ᠤᠳᠠᠭ᠎ᠠ ᠵᠢᠨ ᠤᠰᠤᠨ ᠭᠠᠷᠤᠯᠲᠠ ᠶ᠋ᠢᠨ ᠲᠥᠷᠦᠯ ᠤ᠋ᠨ 《ᠦᠪᠦᠷ ᠮᠣᠩᠭᠤᠯ ᠨᠡᠷᠡᠮᠵᠢᠲᠦ》 ᠲᠦᠷᠦᠯ ᠲᠡᠮᠲᠡᠭ ᠤ᠋ᠨ ᠪᠠᠷᠢᠮᠵᠢᠶ᠎ᠠ ᠬᠢᠨᠠᠨ ᠪᠠᠶ᠋ᠢᠴᠠᠭᠠᠯᠲᠠ ᠵᠢ ᠦᠨᠭᠭᠡᠷᠡᠭᠰᠡᠨ ᠨᠢ ᠬᠤᠵᠢᠷᠯᠢᠭ ᠤᠰᠤᠨ ᠳ᠋ᠤ ᠰᠠᠮ ᠬᠣᠷᠤᠬᠠᠢ ᠲᠡᠵᠢᠭᠡᠬᠦ᠌ ᠪᠥᠬᠦ᠌ ᠶᠠᠪᠤᠴᠠ ᠶ᠋ᠢᠨ ᠦᠢᠯᠡᠳᠪᠦᠷᠢᠯᠡᠯ ᠬᠠᠮᠢᠶᠠᠷᠤᠯᠲᠠ ᠵᠢ ᠴᠢᠨᠠᠬᠰᠢᠲᠠ ᠵᠢᠷᠤᠮᠵᠢᠭᠤᠯᠤᠨ᠂ ᠦᠢᠯᠡᠳᠬᠦᠨ ᠤ᠋ ᠶᠠᠰᠤ ᠴᠢᠨᠠᠷ ᠬᠢᠭᠡᠳ ᠲᠦᠷᠦᠯ ᠲᠡᠮᠲᠡᠭ ᠤ᠋ᠨ ᠨᠥᠯᠦᠭᠡᠯᠡᠬᠦ᠌ ᠬᠦᠴᠦᠨ ᠢ᠋ ᠦᠷᠭᠦᠯᠵᠢᠯᠡᠨ ᠳᠡᠭᠡᠭᠰᠢᠯᠡᠭᠦᠯᠵᠤ᠂ ᠥᠪᠦᠷ ᠮᠣᠩᠭᠤᠯ ᠤ᠋ᠨ ᠬᠠᠲᠤᠨ ᠭᠤᠤᠯ ᠤ᠋ᠨ ᠬᠤᠵᠢᠷᠯᠢᠭ ᠤᠰᠤᠨ ᠤ᠋ ᠰᠠᠮ ᠬᠣᠷᠤᠬᠠᠢ ᠶ᠋ᠢᠨ ᠵᠠᠬ᠎ᠠ ᠳᠡᠯᠭᠡᠭᠦᠷ ᠢ᠋ᠶ᠋ᠡᠨ ᠥᠷᠭᠡᠳᠬᠡᠬᠦ ᠵᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃