ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-13 11:43:54

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠡᠨᠡ ᠵᠢᠯ ᠡᠴᠡ ᠨᠠᠭᠠᠰᠢ᠂ ᠬᠦᠬᠡᠬᠤᠳᠠ ᠶ᠋ᠢᠨ ᠰᠢᠨ᠎ᠡ ᠬᠤᠲᠠ ᠲᠣᠭᠤᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠠᠰᠠᠭᠤᠳᠠᠯ ᠢ᠋ᠶ᠋ᠡᠷ ᠤᠳᠤᠷᠢᠳᠤᠮᠵᠢ ᠪᠣᠯᠭᠠᠬᠤ᠂ ᠬᠠᠷᠠᠯᠲᠠ ᠲᠠᠢ ᠪᠠᠷ ᠬᠦᠴᠦᠯᠡᠬᠦ ᠵᠢ ᠪᠠᠷᠢᠮᠲᠠᠯᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠱᠠᠲᠤ᠌ ᠱᠠᠲᠤ ᠪᠡᠷ ᠪᠣᠳᠠᠲᠠᠶ᠋ᠢᠵᠢᠭᠤᠯᠵᠤ᠂ ᠤᠯᠠᠭᠠᠨ ᠢᠳᠡᠬᠡᠨ ᠤ᠋ ᠪᠥᠬᠦ᠌ ᠬᠡᠯᠬᠢᠶ᠎ᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠪᠦᠲᠦᠮᠵᠢ ᠶ᠋ᠢ ᠰᠠᠢᠵᠢᠷᠠᠭᠤᠯᠬᠤ ᠵᠢ ᠲᠠᠰᠤᠷᠠᠯᠲᠠ ᠦᠭᠡᠢ ᠠᠬᠢᠭᠤᠯᠪᠠ᠃

ᠴᠡᠭᠴᠡᠯᠡᠨ ᠵᠠᠰᠠᠬᠤ ᠬᠤᠭᠤᠴᠠᠭᠠᠨ ᠳ᠋ᠤ ᠪᠦᠬᠦᠨ ᠢ᠋ ᠬᠠᠮᠤᠷᠤᠬᠰᠠᠨ ᠵᠢᠭᠰᠠᠭᠠᠨ ᠪᠠᠶ᠋ᠢᠴᠠᠭᠠᠬᠤ ᠵᠠᠭᠪᠤᠷ ᠢ᠋ ᠬᠡᠷᠡᠭᠯᠡᠵᠦ᠍᠂ ᠤᠯᠠᠭᠠᠨ ᠢᠳᠡᠬᠡᠨ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ᠌ ᠨᠢᠭᠡᠴᠢ ᠵᠢ ᠪᠠᠭᠳᠠᠭᠠᠭᠰᠠᠨ ᠨᠡᠶ᠋ᠢᠲᠡ 4002 ᠡᠷᠦᠬᠡ ᠵᠢ ᠵᠢᠭᠰᠠᠭᠠᠨ ᠪᠠᠶ᠋ᠢᠴᠠᠭᠠᠪᠠ᠃ ᠢᠳᠡᠭᠡᠨ ᠤ᠋ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ᠋ ᠦᠢᠯᠡᠴᠢᠯᠡᠭᠡᠨ ᠤ᠋ ᠪᠥᠬᠦ᠌ ᠬᠡᠯᠬᠢᠶ᠎ᠡ ᠶ᠋ᠢᠨ ᠬᠢᠨᠠᠯᠲᠠ ᠬᠠᠮᠢᠶᠠᠷᠤᠯᠲᠠ ᠵᠢ ᠨᠢᠭᠡᠳᠦᠯᠲᠡᠢ ᠲᠥᠯᠦᠪᠵᠢᠭᠦᠯᠦᠨ ᠰᠠᠶ᠋ᠢᠲᠤᠷ ᠠᠳᠭᠤᠵᠤ᠂ ᠭᠤᠤᠯ ᠴᠣᠭᠴᠠ ᠶ᠋ᠢᠨ ᠡᠬᠡ ᠲᠠᠩᠰᠠ᠂ ᠪᠠᠶ᠋ᠢᠴᠠᠭᠠᠯᠲᠠ ᠶ᠋ᠢᠨ ᠡᠬᠡ ᠲᠠᠩᠰᠠ᠂ ᠠᠰᠠᠭᠤᠳᠠᠯ ᠤ᠋ᠨ ᠡᠬᠡ ᠲᠠᠩᠰᠠ ᠵᠡᠷᠭᠡ 3 ᠲᠥᠷᠦᠯ ᠤ᠋ᠨ ᠬᠢᠨᠠᠯᠲᠠ ᠬᠠᠮᠢᠶᠠᠷᠤᠯᠲᠠ ᠶ᠋ᠢᠨ ᠡᠬᠡ ᠲᠠᠩᠰᠠ ᠵᠢ ᠵᠢᠷᠤᠮᠵᠢᠭᠤᠯᠤᠨ ᠪᠠᠶ᠋ᠢᠭᠤᠯᠵᠤ᠂ ᠡᠬᠡ ᠲᠠᠩᠰᠠ ᠵᠢ ᠬᠥᠳᠡᠯᠦᠩᠭᠦᠢ ᠪᠡᠷ ᠰᠢᠨᠡᠳᠬᠡᠨ ᠬᠠᠮᠢᠶᠠᠷᠬᠤ ᠵᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶ᠋ᠢᠨ ᠪᠥᠬᠦ᠌ ᠶᠠᠪᠤᠴᠠ ᠵᠢ ᠮᠥᠷᠳᠡᠵᠦ᠍ ᠪᠣᠯᠬᠤ᠂ ᠬᠠᠷᠢᠭᠤᠴᠠᠯᠭ᠎ᠠ ᠶ᠋ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠪᠡᠶᠡᠯᠡᠭᠦᠯᠪᠡ᠃

ᠢᠳᠡᠭᠡᠨ ᠦᠢᠯᠡᠳᠪᠦᠷᠢᠯᠡᠬᠦ᠌ ᠬᠦᠷᠢᠶᠡᠨ ᠳ᠋ᠤ᠂ ᠬᠠᠷᠢᠶ᠎ᠠ ᠣᠷᠤᠨ ᠤ᠋ ᠪᠠᠨ ᠤᠯᠠᠭᠠᠨ ᠢᠳᠡᠬᠡᠨ ᠪᠤᠯᠪᠠᠰᠤᠷᠠᠭᠤᠯᠬᠤ 5 ᠠᠵᠤ ᠠᠬᠤᠶ᠋ᠢᠯᠠᠯ ᠪᠤᠯᠤᠨ 22 ᠵᠢᠵᠢᠭ ᠦᠢᠯᠡᠳᠬᠡᠯ ᠤ᠋ᠨ ᠭᠠᠵᠠᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠲᠦᠭᠦᠬᠡᠢ ᠮᠠᠲᠧᠷᠢᠶᠠᠯ ᠤ᠋ᠨ ᠡᠬᠢ ᠢᠷᠡᠯᠲᠡ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ᠋ ᠬᠢᠷᠢ ᠬᠡᠮ᠂ ᠦᠨᠡᠮᠯᠡᠯ ᠪᠠᠷᠢᠮᠲᠠ ᠠᠪᠤᠬᠰᠠᠨ ᠪᠠᠢᠳᠠᠯ᠂ ᠠᠮᠢᠲᠠᠨ ᠤ᠋ ᠬᠢᠵᠢᠭ ᠤ᠋ᠨ ᠪᠠᠶ᠋ᠢᠴᠠᠭᠠᠯᠲᠠ ᠳ᠋ᠤ ᠬᠢᠷᠢ ᠲᠡᠩᠴᠡᠭᠰᠡᠨ ᠭᠡᠷᠡᠴᠢ ᠵᠢᠴᠢ ᠦᠢᠯᠡᠳᠪᠦᠷᠢᠯᠡᠯ ᠤ᠋ᠨ ᠮᠠᠲᠧᠷᠢᠶᠠᠯ ᠣᠷᠤᠭᠤᠯᠤᠭᠰᠠᠨ ᠲᠡᠮᠳᠡᠭᠯᠡᠯ ᠵᠡᠷᠭᠡ ᠠᠭᠤᠯᠭ᠎ᠠ ᠵᠢ ᠭᠤᠤᠯᠳᠠᠯᠭ᠎ᠠ ᠲᠠᠢ ᠬᠢᠨᠠᠨ ᠪᠠᠶ᠋ᠢᠴᠠᠭᠠᠪᠠ᠃ ᠢᠳᠡᠭᠡᠨ ᠤ᠋ ᠭᠦᠢᠯᠭᠡᠭᠡᠨ ᠤ᠋ ᠬᠦᠷᠢᠶᠡᠨ ᠳ᠋ᠤ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ᠂ ᠲᠣᠮᠤ ᠬᠡᠯᠪᠡᠷᠢ ᠶ᠋ᠢᠨ ᠬᠤᠳᠠᠯᠳᠤᠭᠠᠨ ᠤ᠋ ᠭᠠᠵᠠᠷ ᠬᠡᠲᠦ᠍ ᠳᠡᠯᠭᠡᠭᠦᠷ᠂ ᠳᠥᠭᠦᠮ ᠳᠡᠯᠭᠡᠭᠦᠷ᠂ ᠬᠦᠢᠲᠡᠨ ᠬᠥᠮᠦᠷᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤ᠋ᠨ ᠭᠠᠭ᠍ᠠᠢ ᠶ᠋ᠢᠨ ᠮᠢᠬ᠎ᠠ᠂ ᠦᠬᠡᠷ ᠤ᠋ᠨ ᠮᠢᠬ᠎ᠠ᠂ ᠬᠤᠨᠢᠨ ᠮᠢᠬ᠎ᠠ᠂ ᠪᠣᠯᠭᠤᠭᠰᠠᠨ ᠮᠢᠬᠠᠨ ᠤ᠋ ᠪᠦᠲᠦᠭᠡᠭᠳᠡᠬᠦᠨ᠂ ᠬᠥᠯᠳᠡᠭᠦᠦ ᠮᠢᠬ᠎ᠠ ᠵᠡᠷᠭᠡ ᠭᠤᠤᠯᠳᠠᠯᠭ᠎ᠠ ᠲᠠᠢ ᠲᠥᠷᠦᠯ ᠵᠦᠢᠯ ᠢ᠋ ᠨᠢᠭᠳᠠ ᠠᠩᠬᠠᠷᠴᠤ᠌᠂ ᠪᠠᠷᠠᠭ᠎ᠠ ᠣᠷᠤᠭᠤᠯᠬᠤ ᠳ᠋ᠠᠭᠠᠨ ᠪᠠᠶ᠋ᠢᠴᠠᠭᠠᠨ ᠰᠢᠯᠭᠠᠬᠰᠠᠨ ᠡᠰᠡᠬᠦ᠂ ᠬᠦᠢᠲᠡᠨ ᠬᠡᠯᠬᠢᠶᠡᠲᠦ᠍ ᠬᠠᠳᠠᠭᠠᠯᠠᠯᠲᠠ ᠶ᠋ᠢᠨ ᠪᠠᠢᠳᠠᠯ ᠵᠢᠴᠢ ᠱᠣᠰᠢᠭ᠎ᠠ ᠲᠡᠮᠳᠡᠭ ᠢ᠋ ᠨᠢ ᠴᠢᠩᠭ᠎ᠠ ᠪᠠᠶ᠋ᠢᠴᠠᠭᠠᠵᠤ᠂ ᠴᠢᠨᠠᠷ ᠢ᠋ ᠪᠠᠲᠤᠯᠠᠬᠤ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠠᠭᠰᠠᠨ᠂ ᠢᠷᠡᠯᠳᠡ ᠨᠢ ᠲᠣᠳᠤᠷᠬᠠᠢ᠎ᠦᠭᠡᠢ᠂ ᠬᠢᠵᠢᠭ ᠪᠠᠶ᠋ᠢᠴᠠᠭᠠᠭᠰᠠᠨ ᠭᠡᠷᠡᠴᠢᠯᠡᠯ ᠦᠭᠡᠢ᠂ ᠬᠤᠳᠠᠯ ᠬᠠᠭᠤᠷᠮᠠᠭ ᠴᠢᠨᠠᠷ ᠮᠠᠭᠤ ᠤᠯᠠᠭᠠᠨ ᠢᠳᠡᠬᠡᠨ ᠢ᠋ ᠪᠤᠷᠤᠯᠠᠭᠤᠯᠤᠭᠰᠠᠨ ᠵᠡᠷᠭᠡ ᠬᠠᠤᠯᠢ ᠡᠴᠡ ᠵᠦᠷᠢᠴᠡᠭᠰᠡᠨ ᠠᠵᠢᠯᠯᠠᠭ᠎ᠠ ᠵᠢ ᠴᠢᠩᠭ᠎ᠠ ᠬᠢᠨᠠᠨ ᠪᠠᠶ᠋ᠢᠴᠠᠭᠠᠪᠠ᠃ ᠢᠳᠡᠭᠡᠨ ᠤᠮᠳᠠᠭᠠᠨ ᠤ᠋ ᠦᠢᠯᠡᠴᠢᠯᠡᠭᠡᠨ ᠤ᠋ ᠬᠦᠷᠢᠶᠡᠨ ᠳ᠋ᠤ᠂ ᠱᠤᠷᠤᠯᠠᠭ᠎ᠠ ᠶ᠋ᠢᠨ ᠭᠠᠵᠠᠷ᠂ ᠬᠠᠯᠠᠭᠤᠨ ᠲᠣᠭᠤᠭᠠᠨ ᠤ᠋ ᠭᠠᠵᠠᠷ ᠵᠡᠷᠭᠡ ᠡᠵᠡᠩᠨᠡᠯᠲᠡ ᠶ᠋ᠢᠨ ᠨᠢᠭᠡᠴᠢ ᠵᠢ ᠭᠤᠤᠯᠳᠠᠯᠭ᠎ᠠ ᠲᠠᠢ ᠠᠩᠬᠠᠷᠴᠤ᠌᠂ ᠤᠯᠠᠭᠠᠨ ᠢᠳᠡᠬᠡᠨ ᠤ᠋ ᠲᠦᠭᠦᠬᠡᠢ ᠮᠠᠲᠧᠷᠢᠶᠠᠯ ᠢ᠋ ᠬᠠᠮᠢᠶᠠᠷᠤᠨ ᠡᠵᠡᠮᠳᠡᠬᠦ᠂ ᠦᠨᠡᠮᠯᠡᠯ ᠪᠠᠷᠢᠮᠲᠠ ᠠᠪᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠡᠷᠭᠡ ᠶ᠋ᠢ ᠴᠢᠩᠭ᠎ᠠ ᠬᠢᠨᠠᠨ ᠪᠠᠶ᠋ᠢᠴᠠᠭᠠᠪᠠ᠃ ᠡᠭᠦᠨ ᠤ᠋ ᠬᠠᠮᠳᠤ ᠦᠯᠢᠭᠡᠷ ᠠᠪᠴᠤ᠌ ᠰᠢᠯᠭᠠᠨ ᠪᠠᠶ᠋ᠢᠴᠠᠭᠠᠵᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭᠠᠳᠭᠠᠵᠤ᠂ ᠤᠯᠠᠭᠠᠨ ᠢᠳᠡᠬᠡᠨ ᠳ᠋ᠤ 72 ᠪᠦᠯᠦᠭ ᠤᠳᠠᠭ᠎ᠠ ᠶ᠋ᠢᠨ ᠰᠤᠭᠤᠴᠢᠨ ᠪᠠᠶ᠋ᠢᠴᠠᠭᠠᠬᠤ ᠠᠵᠢᠯᠯᠠᠭ᠎ᠠ ᠦᠷᠨᠢᠭᠦᠯᠵᠦ᠂ ᠰᠤᠭᠤᠴᠢᠨ ᠪᠠᠶ᠋ᠢᠴᠠᠭᠠᠯᠲᠠ ᠳ᠋ᠤ ᠬᠢᠷᠢ ᠲᠡᠩᠴᠡᠭᠰᠡᠨ ᠨᠣᠷᠮ᠎ᠠ ᠨᠢ 100% ᠳ᠋ᠤ ᠬᠦᠷᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面