2026-11-13 16:36:12
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷᠦᠨ ᠲᠣᠪᠴᠢᠶ᠎ᠠ ᠡᠴᠡ ᠣᠢᠯᠠᠭᠠᠭᠰᠠᠨ ᠵᠢᠡᠷ᠂ ᠢᠷᠡᠬᠦ ᠲᠠᠪᠤᠨ ᠵᠢᠯᠳᠦ ᠥᠪᠥᠷ ᠮᠣᠩᠭᠣᠯ ᠨᠡᠭᠦᠷᠡᠰᠦᠲᠥ᠋ᠷᠥᠭᠴᠢ ᠶ᠋ᠢ ᠲᠣᠭᠲᠠᠪᠤᠷᠢᠵᠢᠭᠤᠯᠤᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠶ᠋ᠢ ᠨᠡᠮᠡᠭᠳᠡᠭᠦᠯᠬᠦ᠂ ᠥᠷᠲᠡᠭ ᠢ᠋ ᠪᠡᠶᠡᠯᠡᠭᠦᠯᠬᠦ ᠪᠠ ᠲᠤᠷᠰᠢᠯᠲᠠ ᠵᠢᠨ ᠴᠡᠭ ᠲᠤ᠌ ᠵᠢᠱ᠌ᠢᠶ᠎ᠡ ᠦᠵᠡᠭᠦᠯᠬᠦ ᠭᠤᠷᠪᠠᠨ ᠶᠡᠬᠡ ᠠᠵᠢᠯᠯᠠᠭ᠎ᠠ ᠶ᠋ᠢ ᠲᠥᠪᠯᠡᠷᠡᠭᠦᠯᠦᠨ ᠬᠡᠷᠡᠭᠵᠢᠭᠦᠯᠵᠦ᠂ 《ᠤᠮᠠᠷᠠᠲᠤ ᠶ᠋ᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ》 ᠵᠢᠨ ᠬᠤᠷᠠᠮᠳᠤᠭᠤᠯᠭ᠎ᠠ ᠵᠢᠨ ᠨᠠᠷᠠᠲᠤ ᠲᠡᠮᠳᠡᠭ ᠢ᠋ ᠪᠥᠬᠥ ᠲᠠᠯᠠᠪᠠᠷ ᠴᠤᠭᠴᠠᠯᠠᠵᠤ᠂ ᠠᠮᠢ ᠠᠬᠤᠢ ᠶ᠋ᠢᠨ ᠦᠷ᠎ᠡ ᠠᠰᠢᠭ᠋ ᠪᠠ ᠠᠵᠤ ᠠᠬᠤᠢ ᠶ᠋ᠢᠨ ᠦᠷ᠎ᠡ ᠠᠰᠢᠭ᠋ ᠤ᠋ᠨ ᠬᠣᠣᠰ ᠠᠰᠢᠭ᠋ ᠭᠥᠷᠳᠡᠬᠦ ᠶ᠋ᠢ ᠠᠬᠢᠭᠤᠯᠬᠤᠪᠠᠷ ᠪᠤᠢ᠃
ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠨᠡᠭᠦᠷᠡᠰᠦᠲᠥ᠋ᠷᠥᠭᠴᠢ ᠶ᠋ᠢᠨ ᠬᠤᠷᠠᠮᠳᠤᠭᠤᠯᠭ᠎ᠠ ᠵᠢᠨ ᠬᠠᠩᠭᠠᠯᠭ᠎ᠠ ᠶ᠋ᠢᠨ ᠰᠠᠭᠤᠷᠢᠨ ᠪᠣᠯᠤᠭᠰᠠᠨ ᠤ᠋ ᠬᠤᠪᠢᠳᠤ᠂ ᠥᠪᠥᠷ ᠮᠣᠩᠭᠣᠯ ᠤ᠋ᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠶ᠋ᠢᠨ ᠬᠠᠳᠠᠭᠠᠯᠠᠭᠳᠠᠴᠠ 105.38 ᠳ᠋ᠦᠩᠰᠢᠭᠤᠷ ᠲᠣᠨ ᠡᠴᠡ ᠳᠡᠭᠡᠭᠰᠢ ᠲᠣᠭᠲᠠᠪᠤᠷᠢᠵᠢᠵᠤ᠂ ᠵᠢᠯᠦᠨ ᠨᠡᠭᠦᠷᠡᠰᠦᠲᠥ᠋ᠷᠥᠭᠴᠢ ᠶ᠋ᠢᠨ ᠬᠤᠷᠠᠮᠳᠤᠭᠤᠯᠭ᠎ᠠ ᠵᠢᠨ ᠬᠡᠮᠵᠢᠶ᠎ᠡ ᠨᠡᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠨᠡᠭᠦᠷᠡᠰᠦᠲᠦ᠋ᠷᠦᠭᠴᠢ ᠵᠢᠨ ᠳᠠᠪᠬᠤᠷ ᠢᠰᠦᠯ ᠢ᠋ 1.19 ᠳ᠋ᠦᠩᠰᠢᠭᠤᠷ ᠲᠤᠨ ᠭᠠᠳᠠᠭᠰᠢᠯᠠᠭᠤᠯᠤᠭᠰᠠᠨ ᠲᠠᠢ ᠲᠡᠩᠴᠡᠵᠤ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠡᠬᠢ ᠪᠠᠶᠠᠯᠢᠭᠢᠶᠡᠷ ᠪᠦᠬᠦ ᠤᠯᠤᠰ ᠤ᠋ᠨ ᠲᠦᠷᠦᠭᠦᠨ ᠡᠩᠨᠡᠭᠡᠨ ᠳ᠋ᠤ ᠵᠢᠭᠰᠠᠭᠠᠭᠳᠠᠨ᠎ᠠ᠃ ᠤᠳᠤᠬᠠᠨ ᠳᠤ ᠪᠦᠬᠦ ᠣᠷᠣᠨ ᠤ᠋ ᠤᠯᠤᠰ ᠤ᠋ᠨ CCER ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠲᠠᠪᠴᠠᠩ ᠳᠡᠭᠡᠷ᠎ᠡ ᠨᠡᠢᠲᠡᠯᠡᠭᠰᠡᠨ ᠲᠥᠷᠥᠯ ᠵᠦᠢᠯ 16᠂ ᠶᠡᠷᠦᠩᠬᠡᠢ ᠲᠠᠯᠠᠪᠠᠶ ᠨᠢ 160 ᠲᠦᠮᠡᠨ ᠮᠦ᠍ ᠬᠦᠷᠴᠤ᠂ ᠲᠥᠷᠥᠯ ᠵᠦᠢᠯᠦᠨ ᠲᠣᠭ᠎ᠠ ᠬᠡᠮᠵᠢᠶ᠎ᠡ ᠪᠡᠷ ᠪᠦᠬᠦ ᠤᠯᠤᠰᠲᠤ ᠲᠡᠷᠢᠭᠦᠯᠡᠵᠦ ᠪᠠᠢᠨ᠎ᠠ᠃
ᠣᠢᠷ᠎ᠠ ᠶ᠋ᠢᠨ ᠵᠢᠯᠦᠨ ᠲᠤᠷᠰᠢ ᠥᠪᠥᠷ ᠮᠣᠩᠭᠣᠯ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠡᠬᠢ ᠪᠠᠶᠠᠯᠢᠭ᠋ ᠢ᠋ ᠨᠡᠭᠡᠭᠡᠨ ᠠᠰᠢᠭ᠍ᠯᠠᠬᠤ᠂ ᠬᠡᠮᠵᠢᠬᠦ ᠬᠢᠭᠡᠳ ᠵᠠᠬ᠎ᠠ ᠳᠡᠯᠭᠡᠭᠦᠷᠴᠢᠯᠡᠨ ᠤᠯᠠᠷᠢᠭᠤᠯᠬᠤ ᠶ᠋ᠢ ᠦᠷᠭᠦᠯᠵᠢᠯᠡᠨ ᠠᠬᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠬᠠᠯᠬᠠᠪᠴᠢ ᠣᠶ ᠵᠡᠷᠭᠡ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠭᠡᠯᠳᠦ ᠲᠦᠰᠢᠭᠯᠡᠨ᠂ ᠠᠮᠢ ᠠᠬᠤᠢ ᠶ᠋ᠢᠨ ᠡᠬᠢ ᠪᠠᠶᠠᠯᠢᠭ᠋ ᠢ᠋ ᠬᠡᠮᠵᠢᠵᠦ ᠪᠣᠯᠬᠤ᠂ ᠠᠷᠠᠯᠵᠢᠶᠠᠯᠠᠵᠤ ᠪᠣᠯᠬᠤ ᠪᠣᠬᠢᠷᠲᠤᠯ ᠦᠭᠡᠢ ᠡᠳ᠋ ᠬᠥᠷᠥᠩᠭᠡ ᠪᠣᠯᠭᠠᠨ ᠬᠤᠪᠢᠷᠠᠭᠤᠯᠪᠠ᠃《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭ᠎ᠠ ᠡᠴᠡ ᠣᠲᠣ᠌ ᠪᠣᠯᠲᠠᠯ᠎ᠠ᠂ ᠥᠪᠥᠷ ᠮᠣᠩᠭᠣᠯ ᠨᠢᠭᠡᠨᠲᠡ 230 ᠭᠠᠷᠤᠢ ᠲᠦᠮᠡᠨ ᠲᠣᠨ ᠴᠢᠨᠠᠷ ᠰᠠᠢᠲᠠᠢ ᠣᠶ ᠰᠢᠭᠤᠢ ᠪᠠ ᠨᠤᠲᠤᠭ ᠪᠡᠯᠴᠢᠭᠡᠷ ᠦᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠪᠦᠲᠦᠭᠡᠭᠳᠡᠬᠦᠨ ᠢ᠋ ᠬᠠᠩᠭᠠᠵᠤ᠂ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢᠨ ᠥᠷᠲᠡᠭ ᠢ᠋ ᠣᠯᠠᠨ ᠠᠷᠭ᠎ᠠ ᠵᠠᠮ ᠵᠢᠡᠷ ᠤᠯᠠᠷᠢᠭᠤᠯᠤᠨ 1.3 ᠳ᠋ᠦᠩᠰᠢᠭᠤᠷ ᠲᠥᠭᠥᠷᠢᠭ ᠢ᠋ ᠳᠠᠪᠠᠭᠤᠯᠪᠠ᠃ ᠲᠥᠯᠦᠪᠵᠢᠭᠦᠯᠭᠡ ᠶᠣᠰᠣᠭᠠᠷ᠂ 2030 ᠣᠨ ᠪᠣᠯᠬᠤᠳᠤ ᠪᠥᠬᠥ ᠣᠷᠣᠨ ᠤ᠋ ᠣᠶ ᠰᠢᠭᠤᠢ ᠨᠤᠲᠤᠭ ᠪᠡᠯᠴᠢᠭᠡᠷᠨᠤᠭᠤ ᠭᠠᠵᠠᠷ ᠤ᠋ᠨ ᠨᠡᠭᠦᠷᠡᠰᠦᠲᠥ᠋ᠷᠥᠭᠴᠢ ᠶ᠋ᠢᠨ ᠬᠠᠳᠠᠭᠠᠯᠠᠭᠳᠠᠴᠠ ᠶ᠋ᠢ 110 ᠳ᠋ᠦᠩᠰᠢᠭᠤᠷ ᠲᠣᠨ ᠡᠴᠡ ᠳᠡᠭᠡᠭᠰᠢᠳᠦ ᠬᠦᠷᠦᠭᠦᠯᠵᠦ᠂ ᠪᠥᠬᠥ ᠤᠯᠤᠰ ᠤ᠋ᠨ ᠲᠡᠷᠢᠭᠦᠨᠦ ᠨᠡᠭᠦᠷᠡᠰᠦᠲᠦ᠋ᠷᠦᠭᠴᠢ ᠵᠢᠨ ᠬᠤᠷᠠᠮᠳᠤᠭᠤᠯᠭ᠎ᠠ ᠵᠢᠨ ᠬᠠᠩᠭᠠᠯᠭ᠎ᠠ ᠶ᠋ᠢᠨ ᠴᠢᠳᠠᠪᠤᠷᠢ ᠶ᠋ᠢ ᠦᠷᠭᠦᠯᠵᠢᠯᠡᠨ ᠪᠡᠬᠢᠵᠢᠭᠦᠯᠬᠦ ᠪᠡᠷ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃