ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-12 11:52:35

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

—  ᠦᠪᠦᠷ ᠮᠤᠩᠭᠤᠯ᠎ᠤᠨ ᠠᠷᠪᠠᠨ ᠶᠡᠬᠡ ᠠᠵᠦ ᠦᠢᠯᠡᠰ᠎ᠤᠨ ᠪᠦᠯᠦᠭᠵᠢᠯ᠎ᠤᠨ ᠬᠦᠭᠵᠢᠯᠳᠡ᠎ᠶᠢᠨ ᠲᠤᠬᠠᠢ ᠰᠢᠷᠢᠰ ᠮᠡᠳᠡᠭᠡᠯᠡᠯ (ᠲᠠᠪᠤ)


ᠤᠢᠷ᠎ᠠ᠎ᠶᠢᠨ ᠵᠢᠯ᠎ᠤᠳ ᠲᠤ᠌᠂ ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠶ᠎ᠶᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠤᠯᠠᠮᠵᠢᠯᠠᠯᠲᠤ᠌ ᠲᠠᠷᠢᠶᠠᠯᠠᠩ ᠮᠠᠯ ᠠᠵᠤ ᠠᠬᠤᠶ᠎ᠶᠢ ᠣᠳᠣ ᠦᠶ᠎ᠡ᠎ᠶᠢᠨ ᠲᠠᠷᠢᠶᠠᠯᠠᠩ ᠮᠠᠯ ᠠᠵᠤ ᠠᠬᠤᠶ ᠲᠡᠢᠰᠢ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠌᠎ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠦ᠂ ᠦᠷ᠎ᠡ᠎ᠶᠢᠨ ᠴᠢᠫ᠎ᠤᠨ ᠢᠨᠵᠧᠨᠧᠷᠢᠩ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ᠂ ᠨᠠᠷᠠᠲᠤ᠌ ᠲᠡᠮᠳᠡᠭ᠎ᠦᠨ ᠪᠠᠶ᠋ᠢᠭᠤᠯᠤᠯᠲᠠ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠡᠨ ᠲᠦᠪᠯᠡᠷᠡᠬᠦᠯᠵᠦ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠌ ᠭᠤᠤᠯᠳᠠᠯᠭ᠎ᠠ᠎ᠲᠠᠶ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠪᠠᠶ᠋ᠢᠭᠤᠯᠵᠦ᠂ ᠴᠠᠭᠠᠨ ᠢᠳᠡᠭᠡᠨ᠎ᠤ ᠦᠢᠯᠡᠰ᠂ ᠮᠢᠬᠠᠨ᠎ᠤ ᠦᠬᠡᠷ᠂ ᠮᠢᠬᠠᠨ᠎ᠤ ᠬᠣᠨᠢ᠂ ᠡᠷᠳᠡᠨᠢ ᠰᠢᠰᠢ᠂ ᠡᠪᠡᠰᠦᠨ᠎ᠤ ᠦᠢᠯᠡᠰ᠂ ᠲᠥᠮᠥᠰᠥ᠍᠂ ᠨᠤᠤᠯᠤᠭᠤᠷ᠎ᠤᠨ ᠠᠵᠦ ᠦᠢᠯᠡᠰ ᠵᠡᠷᠭᠡ ᠭᠣᠣᠯᠳᠠᠯᠭ᠎ᠠ᠎ᠲᠠᠶ ᠠᠵᠤ ᠦᠢᠯᠡᠰ᠎ᠢ ᠶᠡᠬᠡ ᠪᠡᠷ ᠬᠦᠭᠵᠢᠬᠦᠯᠵᠦ᠂ ᠥᠪᠥᠷ ᠮᠣᠩᠭᠣᠯ᠎ᠤᠨ ᠣᠨᠴᠠᠯᠢᠭᠲᠤ᠌ ᠳᠠᠪᠠᠭᠤᠯᠢᠭᠳᠤ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠢᠯᠡᠰ᠎ᠦᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠦ ᠪᠤᠢ᠃

ᠢᠯᠢ ᠪᠦᠯᠦᠭᠯᠡᠯ᠂ ᠮᠸᠩ ᠨᠢᠦ ᠪᠦᠯᠦᠭᠯᠡᠯ ᠬᠤᠶᠠᠷ ᠲᠤᠮᠤ ᠳᠠᠭᠠᠭᠤᠯᠤᠬᠴᠢ ᠠᠵᠦ ᠠᠬᠤᠢᠯᠡᠯ ᠨᠢ ᠰᠠᠭᠠᠯᠢ᠎ᠶᠢᠨ ᠠᠵᠦ ᠦᠢᠯᠡᠰ᠎ᠤᠨ ᠬᠡᠯᠬᠢᠶ᠎ᠠ᠎ᠶᠢᠨ ᠳᠡᠭᠡᠳᠦ ᠲᠤᠤᠷᠠᠳᠤ ᠲᠦᠪᠰᠢᠨ᠎ᠤ ᠬᠠᠮᠵᠢᠯᠴᠠᠨ ᠬᠦᠭᠵᠢᠬᠦ᠎ᠵᠢ ᠳᠠᠢᠴᠢᠯᠡᠡ᠂ ᠬᠥᠬᠡᠬᠣᠲᠠ ᠨᠢᠬᠡᠨᠳᠡ 《ᠰᠢᠷᠬᠡᠭ ᠡᠪᠡᠰᠦ ᠡᠴᠡ ᠴᠤᠮᠤ ᠰᠦ ᠬᠦᠷᠳᠡᠯ᠎ᠠ ᠲᠠᠬᠢᠭᠠᠳ ᠬᠡᠰᠡᠭ ᠪᠢᠰᠢᠯᠠᠭ ᠬᠦᠷᠳᠡᠯᠡᠬᠢ》 ᠪᠦᠷᠢᠨ ᠪᠦᠳᠦᠨ ᠠᠵᠦ ᠦᠢᠯᠡᠰ᠎ᠤᠨ ᠬᠡᠯᠬᠢᠶ᠎ᠠ᠎ᠵᠢ ᠴᠤᠬᠴᠠᠯᠠᠨ᠂ 39.5  ᠲᠦᠮᠡᠨ ᠰᠠᠭᠠᠯᠢ᠎ᠶᠢᠨ ᠦᠨᠢᠶ᠎ᠡ ᠮᠠᠯᠵᠢᠵᠦ᠂  ᠵᠢᠯ᠎ᠤᠨ ᠰᠦ᠋᠎ᠶᠢᠨ  ᠶᠡᠷᠦᠩᠬᠡᠶ ᠭᠠᠷᠤᠯᠲᠠ ᠨᠢ 235 ᠲᠦᠮᠡᠨ ᠲᠣᠨ᠎ᠳᠤ ᠬᠦᠷᠴᠦ᠂ 13 ᠳᠤᠮᠳᠠ ᠲᠣᠮᠣ ᠬᠡᠯᠪᠡᠷᠢ᠎ᠶᠢᠨ ᠠᠵᠦ ᠦᠢᠯᠡᠳᠪᠦᠷᠢ᠎ᠶᠢᠨ ᠡᠳᠦᠷ᠎ᠤᠨ ᠲᠦᠬᠦᠬᠡᠢ ᠰᠦ ᠪᠤᠷᠤᠯᠠᠭᠤᠯᠬᠤ ᠴᠢᠳᠠᠪᠤᠷᠢ ᠨᠢ 1.45 ᠲᠦᠮᠡᠨ ᠲᠣᠨ᠎ᠳᠤ ᠬᠦᠷᠴᠠᠢ᠃ ᠬᠥᠬᠡᠬᠣᠲᠠ ᠴᠠᠭᠠᠨ ᠢᠳᠡᠭᠡᠨ᠎ᠦ ᠪᠦᠲᠦᠭᠡᠭᠳᠡᠬᠦᠨ᠎ᠦ ᠪᠦᠲᠦᠴᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠢᠰᠢᠯᠠᠭ ᠵᠡᠷᠭᠡ᠎ᠶᠢ ᠨᠠᠷᠢᠯᠢᠭ ᠡᠳ᠋ᠰᠢᠭᠦᠯᠬᠦ᠌ ᠪᠠᠶ᠋ᠢᠷᠢᠰᠢᠭᠤᠯᠤᠯᠲᠠ᠎ᠶᠢ ᠲᠦᠷᠭᠡᠳᠬᠡᠬᠦ᠌᠎ᠶᠢᠨ ᠬᠠᠮᠲᠤ᠌᠂ ᠰᠦᠨ ᠬᠦᠴᠢᠯ᠎ᠦᠨ ᠪᠠᠺᠲ᠋ᠧᠷᠢ᠂ ᠰᠢᠷᠠᠰᠤ᠎ᠶᠢᠨ ᠤᠭᠤᠷᠠᠭ᠂ ᠰᠦ ᠲᠡᠮᠦᠷ᠎ᠦᠨ ᠤᠭᠤᠷᠠᠭ ᠵᠡᠷᠭᠡ ᠬᠦᠷᠢᠶᠡᠨ᠎ᠳᠦ ᠪᠣᠭᠣᠮᠲᠠ ᠰᠢᠪᠲᠤᠯᠵᠠᠢ᠃ 2025 ᠣᠨ᠎ᠳᠤ᠂ ᠬᠦᠬᠡᠬᠣᠲᠠ᠎ᠶᠢᠨ ᠵᠢᠯ᠎ᠤᠨ ᠪᠢᠰᠢᠯᠠᠭ᠎ᠦᠢᠯᠡᠳᠪᠦᠷᠢᠯᠡᠬᠦ᠌ ᠴᠢᠳᠠᠪᠤᠷᠢ 4 ᠲᠦᠮᠡᠨ ᠲᠣᠨ᠎ᠳᠤ ᠬᠦᠷᠴᠦ᠍᠂ ᠰᠦ ᠲᠡᠮᠦᠷ᠎ᠦᠨ ᠤᠭᠤᠷᠠᠭ᠂ D90 ᠳᠠᠪᠤᠰᠤ ᠥᠬᠡᠶ᠋ᠢᠳᠡᠭᠦᠯᠦᠭᠰᠡᠨ ᠰᠦᠨ ᠲᠠᠯᠬ᠎ᠠ ᠵᠡᠷᠭᠡ ᠥᠨᠳᠥᠷ ᠨᠡᠮᠡᠯᠲᠡ ᠥᠷᠲᠡᠭᠲᠦ᠍ ᠦᠢᠯᠡᠳᠬᠦᠨ᠎ᠢ ᠤᠯᠤᠰ᠎ᠲᠠᠭᠠᠨ ᠦᠢᠯᠡᠳᠪᠦᠷᠢᠯᠡᠬᠦ᠌ ᠰᠢᠪᠲᠤᠯᠤᠯᠲᠠ᠎ᠶᠢ ᠪᠡᠶᠡᠯᠡᠭᠦᠯᠵᠠᠢ᠃

2025 ᠣᠨ᠎ᠳᠤ᠂ ᠦᠪᠦᠷ ᠮᠤᠩᠭᠤᠯ᠎ᠤᠨ ᠴᠠᠭᠠᠨ ᠢᠳᠡᠬᠡᠨ᠎ᠤ ᠦᠢᠯᠡᠳᠬᠦᠨ᠎ᠤ ᠦᠷᠳᠡᠭ 2000 ᠳ᠋ᠥᠩᠰᠢᠭᠤᠷ ᠲᠦᠬᠦᠷᠢᠭ᠎ᠢ ᠲᠠᠪᠠᠵᠦ᠂ ᠪᠦᠬᠦ ᠠᠵᠦ ᠦᠢᠯᠡᠰ᠎ᠤᠨ ᠬᠡᠯᠬᠢᠶ᠎ᠠ᠎ᠶᠢᠨ ᠦᠢᠯᠡᠳᠬᠦᠨ᠎ᠤ ᠦᠷᠳᠡᠭ ᠨᠢ 3000 ᠳ᠋ᠥᠩᠰᠢᠭᠤᠷ ᠲᠦᠬᠦᠷᠢᠭ᠎ᠢ ᠲᠠᠪᠠᠵᠠᠢ᠃ ᠡᠨᠡ ᠵᠢᠯ᠂ ᠬᠦᠬᠡᠬᠤᠳᠡ 《 ᠳᠡᠯᠡᠬᠡᠢ᠎ᠶᠢᠨ ᠴᠠᠭᠠᠨ ᠢᠳᠡᠬᠡᠨ᠎ᠤ ᠬᠤᠳᠠ》 ᠪᠡᠷ ᠴᠤᠯᠠᠯᠠᠬᠳᠠᠵᠤ᠂ ᠦᠪᠦᠷ ᠮᠤᠩᠭᠤᠯ᠎ᠤᠨ ᠴᠠᠭᠠᠨ ᠢᠳᠡᠭᠡᠨ᠎ᠤ ᠦᠢᠯᠡᠰ ᠨᠢ  《ᠳᠡᠯᠡᠬᠡᠢ᠎ᠶᠢᠨ ᠴᠠᠭᠠᠨ ᠢᠳᠡᠬᠡᠨ᠎ᠤ ᠬᠤᠳᠠ》 ᠪᠠᠷ ᠤᠳᠤᠷᠢᠳᠤᠮᠵᠢ ᠪᠣᠯᠭᠠᠵᠤ᠂ ᠶᠠᠰᠤ ᠴᠢᠨᠠᠷ᠎ᠢᠶᠡᠨ ᠳᠡᠭᠡᠭᠰᠢᠯᠡᠭᠦᠯᠦᠨ ᠦᠷ᠎ᠡ ᠠᠰᠢᠭ᠎ᠢᠶᠡᠨ ᠨᠡᠮᠡᠭᠳᠡᠭᠦᠯᠵᠦ ᠲᠦᠷᠭᠡᠨ ᠤᠷᠤᠭᠰᠢᠯᠠᠵᠤ ᠪᠠᠢᠨ᠎ᠠ᠃

ᠬᠢᠩᠭᠠᠨ᠎ᠤ ᠠᠳᠠᠷ ᠬᠠᠭᠠᠯᠪᠤᠷᠢᠯᠠᠯᠳᠡ᠎ᠶᠢᠨ ᠪᠦᠯᠦᠭᠯᠡᠯ᠎ᠤᠨ ᠬᠦᠩ ᠵᠤ᠌ ᠯᠢᠩ ᠮᠠᠯᠵᠢᠯ᠎ᠤᠨ ᠲᠠᠯᠠᠪᠠᠢ ᠨᠢ ᠤᠮᠠᠷᠠᠳᠤ ᠦᠷᠬᠡᠷᠢᠭ᠎ᠤᠨ 46 ᠭᠷᠡᠳᠦ᠋ᠰ᠎ᠲᠦ ᠪᠠᠢᠷᠢᠯᠠᠵᠤ᠂ 《ᠡᠷᠳᠡᠨᠢ ᠰᠢᠰᠢ ᠲᠠᠷᠢᠬᠤ ᠰᠢᠵᠢᠷ ᠠᠯᠳᠠᠨ ᠪᠦᠰᠡ》 ᠳ᠋ᠤ᠌ ᠤᠷᠤᠰᠢᠵᠦ ᠪᠤᠢ᠃ ᠡᠨᠳᠡᠬᠢ ᠦᠪᠡᠷᠮᠢᠴᠠ ᠤᠨᠴᠠᠯᠢᠭ ᠪᠦᠬᠦᠢ ᠪᠠᠢᠭᠠᠯᠢ᠎ᠶᠢᠨ ᠳᠠᠪᠠᠭᠤᠯᠢᠭ ᠨᠦᠬᠦᠴᠡᠯ ᠨᠢ ᠰᠢᠨ᠎ᠠ ᠰᠤᠷᠭᠤᠭ᠎ᠢᠶᠡᠷ ᠢᠳᠡᠬᠦ ᠡᠷᠳᠡᠨᠢ ᠰᠢᠰᠢ᠎ᠶᠢᠨ ᠤᠷᠭᠤᠯᠳᠡ᠎ᠳᠤ ᠤᠬᠢ ᠰᠠᠢᠨ ᠤᠷᠴᠢᠨ ᠨᠦᠬᠦᠴᠡᠯ ᠬᠠᠩᠭᠠᠵᠦ᠂ ᠡᠷᠳᠡᠨᠢ ᠰᠢᠰᠢ ᠨᠢ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠳᠠᠢ ᠬᠦᠭᠵᠢᠯᠳᠡ᠎ᠵᠢ ᠠᠬᠢᠭᠤᠯᠤᠨ ᠠᠷᠠᠳ ᠤᠯᠠᠨ᠎ᠤ ᠤᠷᠤᠯᠭ᠎ᠠ᠎ᠵᠢ ᠨᠡᠮᠡᠭᠳᠡᠬᠦᠯᠬᠦ 《ᠰᠢᠵᠢᠷ ᠠᠯᠳᠠᠨ ᠠᠵᠦ ᠦᠢᠯᠡᠰ᠎ᠤᠨ ᠬᠡᠯᠬᠢᠶ᠎ᠠ》 ᠵᠢ ᠪᠤᠢ ᠪᠤᠯᠭᠠᠵᠠᠢ᠃ ᠣᠳᠣᠬᠠᠨ᠎ᠳᠤ᠂ ᠬᠢᠩᠭᠠᠨ ᠠᠶ᠋ᠢᠮᠠᠭ᠎ᠲᠦ ᠵᠢᠯ᠎ᠦᠨ ᠪᠣᠷᠣᠯᠠᠭᠤᠯᠤᠯᠲᠠ᠎ᠶᠢᠨ ᠣᠷᠣᠯᠭ᠎ᠠ᠎ᠨᠢ 100 ᠲᠦᠮᠡᠨ ᠲᠥᠭᠥᠷᠢᠭ᠎ᠢ ᠳᠠᠪᠠᠬᠰᠠᠨ ᠰᠢᠨ᠎ᠡ ᠰᠣᠷᠭᠣᠭ ᠡᠷᠳᠡᠨᠢ ᠰᠢᠰᠢ ᠡᠳ᠋ᠰᠢᠭᠦᠯᠬᠦ᠌ ᠠᠵᠤ ᠠᠬᠤᠶ᠋ᠢᠯᠠᠯ 6 ᠪᠠᠶ᠋ᠢᠵᠤ᠂ ᠲᠥᠬᠥᠭᠡᠷᠦᠮᠵᠢ᠎ᠶᠢᠨ ᠡᠳ᠋ᠰᠢᠭᠦᠯᠬᠦ᠌ ᠴᠢᠳᠠᠪᠤᠷᠢ᠎ᠨᠢ 8.21 ᠲᠦᠮᠡᠨ ᠲᠣᠨ᠎ᠳᠤ ᠬᠦᠷᠴᠠᠢ᠃

ᠡᠨᠡ ᠨᠠᠮᠤᠷ᠂ ᠤᠯᠠᠭᠠᠨᠴᠠᠪ ᠬᠣᠲᠠ᠎ᠶᠢᠨ ᠺᠠᠢ ᠴᠤᠸᠠᠩ ᠢᠳᠡᠭᠡᠨ᠎ᠦ ᠬᠢᠵᠠᠭᠠᠷᠲᠤ᠌ ᠺᠣᠮᠫᠠᠨᠢ᠎ᠶᠢᠨ ᠴᠢᠨᠠᠷ ᠰᠠᠶ᠋ᠢᠲᠠᠶ ᠯᠠᠰᠠᠳᠤ ᠡᠷᠳᠡᠨᠢ ᠰᠢᠰᠢ ᠨᠢ ᠤᠯᠤᠰ᠎ᠤᠨ ᠭᠠᠳᠠᠭᠠᠳᠤ᠎ᠳᠤ ᠪᠤᠷᠤᠯᠠᠭᠤᠯᠤᠬᠳᠠᠯ᠎ᠠ᠃ 《ᠤᠯᠠᠭᠠᠨᠴᠠᠪ ᠤᠮᠠᠷᠠᠳᠤ ᠦᠷᠭᠡᠷᠢᠭ᠎ᠤᠨ 42 ᠬᠷᠡᠳᠦ᠋ᠰ᠎ᠤᠨ ᠰᠢᠬᠢᠷᠯᠢᠭ ᠡᠷᠳᠡᠨᠢ ᠰᠢᠰᠢ᠎ᠶᠢᠨ ᠰᠢᠵᠢᠷ ᠠᠯᠳᠡᠨ ᠭᠠᠷᠤᠯᠳᠡ᠎ᠶᠢᠨ ᠤᠷᠤᠨ᠎ᠳᠤ ᠪᠠᠢᠷᠢᠯᠠᠵᠦ᠂ ᠨᠠᠷᠠᠨ᠎ᠤ ᠲᠤᠰᠤᠯᠳᠡ ᠬᠦᠢᠴᠡᠳ᠂ ᠡᠳᠦᠷ ᠰᠦᠨᠢ᠎ᠶᠢᠨ ᠲᠤᠯᠠᠭᠠᠨ᠎ᠤ ᠵᠦᠷᠢᠶ᠎ᠠ ᠶᠡᠬᠡ᠂ ᠡᠷᠳᠡᠨᠢ ᠰᠢᠰᠢ ᠨᠢ ᠤᠨᠠᠯᠳᠡ ᠰᠠᠢᠳᠠᠢ᠂ ᠰᠢᠬᠢᠷᠯᠢᠭ ᠪᠦᠬᠡᠳ ᠰᠢᠬᠦᠰᠦᠯᠢᠭ ᠪᠠᠢᠵᠦ᠂ ᠭᠠᠳᠠᠭᠠᠳᠤ᠎ᠶᠢᠨ ᠬᠡᠷᠡᠭᠯᠡᠭᠴᠢᠳ᠎ᠤᠨ ᠬᠦᠷᠢᠶᠡᠯᠡᠯ᠎ᠢ ᠤᠯᠵᠦ ᠪᠠᠢᠨ᠎ᠠ》 ᠬᠡᠵᠦ ᠲᠤᠰ ᠺᠤᠮᠫᠠᠨᠢ᠎ᠶᠢᠨ ᠬᠠᠷᠢᠭᠤᠴᠠᠯᠭᠠᠳᠠᠨ ᠬᠡᠯᠡᠪᠡ᠃ ᠲᠤᠰ ᠺᠣᠮᠫᠠᠨᠢ ᠪᠣᠯ ᠴᠢᠩᠳᠣᠤ᠎ᠶᠢᠨ ᠺᠠᠢ ᠴᠤᠸᠠᠩ ᠢᠳᠡᠭᠡᠨ᠎ᠦ ᠬᠢᠵᠠᠭᠠᠷᠲᠤ᠌ ᠺᠣᠮᠫᠠᠨᠢ᠎ᠶᠢᠨ ᠬᠤᠪᠢᠶᠠᠷᠢ ᠺᠣᠮᠫᠠᠨᠢ ᠪᠣᠯᠤᠨ᠎ᠠ᠂ ᠳᠤᠮᠳᠠᠳᠤ ᠤᠯᠤᠰ᠎ᠤᠨ ᠵᠢᠮᠢᠰ ᠨᠣᠭᠣᠭ᠎ᠠ᠎ᠶᠢᠨ ᠯᠠᠰᠠᠳᠤ ᠢᠳᠡᠭᠡᠨ᠎ᠦ ᠭᠠᠳᠠᠭᠠᠳᠤ ᠭᠠᠷᠭᠠᠯᠳᠡ᠎ᠶᠢᠨ ᠠᠵᠤ ᠠᠬᠤᠶ᠋ᠢᠯᠠᠯ ᠪᠣᠯᠤᠭᠰᠠᠨ᠎ᠤ ᠬᠤᠪᠢ᠎ᠳᠤ᠂ ᠤᠯᠠᠭᠠᠨᠴᠠᠪ ᠣᠷᠣᠨ᠎ᠳᠤ ᠣᠳᠣᠬᠢᠴᠢᠯᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠪᠠᠶ᠋ᠢᠷᠢᠯᠠᠭᠤᠯᠵᠠᠢ᠃ ᠣᠳᠣᠬᠠᠨ᠎ᠳᠤ᠂ ᠤᠯᠠᠭᠠᠨᠴᠠᠪ ᠬᠤᠳᠠ᠎ᠶᠢᠨ ᠭᠠᠳᠠᠭᠠᠳᠤ ᠭᠠᠷᠭᠠᠯᠳᠡ᠎ᠶᠢᠨ ᠡᠷᠳᠡᠨᠢ ᠰᠢᠰᠢ ᠡᠳ᠋ᠰᠢᠭᠦᠯᠬᠦ᠌ ᠠᠵᠤ ᠠᠬᠤᠶ᠋ᠢᠯᠠᠯ 5᠂ ᠭᠠᠳᠠᠭᠠᠳᠤ ᠭᠠᠷᠭᠠᠯᠳᠡ᠎ᠶᠢᠨ ᠡᠷᠳᠡᠨᠢ ᠰᠢᠰᠢ ᠲᠠᠷᠢᠬᠤ ᠰᠠᠭᠤᠷᠢᠨ 14 ᠪᠠᠶ᠋ᠢᠵᠤ᠂ ᠪᠦᠲᠦᠭᠡᠭᠳᠡᠬᠦᠨ ᠨᠢ 11 ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ ᠪᠤᠢ᠃ ᠤᠳᠤᠬᠠᠨ ᠪᠤᠯᠳᠠᠯ᠎ᠠ᠂ ᠵᠢᠨᠢᠩ ᠪᠣᠭᠣᠮᠲᠠ᠎ᠨᠢ ᠤᠯᠠᠭᠠᠨᠴᠠᠪ ᠬᠣᠲᠠ᠎ᠶᠢᠨ ᠡᠷᠳᠡᠨᠢ ᠰᠢᠰᠢ᠎ᠶᠢᠨ ᠡᠳ᠋ᠰᠢᠭᠦᠯᠦᠭᠰᠡᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠳᠡ᠎ᠶᠢᠨ ᠬᠢᠵᠢᠭ ᠪᠠᠶ᠋ᠢᠴᠠᠭᠠᠯᠲᠠ᠎ᠶᠢᠨ ᠮᠡᠳᠡᠭᠦᠯᠦᠯᠲᠡ᠎ᠶᠢ ᠨᠡᠶ᠋ᠢᠲᠡ 1572.8 ᠲᠣᠨ ᠭᠥᠯᠢᠶᠡᠨ ᠠᠪᠴᠤ᠌ ᠰᠢᠢᠳᠪᠦᠷᠢᠯᠡᠨ᠂ ᠪᠠᠷᠠᠭᠠᠨ᠎ᠤ ᠥᠷᠲᠡᠭ᠎ᠨᠢ 1226.3 ᠲᠦᠮᠡᠨ ᠲᠥᠭᠥᠷᠢᠭ᠎ᠲᠦ᠍ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 32.2% ᠪᠠ 35.4% ᠪᠠᠷ ᠨᠡᠮᠡᠭᠳᠡᠵᠠᠢ᠃

ᠲᠦᠩᠯᠢᠶᠣᠤ ᠬᠣᠲᠠ᠎ᠶᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠎ᠲᠤ᠌ ᠪᠠᠢᠭ᠎ᠠ ᠥᠪᠥᠷ ᠮᠣᠩᠭᠣᠯ᠎ᠤᠨ ᠮᠧᠩ ᡁᠢ ᠨᠢᠦ ᠬᠢᠵᠠᠭᠠᠷᠲᠤ᠌ ᠬᠠᠷᠢᠭᠤᠴᠠᠯᠭᠠᠲᠤ᠌ ᠺᠣᠮᠫᠠᠨᠢ ᠪᠣᠯ ᠦᠬᠡᠷ᠎ᠦᠨ ᠮᠢᠬᠠᠨ᠎ᠤ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ᠌᠂ ᠦᠢᠯᠡᠳᠪᠦᠷᠢᠯᠡᠬᠦ᠌᠂ ᠡᠳ᠋ᠰᠢᠭᠦᠯᠬᠦ᠌ ᠪᠠ ᠪᠣᠷᠣᠯᠠᠭᠤᠯᠬᠤ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠠᠵᠤ ᠠᠬᠤᠶ᠋ᠢᠯᠠᠯ ᠪᠣᠯᠤᠨ᠎ᠠ᠃

ᠲᠤᠰ ᠠᠵᠤ ᠠᠬᠤᠶ᠋ᠢᠯᠠᠯ᠎ᠨᠢ ᠲᠦᠩᠯᠢᠶᠣᠤ ᠬᠣᠲᠠ᠎ᠶᠢᠨ ᠥᠪᠡᠷᠮᠢᠴᠡ ᠣᠨᠴᠠᠯᠢᠭ ᠪᠥᠬᠥᠶ ᠬᠣᠷᠴᠢᠨ ᠮᠢᠬᠠᠨ᠎ᠤ ᠦᠬᠡᠷ᠎ᠦᠨ ᠡᠬᠢ ᠪᠠᠶᠠᠯᠢᠭ᠎ᠲᠤ᠌ ᠲᠦᠰᠢᠭᠯᠡᠨ᠂ ᠤᠯᠤᠰ᠎ᠤᠨ ᠳᠣᠲᠣᠭᠠᠳᠤ᠎ᠶᠢᠨ ᠦᠬᠡᠷ᠎ᠦᠨ ᠮᠢᠬᠠᠨ᠎ᠤ ᠪᠤᠯᠭᠤᠭᠰᠠᠨ ᠢᠳᠡᠭᠡᠨ ᠡᠳ᠋ᠰᠢᠭᠦᠯᠬᠦ᠌ ᠳᠠᠭᠠᠭᠤᠯᠤᠭᠴᠢ ᠠᠵᠤ ᠠᠬᠤᠶ᠋ᠢᠯᠠᠯ᠎ᠢ ᠪᠣᠶ ᠪᠣᠯᠭᠠᠵᠤ᠂ 《ᠮᠢᠬᠠᠨ᠎ᠤ  ᠪᠦᠲᠦᠭᠡᠭᠳᠡᠬᠦᠨ᠎ᠢ ᠭᠦᠨᠵᠡᠭᠡᠶ ᠡᠳ᠋ᠰᠢᠭᠦᠯᠬᠦ᠌》᠎ᠵᠢᠨ ᠲᠣᠭᠣᠷᠢᠨ᠎ᠳᠤ ᠠᠵᠦ ᠦᠢᠯᠡᠰ᠎ᠦᠨ ᠬᠡᠯᠬᠢᠶ᠎ᠡ ᠪᠠᠨ ᠤᠷᠲᠤᠳᠬᠠᠵᠤ᠂ ᠮᠢᠬᠠᠨ᠎ᠤ ᠦᠬᠡᠷ ᠨᠢᠲᠤᠯᠵᠤ ᠡᠳ᠋ᠰᠢᠭᠦᠯᠬᠦ᠌᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌ ᠵᠡᠷᠭᠡ ᠢᠵᠢ  ᠪᠥᠷᠢᠳᠦᠭᠰᠡᠨ ᠠᠵᠤ ᠦᠢᠯᠡᠰ᠎ᠦᠨ ᠬᠠᠮᠵᠢᠯᠴᠠᠨ ᠬᠥᠭᠵᠢᠬᠦ᠌᠎ᠶᠢ ᠳᠠᠶ᠋ᠢᠴᠢᠯᠠᠵᠤ᠂ ᠳᠠᠷᠢᠬᠤ᠂ ᠲᠡᠵᠢᠭᠡᠨ ᠦᠷᠡᠵᠢᠭᠦᠯᠬᠦ᠌᠂ ᠨᠢᠲᠤᠯᠬᠤ᠂ ᠡᠳ᠋ᠰᠢᠭᠦᠯᠬᠦ᠌ ᠪᠥᠬᠥ᠌ ᠬᠡᠯᠬᠢᠶ᠎ᠡ᠎ᠶᠢᠨ ᠡᠷᠬᠢᠯᠳᠡᠳᠤ ᠬᠥᠭᠵᠢᠯᠲᠡ᠎ᠶᠢᠨ ᠰᠢᠰᠲ᠋ᠧᠮ᠎ᠢ ᠪᠠᠶ᠋ᠢᠭᠤᠯᠵᠠᠢ᠃ ᠲᠤᠰ ᠠᠵᠤ ᠠᠬᠤᠶ᠋ᠢᠯᠠᠯ ᠨᠢ ᠡᠳᠦᠷ ᠳᠤᠮᠳᠠᠴᠢ᠎ᠪᠠᠷ 50 ᠭᠠᠷᠤᠶ ᠲᠣᠨ ᠦᠬᠡᠷ᠎ᠦᠨ ᠮᠢᠬ᠎ᠠ ᠪᠣᠯᠪᠠᠰᠤᠷᠠᠭᠤᠯᠵᠤ᠂ ᠵᠢᠯ᠎ᠳᠦ 7000 ᠭᠠᠷᠤᠶ ᠲᠣᠨ ᠪᠤᠯᠭᠤᠭᠰᠠᠨ ᠢᠳᠡᠭᠡᠨ ᠦᠢᠯᠡᠳᠪᠦᠷᠢᠯᠡᠵᠦ᠍ ᠪᠠᠢᠨ᠎ᠠ᠃ ᠤᠢᠷ᠎ᠠ᠎ᠵᠢᠨ ᠵᠢᠯ ᠳ᠋ᠤ᠂ ᠲᠤᠰ ᠠᠵᠤ ᠠᠬᠤᠶ᠋ᠢᠯᠠᠯ᠎ᠤᠨ ᠡᠵᠡᠩᠨᠡᠯᠲᠡ᠎ᠶᠢᠨ ᠦᠷ᠎ᠡ ᠠᠰᠢᠭ ᠲᠣᠭᠲᠠᠭᠤᠨ᠎ᠢᠶᠠᠷ ᠨᠡᠮᠡᠭᠳᠡᠵᠦ᠂ 2023 ᠣᠨ᠂ 2025 ᠣᠨ᠎ᠳᠤ ᠲᠣᠰ ᠲᠣᠰ 8396 ᠲᠦᠮᠡᠨ ᠲᠥᠭᠥᠷᠢᠭ ᠪᠠ 2.8 ᠳ᠋ᠦᠩᠰᠢᠭᠤᠷ ᠲᠥᠭᠥᠷᠢᠭ᠎ᠦᠨ ᠪᠤᠷᠤᠯᠠᠭᠤᠯᠭ᠎ᠠ᠎ᠶᠢᠨ ᠣᠷᠣᠯᠭ᠎ᠠ  ᠡᠭᠦᠳᠴᠡᠢ᠃

ᠲᠦᠩᠯᠢᠶᠣᠤ ᠬᠤᠳᠠ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠮᠢᠬᠠᠨ᠎ᠤ ᠦᠬᠡᠷ᠎ᠦᠨ ᠬᠣᠲᠠ》 ᠪᠣᠯᠤᠭᠰᠠᠨ᠎ᠤ ᠬᠤᠪᠢ᠎ᠳᠤ᠂ ᠪᠥᠬᠥ᠌ ᠬᠡᠯᠬᠢᠶ᠎ᠡ᠎ᠶᠢᠨ᠂ ᠬᠡᠪᠴᠢᠶᠡᠵᠢᠭᠰᠡᠨ᠂ ᠴᠢᠨᠠᠷ ᠰᠠᠶ᠋ᠢᠲᠠᠶ ᠮᠢᠬᠠᠨ᠎ᠤ ᠦᠬᠡᠷ᠎ᠦᠨ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠶ᠋ᠢᠷᠢᠰᠢᠯ᠎ᠢ ᠪᠣᠶ ᠪᠣᠯᠭᠠᠵᠠᠢ᠃  2025 ᠣᠨ᠎ᠳᠤ ᠲᠦᠩᠯᠢᠶᠣᠤ ᠬᠣᠲᠠ 396 ᠲᠦᠮᠡᠨ ᠮᠢᠬᠠᠨ᠎ᠤ ᠦᠬᠡᠷ ᠲᠡᠵᠢᠭᠡᠵᠦ᠍᠂ ᠮᠢᠬᠠᠨ᠎ᠤ ᠦᠬᠡᠷ᠎ᠦᠨ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠬᠦᠨ᠎ᠦ ᠥᠷᠲᠡᠭ ᠨᠢ 500 ᠳ᠋ᠦᠩᠰᠢᠭᠤᠷ ᠲᠥᠭᠥᠷᠢᠭ᠎ᠢ ᠳᠠᠪᠠᠵᠠᠢ᠃《ᠪᠢᠳᠡ ᠳᠡᠭᠡᠳᠦ ᠲᠦᠪᠰᠢᠨ᠎ᠳᠤ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ᠌᠎ᠵᠢ ᠬᠦᠭᠵᠢᠬᠦᠯᠵᠦ᠂ ᠳᠤᠮᠳᠠ ᠲᠦᠪᠰᠢᠨ᠎ᠳᠤ ᠨᠢᠲᠤᠯᠬᠤ ᠪᠠ ᠨᠠᠷᠢᠯᠢᠭ ᠡᠳ᠋ᠰᠢᠭᠦᠯᠬᠦ᠌᠎ᠶᠢ ᠴᠢᠩᠭ᠎ᠠ ᠠᠳᠬᠤᠵᠤ᠂ ᠳᠤᠤᠷᠠᠳᠤ ᠲᠦᠪᠰᠢᠨ᠎ᠳᠤ ᠨᠠᠷᠠᠲᠤ᠌ ᠲᠥᠷᠥᠯ ᠲᠡᠮᠳᠡᠭᠲᠦ᠎ᠶᠢ ᠶᠡᠬᠡ ᠪᠡᠷ ᠪᠤᠢ ᠪᠤᠯᠭᠠᠨ᠂ ᠵᠠᠬ᠎ᠠ ᠳᠡᠯᠭᠡᠭᠦᠷ᠎ᠢ ᠥᠷᠭᠡᠳᠬᠡᠵᠦ᠍᠂ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ᠂ ᠠᠯᠠᠵᠤ ᠨᠢᠲᠤᠯᠬᠤ ᠡᠳ᠋ᠰᠢᠭᠦᠯᠬᠦ᠌᠂ ᠵᠠᠬ᠎ᠠ ᠳᠡᠯᠭᠡᠭᠦᠷ᠎ᠦᠨ ᠪᠣᠷᠣᠯᠠᠭᠤᠯᠭ᠎ᠠ᠂ ᠲᠥᠷᠥᠯ ᠲᠡᠮᠳᠡᠭᠲᠦ᠎ᠶᠢ ᠪᠣᠢ ᠪᠤᠯᠭᠠᠬᠤ᠎ᠶᠢ ᠨᠢᠭᠡ ᠴᠣᠭᠴᠠᠵᠢᠭᠤᠯᠤᠭᠰᠠᠨ ᠪᠥᠬᠥ᠌ ᠬᠡᠯᠬᠢᠶ᠎ᠠ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠶ᠋ᠢᠷᠢᠰᠢᠯ᠎ᠢ ᠪᠠᠶ᠋ᠢᠭᠤᠯᠵᠦ ᠪᠠᠢᠨ᠎ᠠ》 ᠬᠡᠵᠦ ᠲᠦᠩᠯᠢᠶᠤᠤ ᠬᠤᠳᠠ᠎ᠶᠢᠨ ᠲᠠᠷᠢᠶᠠᠯᠠᠩ ᠮᠠᠯ ᠠᠵᠦ ᠠᠬᠤᠢ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃

ᠢᠮᠠᠭᠠᠨ ᠨᠣᠤᠯᠤᠭᠤᠷ᠎ᠤᠨ ᠠᠵᠤ ᠦᠢᠯᠡᠰ᠎ᠦᠨ ᠪᠥᠬᠥ᠌ ᠬᠡᠯᠬᠢᠶ᠎ᠠ᠎ᠶᠢᠨ ᠪᠠᠶ᠋ᠢᠷᠢᠰᠢᠭᠤᠯᠤᠯᠲᠠ᠎ᠶᠢᠨ ᠲᠣᠭᠣᠷᠢᠨ᠎ᠳᠤ᠂ ᠣᠲᠣᠭ ᠬᠣᠰᠢᠭᠤ ᠡᠳ᠋ᠰᠢᠭᠦᠯᠬᠦ᠌ ᠳᠤᠲᠠᠭᠤᠳᠠᠯ᠎ᠢ ᠲᠠᠰᠤᠷᠠᠯᠲᠠ ᠥᠬᠡᠶ ᠨᠥᠬᠥᠪᠥᠷᠢᠯᠡᠵᠦ᠍᠂ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠠᠷᠭ᠎ᠠ ᠵᠠᠮ ᠪᠠ ᠭᠠᠳᠠᠭᠠᠳᠤ ᠠᠷᠠᠯᠵᠢᠶᠠᠨ᠎ᠤ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠠᠵᠤ ᠦᠢᠯᠡᠰ᠎ᠦᠨ ᠳ᠋ᠠᠩ ᠴᠤᠯᠭᠤᠶ ᠲᠡᠵᠢᠭᠡᠨ ᠦᠷᠡᠵᠢᠭᠦᠯᠬᠦ᠌᠎ᠡᠴᠡ ᠨᠠᠷᠢᠯᠢᠭ ᠡᠳ᠋ᠰᠢᠭᠦᠯᠬᠦ᠌ ᠪᠠ ᠪᠥᠬᠥ᠌ ᠪᠥᠮᠪᠥᠷᠴᠡᠭ᠎ᠦᠨ ᠠᠷᠠᠯᠵᠢᠶ᠎ᠠ᠎ᠶᠢ ᠨᠢᠭᠡ ᠴᠣᠭᠴᠠᠵᠢᠭᠤᠯᠬᠤ᠎ᠶᠢ ᠠᠬᠢᠭᠤᠯᠵᠤ᠂ ᠠᠵᠤ ᠦᠢᠯᠡᠰ᠎ᠦᠨ ᠨᠡᠮᠡᠯᠲᠡ ᠥᠷᠲᠡᠭ᠎ᠢ ᠦᠷᠭᠦᠯᠵᠢᠯᠡᠨ ᠨᠡᠮᠡᠭᠳᠡᠬᠦᠯᠵᠦ ᠪᠤᠢ᠃ ᠣᠳᠣᠬᠠᠨ᠎ᠳᠤ᠂ ᠤᠳᠤᠭ ᠬᠣᠰᠢᠭᠤᠨ᠎ᠤ ᠠᠷᠪᠠᠰ᠎ᠤᠨ ᠨᠣᠤᠯᠤᠭᠤᠷ᠎ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ᠌ ᠬᠡᠮᠵᠢᠶ᠎ᠡ ᠵᠢ ᠵᠢᠯ ᠪᠦᠷᠢ 180 ᠲᠦᠮᠡ᠎ᠳᠦ ᠲᠣᠭᠲᠠᠪᠤᠷᠢᠵᠢᠭᠤᠯᠵᠤ᠂ ᠵᠢᠯ᠎ᠳᠦ 1200 ᠲᠣᠨ ᠴᠢᠨᠠᠷ ᠰᠠᠶ᠋ᠢᠲᠠᠶ ᠨᠣᠤᠯᠤᠭᠤᠷ ᠦᠢᠯᠡᠳᠪᠦᠷᠢᠯᠡᠵᠦ᠍᠂ ᠣᠷᠳᠣᠰ ᠬᠣᠲᠠ᠎ᠶᠢᠨ ᠢᠮᠠᠭᠠᠨ ᠨᠤᠤᠯᠤᠭᠤᠷ᠎ᠤᠨ ᠶᠡᠷᠦᠩᠬᠡᠶ ᠭᠠᠷᠤᠯᠲᠠ᠎ᠶᠢᠨ 34.3%᠎ᠶ᠋ᠢ ᠡᠵᠡᠯᠡᠵᠦ ᠪᠤᠢ᠃ ᠤᠳᠤᠭ ᠬᠣᠰᠢᠭᠤᠨ᠎ᠳᠤ ᠢᠮᠠᠭᠠᠨ ᠨᠣᠤᠯᠤᠭᠤᠷ ᠡᠳ᠋ᠰᠢᠭᠦᠯᠬᠦ᠌ ᠬᠡᠪᠴᠢᠶᠡᠵᠢᠯ᠎ᠡᠴᠡ ᠳᠡᠭᠡᠭᠰᠢᠬᠢ ᠲᠠᠭᠠᠭᠤᠯᠤᠭᠴᠢ ᠠᠵᠤ ᠠᠬᠤᠶ᠋ᠢᠯᠠᠯ 3 ᠪᠠᠢᠵᠦ᠂ ᠲᠡᠵᠢᠭᠡᠨ ᠦᠷᠡᠵᠢᠭᠦᠯᠬᠦ᠌᠂ ᠬᠣᠷᠢᠶᠠᠨ ᠬᠠᠳᠠᠭᠠᠯᠠᠬᠤ᠂ ᠡᠳ᠋ᠰᠢᠭᠦᠯᠬᠦ᠌᠂ ᠪᠣᠷᠣᠯᠠᠭᠤᠯᠬᠤ᠂ ᠭᠠᠳᠠᠭᠠᠳᠤ᠎ᠳᠤ ᠭᠠᠷᠭᠠᠬᠤ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠵᠦ᠍᠂ ᠵᠢᠯ᠎ᠳᠦ 560 ᠲᠣᠨ ᠨᠣᠤᠯᠤᠭᠤᠷ ᠦᠢᠯᠡᠳᠪᠦᠷᠢᠯᠡᠵᠦ᠍᠂ ᠵᠢᠯ᠎ᠤᠨ ᠭᠠᠳᠠᠭᠠᠳᠤ ᠭᠠᠷᠭᠠᠯᠳᠡ ᠨᠢ 110 ᠲᠣᠨ᠎ᠳᠤ ᠬᠦᠷᠴᠤ᠂ ᠢᠲ᠋ᠠᠯᠢ᠂ ᠰᠢᠶᠠᠩᠭᠠᠩ ᠵᠡᠷᠭᠡ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ᠂ ᠵᠢᠯ᠎ᠦᠨ ᠭᠠᠳᠠᠭᠠᠳᠤ ᠭᠤᠪᠢᠭᠤᠯᠭ᠎ᠠ ᠨᠢ 842.65 ᠲᠦᠮᠡᠨ ᠳ᠋ᠣᠯᠯᠠᠷ᠎ᠢ ᠳᠠᠪᠠᠵᠠᠢ᠃

ᠣᠨᠴᠠᠯᠢᠭᠲᠤ᠌ ᠡᠬᠢ ᠪᠠᠶᠠᠯᠢᠭ᠎ᠤᠨ ᠳᠠᠪᠠᠭᠤᠯᠢᠭ ᠲᠠᠭᠠᠨ ᠰᠠᠭᠤᠷᠢᠯᠠᠨ᠂ ᠣᠲᠣᠭ ᠬᠣᠰᠢᠭᠤ ᠲᠥᠷᠥᠯ ᠲᠡᠮᠳᠡᠭᠳᠤ᠎ᠶᠢ ᠪᠤᠢ ᠪᠤᠯᠭᠠᠬᠤ᠎ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠤᠯᠠᠮᠵᠢᠯᠠᠨ ᠳᠡᠯᠭᠡᠷᠡᠭᠦᠯᠬᠦ᠌ ᠠᠷᠭ᠎ᠠ ᠵᠠᠮ᠎ᠢᠶᠡᠨ ᠥᠷᠭᠡᠳᠬᠡᠨ᠂ ᠦᠢᠯᠡᠳᠬᠦᠨ᠎ᠦ ᠦᠨ᠎ᠡ ᠦᠷᠳᠡᠭ᠎ᠢᠶᠡᠨ ᠳᠡᠭᠡᠭᠰᠢᠯᠡᠭᠦᠯᠵᠦ᠍᠂ ᠠᠷᠪᠠᠰ᠎ᠤᠨ ᠢᠮᠠᠭᠠᠨ ᠨᠣᠤᠯᠤᠭᠤᠷ᠎ᠤᠨ ᠳᠡᠭᠡᠳᠦ ᠲᠠᠰᠵᠢᠯᠳᠡ᠎ᠶᠢᠨ ᠠᠵᠤ ᠦᠢᠯᠡᠰ᠎ᠦᠨ ᠨᠡᠷ᠎ᠡ᠎ᠶᠢᠨ ᠬᠠᠭᠤᠳᠠᠰᠤ᠎ᠶᠢ ᠪᠥᠬᠥ᠌ ᠲᠠᠯ᠎ᠠ᠎ᠪᠠᠷ ᠮᠠᠨᠳᠤᠭᠤᠯᠵᠦ ᠪᠤᠢ᠃ ᠣᠲᠣᠭ ᠬᠣᠰᠢᠭᠤ ᠠᠷᠪᠠᠰ᠎ᠤᠨ ᠢᠮᠠᠭᠠᠨ ᠨᠣᠤᠯᠤᠭᠤᠷ᠎ᠤᠨ ᠭᠠᠵᠠᠷ ᠵᠦᠶ᠎ᠶᠢᠨ ᠢᠯᠡᠷᠬᠡᠶ᠋ᠢᠯᠡᠯᠲᠦ᠍ ᠲᠠᠸᠠᠷ᠎ᠤᠨ ᠲᠡᠮᠳᠡᠭ᠎ᠢ ᠠᠮᠵᠢᠯᠲᠠ᠎ᠲᠠᠶ ᠳᠠᠩᠰᠠᠯᠠᠭᠤᠯᠵᠤ᠂ 《ᠠᠷᠪᠠᠰ᠎ᠤᠨ ᠢᠮᠠᠭᠠᠨ ᠨᠣᠤᠯᠤᠭᠤᠷ》 ᠨᠢ ᠤᠯᠤᠰ᠎ᠤᠨ ᠭᠠᠵᠠᠷ ᠵᠦᠶ᠎ᠶ᠋ᠢᠨ ᠢᠯᠡᠷᠬᠡᠢᠯᠡᠯᠳᠤ ᠲᠠᠸᠠᠷ᠎ᠤᠨ ᠲᠡᠮᠳᠡᠭ᠎ᠦᠨ ᠭᠡᠷᠡᠴᠢᠯᠡᠯ ᠵᠢᠴᠢ ᠳᠤᠮᠳᠠᠳᠤ ᠧᠦ᠋ᠷᠣᠫᠠ᠎ᠶ᠋ᠢᠨ ᠭᠠᠵᠠᠷ ᠵᠦᠶ᠎ᠶ᠋ᠢᠨ ᠢᠯᠡᠷᠬᠡᠢᠯᠡᠯᠳᠤ ᠲᠠᠸᠠᠷ᠎ᠤᠨ ᠲᠡᠮᠳᠡᠭ᠎ᠦᠨ ᠬᠠᠷᠢᠯᠴᠠᠨ ᠭᠡᠷᠡᠴᠢᠯᠡᠯ᠎ᠢ ᠤᠯᠵᠠᠢ᠃ ᠡᠨᠡ ᠵᠢᠯ᠂ ᠣᠲᠣᠭ ᠬᠣᠰᠢᠭᠤ ᠢᠮᠠᠭᠠᠨ ᠨᠣᠤᠯᠤᠭᠤᠷ᠎ᠤᠨ ᠤᠨᠴᠠᠯᠢᠬᠳᠤ ᠠᠵᠤ ᠦᠢᠯᠡᠰ᠎ᠢ ᠦᠷᠭᠦᠯᠵᠢᠯᠡᠨ ᠭᠦᠨᠵᠡᠭᠡᠶ ᠬᠥᠭᠵᠢᠭᠦᠯᠵᠦ᠍᠂ ᠡᠭᠦᠯᠳᠡᠷ᠎ᠦᠨ ᠢᠷᠡᠯᠲᠡ᠎ᠶᠢ ᠬᠠᠮᠠᠭᠠᠯᠠᠬᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠬᠡᠯᠬᠢᠶ᠎ᠡ᠎ᠶᠢ ᠤᠷᠲᠤᠳᠬᠠᠬᠤ ᠪᠠ ᠲᠥᠷᠥᠯ ᠲᠡᠮᠳᠡᠭᠲᠦ᠎ᠶᠢᠨ ᠬᠦᠴᠦᠨ ᠨᠡᠮᠡᠷᠢᠯᠡᠬᠦ᠎ᠶᠢ ᠦᠷᠭᠦᠯᠵᠢᠯᠡᠨ ᠴᠢᠩᠭᠠᠳᠬᠠᠵᠤ᠂ ᠤᠯᠤᠰ᠎ᠤᠨ ᠲᠠᠰ᠎ᠤᠨ ᠨᠣᠤᠯᠤᠭᠤᠷ᠎ᠤᠨ ᠠᠵᠤ ᠦᠢᠯᠡᠰ᠎ᠦᠨ ᠬᠦᠷᠢᠶᠡᠯᠡᠩ᠂ ᠣᠲᠣ ᠦᠶ᠎ᠡ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠢᠯᠡᠰ᠎ᠦᠨ ᠬᠦᠷᠢᠶᠡᠯᠡᠩ᠎ᠦᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠵᠤ᠂ ᠳᠡᠯᠡᠬᠡᠶ᠎ᠶᠢᠨ ᠲᠠᠰ᠎ᠤᠨ ᠴᠢᠨᠠᠷ ᠰᠠᠶ᠋ᠢᠲᠠᠶ ᠨᠣᠤᠯᠤᠭᠤᠷ᠎ᠤᠨ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠥᠬᠥ᠌ ᠬᠦᠴᠦᠨ᠎ᠢᠶᠡᠷ᠎ᠢᠶᠡᠨ ᠪᠠᠶ᠋ᠢᠭᠤᠯᠵᠤ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠢᠯᠡᠰ᠎ᠦᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠍ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠵᠤ ᠪᠤᠢ᠃

ᠣᠷᠳᠣᠰ ᠬᠣᠲᠠ᠎ᠶ᠋ᠢᠨ ᠢᠮᠠᠭᠠᠨ ᠨᠣᠤᠯᠤᠭᠤᠷ᠎ᠤᠨ ᠭᠠᠷᠤᠯᠲᠠ ᠨᠢ ᠥᠪᠥᠷ ᠮᠣᠩᠭᠣᠯ᠎ᠤᠨ 52%᠎ᠢ᠋ ᠡᠵᠡᠯᠡᠵᠦ᠍᠂ ᠪᠥᠬᠥ᠌ ᠤᠯᠤᠰ᠎ᠤᠨ 22%᠎ᠢ᠋ ᠡᠵᠡᠯᠡᠵᠦ᠍᠂ ᠳᠡᠯᠡᠬᠡᠶ᠎ᠶ᠋ᠢᠨ 13%᠎ᠶ᠋ᠢ ᠡᠵᠡᠯᠡᠵᠦ᠍ ᠪᠤᠢ᠃ ᠣᠯᠠᠨ ᠵᠢᠯ᠎ᠦᠨ ᠲᠤᠷᠰᠢ᠂ ᠣᠷᠳᠣᠰ ᠬᠣᠲᠠ ᠢᠮᠠᠭᠠᠨ ᠨᠣᠤᠯᠤᠭᠤᠷ᠎ᠤᠨ ᠠᠵᠤ ᠦᠢᠯᠡᠰ᠎ᠦᠨ ᠴᠢᠨᠠᠷ ᠰᠠᠢᠲᠠᠶ ᠬᠥᠭᠵᠢᠯᠲᠡ᠎ᠶ᠋ᠢ ᠠᠬᠢᠭᠤᠯᠵᠤ᠂ ᠣᠳᠣᠬᠠᠨ᠎ᠤ ᠳᠡᠯᠡᠬᠡᠶ ᠳᠡᠭᠡᠷᠡᠬᠢ ᠬᠠᠮᠤᠭ᠎ᠤᠨ ᠶᠡᠬᠡ ᠴᠢᠨᠠᠷ ᠰᠠᠢᠳᠠᠢ ᠢᠮᠠᠭᠠᠨ ᠨᠣᠤᠯᠤᠭᠤᠷ᠎ᠤᠨ ᠭᠤᠤᠯ ᠭᠠᠷᠤᠯᠲᠠ᠎ᠶ᠋ᠢᠨ ᠣᠷᠣᠨ᠂ ᠢᠮᠠᠭᠠᠨ ᠨᠣᠤᠯᠤᠭᠤᠷ᠎ᠤᠨ ᠪᠦᠲᠦᠭᠡᠭᠳᠡᠬᠦᠨ ᠦᠢᠯᠡᠳᠪᠦᠷᠢᠯᠡᠵᠦ᠍ ᠪᠣᠯᠪᠠᠰᠤᠷᠠᠭᠤᠯᠬᠤ ᠰᠠᠭᠤᠷᠢᠨ ᠪᠣᠯᠵᠠᠢ᠃

ᠡᠨᠡ ᠵᠢᠯ᠂ ᠥᠪᠥᠷ ᠮᠣᠩᠭᠣᠯ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠰᠦ᠂ ᠡᠷᠳᠡᠨᠢ ᠰᠢᠰᠢ᠂᠎ᠮᠢᠬᠠᠨ᠎ᠤ ᠬᠣᠨᠢ ᠶ᠋ᠢᠨ ᠪᠦᠬᠦ ᠠᠵᠦ ᠦᠢᠯᠡᠰ᠎ᠤᠨ ᠬᠡᠯᠬᠢᠶ᠎ᠠ᠎ᠶᠢᠨ ᠦᠢᠯᠡᠳᠬᠦᠨ᠎ᠤ ᠦᠷᠳᠡᠭ ᠨᠢ ᠮᠢᠩᠭᠠᠨ ᠳ᠋ᠦᠩᠰᠢᠭᠤᠷ ᠲᠦᠬᠦᠷᠢᠭ᠎ᠢ ᠲᠠᠪᠠᠭᠰᠠᠨ ᠭᠤᠷᠪᠠᠨ ᠠᠵᠤ ᠦᠢᠯᠡᠰ᠎ᠦᠨ ᠬᠡᠯᠬᠢᠶ᠎ᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠪᠥᠬᠥ᠌ ᠬᠦᠴᠦᠨ᠎ᠢᠶᠡᠷ ᠠᠬᠢᠭᠤᠯᠵᠤ᠂ ᠮᠢᠬᠠᠨ᠎ᠤ ᠦᠬᠡᠷ᠂ ᠲᠡᠵᠢᠬᠡᠯ ᠡᠪᠡᠰᠦ᠎ᠶᠢᠨ ᠬᠣᠶᠠᠷ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠬᠦᠨ᠎ᠤ ᠦᠷᠳᠡᠭ ᠨᠢ ᠮᠢᠩᠭᠠᠨ ᠳ᠋ᠦᠩᠰᠢᠭᠤᠷ ᠲᠦᠬᠦᠷᠢᠭ᠎ᠢ ᠲᠠᠪᠠᠬᠤ᠎ᠵᠢ ᠲᠦᠷᠭᠡᠳᠬᠡᠵᠦ᠂ ᠲᠥᠮᠥᠰᠥ᠍᠂ ᠢᠮᠠᠭᠠᠨ ᠨᠣᠤᠯᠤᠭᠤᠷ᠎ᠤᠨ ᠬᠣᠶᠠᠷ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠬᠦᠨ᠎ᠤ ᠦᠷᠳᠡᠭ ᠨᠢ ᠮᠢᠩᠭᠠᠨ ᠳ᠋ᠦᠩᠰᠢᠭᠤᠷ ᠲᠦᠬᠦᠷᠢᠭ᠎ᠤᠨ ᠲᠠᠪᠠᠯᠳᠡ ᠳᠠᠢᠰᠢ ᠤᠷᠤᠭᠰᠢᠯᠠᠬᠤ᠎ᠵᠢ ᠠᠬᠢᠭᠤᠯᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面