ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-16 10:37:19

ᠵᠣᠬᠢᠶᠠᠭ᠍ᠴᠢ᠄ ᠭᠤᠤ ᠬᠣᠶ ᠣᠩᠱᠢᠭ᠍ᠰᠠᠨ ᠣᠳᠠᠭ᠎ᠠ᠄ 3

ᠣᠶ᠋ᠢᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠯᠵᠢᠶ᠎ᠠ ᠢ᠋ᠢ ᠠᠬᠢᠭᠤᠯᠬᠤ ᠵᠦᠪᠯᠡᠯ ᠡᠴᠡ ᠭᠤᠤᠯᠯᠠᠨ ᠡᠷᠭᠢᠯᠡᠭᠰᠡᠨ 《ᠴᠢᠯᠥᠭᠡᠲᠦ᠍ ᠠᠷᠠᠯᠵᠢᠶᠠᠨ ᠤ᠋ ᠰᠢᠨ᠎ᠡ ᠠᠵᠠ ᠲᠣᠬᠢᠶᠠᠯ ᠢ᠋ ᠬᠠᠮᠲᠤ ᠪᠡᠷ ᠡᠳ᠋ᠯᠡᠵᠦ᠍ ᠬᠥᠭᠵᠢᠯᠲᠡ ᠢ᠋ᠢᠨ ᠰᠢᠨ᠎ᠡ ᠬᠥᠳᠡᠯᠭᠡᠭᠦᠷ ᠢ᠋ ᠬᠠᠮᠲᠤ ᠪᠡᠷ ᠡᠭᠦᠳᠦᠶ᠎ᠠ》 — ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠪᠠᠩᠬᠢ (ᠴᠧᠩᠳᠦ᠋ ᠴᠦᠩᠴᠢᠩ) ᠢ᠋ᠢᠨ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠠᠵᠢᠯᠯᠠᠭ᠎ᠠ ᠴᠧᠩᠳᠦ᠋ ᠳ᠋ᠤ ᠶᠠᠪᠤᠭᠳᠠᠪᠠ᠃ ᠥᠪᠥᠷ ᠮᠤᠩᠭᠤᠯ ᠤ᠋ᠨ 20 ᠠᠵᠤ ᠠᠬᠤᠶ᠋ᠢᠯᠠᠯ ᠪᠣᠯᠤᠨ ᠴᠧᠩᠳᠦ᠋ ᠴᠦᠩᠴᠢᠩ ᠤ᠋ᠨ 80 ᠭᠠᠷᠤᠶ ᠠᠵᠤ ᠠᠬᠤᠶ᠋ᠢᠯᠠᠯ ᠤ᠋ᠨ ᠲᠥᠯᠥᠭᠡᠯᠡᠭᠴᠢ ᠵᠢᠴᠢ 3 ᠭᠠᠵᠠᠷ ᠤ᠋ᠨ ᠠᠷᠠᠯᠵᠢᠶ᠎ᠠ ᠢ᠋ᠢ ᠠᠬᠢᠭᠤᠯᠬᠤ ᠰᠢᠰᠲ᠋ᠧᠮ᠂ ᠬᠤᠳᠠᠯᠳᠤᠭᠠᠴᠢᠳ ᠤ᠋ᠨ ᠡᠪᠯᠡᠯ ᠤ᠋ᠨ ᠲᠥᠯᠥᠭᠡᠯᠡᠭᠴᠢ ᠵᠡᠷᠭᠡ 170 ᠭᠠᠷᠤᠶ ᠬᠥᠮᠦᠨ ᠨᠢᠭᠡ ᠲᠠᠩᠬᠢᠮ ᠳ᠋ᠤ ᠴᠤᠭᠯᠠᠷᠠᠨ ᠥᠪᠥᠷ ᠮᠣᠩᠭᠣᠯ ᠰᠸᠴᠤᠸᠠᠨ ᠴᠦᠩᠴᠢᠩ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠢ᠋ᠢ ᠭᠦᠨᠵᠡᠭᠡᠶ᠋ᠢᠷᠡᠭᠦᠯᠬᠦ᠌ ᠰᠢᠨ᠎ᠡ ᠠᠷᠭ᠎ᠠ ᠵᠠᠮ ᠢ᠋ ᠬᠠᠮᠲᠤ ᠪᠡᠷ ᠵᠥᠪᠳᠡᠯᠴᠡᠪᠡ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠯᠵᠢᠶ᠎ᠠ ᠢ᠋ᠢ ᠠᠬᠢᠭᠤᠯᠬᠤ ᠵᠦᠪᠯᠡᠯ ᠤ᠋ᠨ ᠬᠥᠭᠵᠢᠯᠲᠡ ᠵᠢ ᠰᠤᠳᠤᠯᠬᠤ ᠬᠡᠯᠲᠡᠰ ᠤ᠋ᠨ ᠳᠠᠷᠤᠭ᠎ᠠ ᠭᠦᠩ ᠬᠠᠢ ᠪᠢᠨ᠄《ᠥᠪᠥᠷ ᠮᠣᠩᠭᠣᠯ ᠪᠣᠯᠤᠨ ᠴᠧᠩᠳᠦ᠋ ᠴᠦᠩᠴᠢᠩ ᠬᠡᠳᠦᠶ᠋ᠢᠪᠡᠷ ᠮᠢᠩᠭᠠᠨ ᠭᠠᠵᠠᠷ ᠠᠯᠤᠰᠯᠠᠵᠤ ᠪᠠᠶ᠋ᠢᠪᠠᠴᠤ᠌ ᠠᠵᠤ ᠠᠬᠤᠢ ᠢ᠋ᠢᠨ ᠬᠠᠷᠢᠯᠴᠠᠨ ᠨᠥᠬᠥᠪᠥᠷᠢᠯᠡᠬᠦ᠌ ᠴᠢᠨᠠᠷ ᠵᠢᠷ ᠴᠢᠩᠭ᠎ᠠ᠂ ᠬᠠᠮᠲᠤᠷᠠᠯᠴᠠᠭᠠᠨ ᠤ᠋ ᠣᠷᠣᠨ ᠵᠠᠢ ᠪᠡᠷ ᠯᠤᠲᠤ᠌ ᠶᠡᠬᠡ ᠶᠤᠮ᠃ ᠲᠣᠰ ᠤᠳᠠᠭ᠎ᠠ ᠵᠢᠨ ᠠᠵᠢᠯᠯᠠᠭ᠎ᠠ ᠳ᠋ᠤ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠪᠡᠷ ᠠᠵᠠ ᠲᠣᠬᠢᠶᠠᠯ ᠪᠤᠯᠭᠠᠨ ᠴᠧᠩᠳᠦ᠋ ᠴᠦᠩᠴᠢᠩ 2 ᠬᠣᠲᠠ ᠢ᠋ᠢᠨ ᠠᠵᠤ ᠠᠬᠤᠶ ᠢ᠋ᠢᠨ ᠬᠦᠷᠢᠶᠡᠨ ᠤ᠋ ᠤᠯᠤᠰ ᠤ᠋ᠨ ᠪᠠᠶ᠋ᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠡᠴᠡ᠎ᠪᠠᠨ ᠵᠣᠯᠭᠠᠭᠤᠯᠤᠨ᠂ ᠣᠷᠣᠨ ᠪᠦᠰᠡ ᠠᠯᠤᠰᠯᠠᠭᠰᠠᠨ ᠠᠵᠤ ᠦᠢᠯᠡᠰ ᠤ᠋ᠨ ᠬᠠᠮᠵᠢᠯᠴᠠᠭ᠎ᠠ ᠢ᠋ᠢ ᠭᠦᠨᠵᠡᠭᠡᠶ᠋ᠢᠷᠡᠭᠦᠯᠵᠦ᠍᠂ ᠬᠣᠶᠠᠷ ᠭᠠᠵᠠᠷ ᠤ᠋ᠨ ᠡᠬᠢ ᠪᠠᠶᠠᠯᠢᠭ ᠵᠢᠡᠨ ᠬᠠᠷᠢᠯᠴᠠᠨ ᠨᠥᠬᠥᠪᠥᠷᠢᠯᠡᠬᠦ᠌᠂ ᠬᠠᠷᠢᠯᠴᠠᠨ ᠠᠰᠢᠭᠲᠠᠶ ᠬᠠᠮᠲᠤ ᠪᠡᠷ ᠠᠰᠢᠭ ᠭᠥᠷᠳᠡᠬᠦ᠌ ᠢ᠋ᠢ ᠴᠢᠨᠠᠭᠰᠢᠳᠠ ᠠᠬᠢᠭᠤᠯᠬᠤ ᠵᠢ ᠵᠤᠷᠢᠪᠠ》 ᠭᠡᠵᠤ ᠲᠠᠨᠢᠯᠴᠠᠭᠤᠯᠵᠠᠢ᠃

ᠵᠥᠪᠳᠡᠯᠴᠡᠬᠡᠷ ᠤ᠋ᠨ ᠬᠤᠷᠠᠯ ᠳᠡᠭᠡᠷ᠎ᠡ᠂ ᠬᠣᠶᠠᠷ ᠭᠠᠵᠠᠷ ᠤ᠋ᠨ ᠠᠷᠠᠯᠵᠢᠶ᠎ᠠ ᠬᠤᠳᠠᠯᠳᠤᠭᠠᠨ ᠤ᠋ ᠠᠵᠤ ᠠᠬᠤᠶ᠋ᠢᠯᠠᠯ ᠤ᠋ᠨ ᠲᠥᠯᠥᠭᠡᠯᠡᠭᠴᠢᠳ ᠲᠤᠰᠬᠠᠶ ᠰᠡᠳᠦᠪᠲᠦ᠍ ᠲᠠᠨᠢᠯᠴᠠᠭᠤᠯᠭ᠎ᠠ ᠬᠢᠪᠠ᠃ ᠥᠪᠥᠷ ᠮᠣᠩᠭᠣᠯ ᠤ᠋ᠨ ᠬᠠᠮᠢᠶ᠎ᠠ ᠪᠥᠬᠥᠶ ᠲᠥᠯᠥᠭᠡᠯᠡᠭᠴᠢᠳ ᠮᠠᠨ ᠤ᠋ ᠣᠷᠣᠨ ᠤ᠋ ᠠᠵᠤ ᠦᠢᠯᠡᠰ ᠤ᠋ᠨ ᠪᠦᠯᠦᠭᠵᠢᠯ ᠪᠣᠯᠤᠨ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠬᠥᠬᠡᠬᠣᠲᠠ ᠢ᠋ᠢᠨ ᠬᠡᠰᠡᠭ ᠤ᠋ᠨ ᠲᠥᠷᠥ ᠢ᠋ᠢᠨ ᠪᠣᠳᠣᠯᠭ᠎ᠠ᠂ ᠣᠷᠣᠨ ᠪᠠᠶ᠋ᠢᠷᠢ ᠢ᠋ᠢᠨ ᠳᠠᠪᠠᠭᠤᠯᠢᠭ᠂ ᠠᠵᠤ ᠦᠢᠯᠡᠰ ᠤ᠋ᠨ ᠪᠠᠶ᠋ᠢᠷᠢᠰᠢᠭᠤᠯᠤᠯᠲᠠ ᠢ᠋ᠢ ᠲᠠᠨᠢᠯᠴᠠᠭᠤᠯᠪᠠ; ᠰᠸᠴᠤᠸᠠᠨ ᠴᠦᠩᠴᠢᠩ ᠤ᠋ᠨ ᠠᠵᠤ ᠠᠬᠤᠶ᠋ᠢᠯᠠᠯ ᠤ᠋ᠨ ᠲᠥᠯᠥᠭᠡᠯᠡᠭᠴᠢᠳ ᠵᠣᠬᠢᠶᠠᠮᠠᠯ ᠣᠶᠤᠨ ᠴᠢᠳᠠᠪᠤᠷᠢ ᠢ᠋ᠢᠨ ᠠᠵᠤ ᠦᠢᠯᠡᠰ᠂ ᠴᠡᠪᠡᠷ ᠡᠨᠧᠷᠭᠢ ᠢ᠋ᠢᠨ ᠲᠣᠨᠣᠭᠯᠠᠯ ᠤ᠋ᠨ ᠮᠡᠷᠭᠡᠵᠢᠯ᠂ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠪᠣᠷᠣᠯᠠᠭᠤᠯᠭ᠎ᠠ ᠢ᠋ᠢᠨ ᠠᠷᠭ᠎ᠠ ᠵᠠᠮ ᠵᠡᠷᠭᠡ ᠬᠥᠭᠵᠢᠯᠲᠡ ᠢ᠋ᠢᠨ ᠲᠤᠷᠰᠢᠯᠭ᠎ᠠ ᠪᠠᠨ ᠬᠤᠪᠢᠶᠠᠯᠴᠠᠵᠠᠢ᠃ ᠠᠵᠢᠯᠯᠠᠭ᠎ᠠ ᠳ᠋ᠤ ᠠᠯᠤᠰ ᠡᠴᠡ ᠬᠤᠯᠪᠤᠭ᠎ᠠ ᠠᠪᠬᠤ ᠤᠲᠠᠰᠤ ᠳᠣᠭᠢᠷᠠᠭᠤᠯᠵᠤ᠂ ᠮᠠᠨᠵᠤᠤᠷ ᠬᠢᠯᠢ ᠵᠢᠨ ᠪᠣᠭᠣᠮᠲᠠ ᠢ᠋ᠢᠨ ᠭᠠᠳᠠᠭᠠᠳᠤ ᠠᠷᠠᠯᠵᠢᠶᠠᠨ ᠤ᠋ ᠠᠵᠢᠯᠲᠠᠳ ᠣᠷᠣᠰ᠎ᠯᠤᠭ᠎ᠠ ᠢ᠋ᠢᠨ ᠠᠷᠠᠯᠵᠢᠶᠠᠨ ᠤ᠋ ᠪᠣᠳᠠᠲᠠᠶ ᠠᠵᠢᠯᠯᠠᠭ᠎ᠠ ᠢ᠋ᠢᠨ ᠲᠤᠷᠰᠢᠯᠭ᠎ᠠ ᠪᠠᠨ ᠬᠤᠪᠢᠶᠠᠯᠴᠠᠵᠤ᠂ ᠠᠵᠤ ᠠᠬᠤᠶ᠋ᠢᠯᠠᠯ ᠤ᠋ᠨ ᠣᠷᠣᠰ ᠤ᠋ᠨ ᠵᠠᠬ᠎ᠠ ᠳᠡᠯᠭᠡᠭᠦᠷ ᠢ᠋ ᠨᠡᠭᠡᠭᠡᠬᠦ ᠳ᠋ᠤ ᠵᠢᠯᠣᠭᠣᠳᠣᠯᠭ᠎ᠠ ᠬᠠᠩᠭᠠᠪᠠ᠃

《ᠮᠠᠨ ᠤ᠋ ᠠᠵᠤ ᠠᠬᠤᠶ᠋ᠢᠯᠠᠯ ᠪᠥᠬᠥ᠌ ᠲᠠᠯ᠎ᠠ ᠵᠢᠨ ᠢᠯᠴᠢ ᠢ᠋ᠢᠨ ᠬᠠᠮᠢᠶᠠᠷᠤᠯᠲᠠ ᠵᠢᠴᠢ ᠢᠯᠴᠢ ᠵᠢ ᠳᠠᠮᠵᠢᠭᠤᠯᠤᠨ ᠬᠦᠷᠭᠡᠬᠦ᠌ ᠰᠢᠰᠲ᠋ᠧᠮ ᠤ᠋ᠨ ᠰᠢᠢᠳᠪᠦᠷᠢᠯᠡᠬᠦ ᠲᠥᠰᠦᠯ ᠢ᠋ ᠭᠤᠤᠯᠯᠠᠨ ᠡᠵᠡᠡᠭᠨᠡᠵᠤ ᠪᠠᠢᠨ᠎ᠠ᠃ ᠲᠣᠰ ᠤᠳᠠᠭ᠎ᠠ ᠢ᠋ᠢᠨ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ ᠳ᠋ᠤ ᠣᠷᠣᠯᠴᠠᠭᠠᠳ ᠥᠪᠥᠷ ᠮᠣᠩᠭᠣᠯ ᠶᠠᠭ ᠪᠤᠳᠤᠯᠲᠠ ᠢ᠋ᠢᠨ ᠬᠦᠴᠦᠨ ᠤ᠋ ᠠᠵᠤ ᠦᠢᠯᠡᠰ ᠢ᠋ ᠶᠡᠬᠡ ᠪᠡᠷ ᠬᠥᠭᠵᠢᠭᠦᠯᠵᠦ᠍ ᠪᠠᠶ᠋ᠢᠨ᠎ᠠ ᠭᠡᠳᠡᠭ ᠢ᠋ ᠤᠢᠯᠠᠭᠠᠯ᠎ᠠ᠂ ᠪᠢᠳᠡ ᠤᠳᠤ ᠶᠠᠭ ᠳ᠋ᠠᠢᠲ᠋ᠠ ᠢ᠋ᠢᠨ ᠲᠥᠪ ᠤ᠋ᠨ ᠰᠢᠩᠭᠡᠨ ᠢ᠋ᠢᠡᠷ ᠬᠦᠷᠦᠭᠡᠬᠦ ᠰᠢᠰᠲ᠋ᠧᠮ ᠢ᠋ ᠪᠠᠶ᠋ᠢᠷᠢᠰᠢᠭᠤᠯᠵᠤ ᠪᠤᠢ᠂ ᠬᠣᠶᠠᠷ ᠲᠠᠯ᠎ᠠ ᠢ᠋ᠢᠨ ᠬᠠᠮᠲᠤᠷᠠᠯᠴᠠᠭᠠᠨ ᠤ᠋ ᠣᠷᠣᠨ ᠵᠠᠶ ᠮᠠᠰᠢ ᠥᠷᠭᠡᠨ ᠠᠭᠤᠳᠠᠮ ᠪᠠᠶ᠋ᠢᠨ᠎ᠠ》 ᠭᠡᠵᠦ᠍ ᠯᠠᠨ ᠲᠢᠶᠠᠨ (ᠬᠤᠨᠠᠨ) ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠢ᠋ᠢᠨ ᠴᠦᠩᠴᠢᠩ ᠳ᠋ᠡᠬᠢ ᠬᠤᠪᠢᠶᠠᠷᠢ ᠺᠣᠮᠫᠠᠨᠢ ᠢ᠋ᠢᠨ ᠶᠡᠷᠦᠩᠬᠡᠢ ᠳᠠᠭᠠᠭᠠᠮᠠᠯ ᠫᠠᠨ ᠯᠢᠩ ᠯᠢᠩ ᠬᠡᠯᠡᠨ᠎ᠠ᠃

ᠴᠢᠯᠥᠭᠡᠲᠡᠶ ᠵᠥᠪᠳᠡᠯᠴᠡᠬᠦ ᠭᠣᠭᠴᠣᠭ᠎ᠠ ᠳ᠋ᠤ᠂ 3 ᠭᠠᠵᠠᠷ ᠤ᠋ᠨ ᠠᠵᠤ ᠠᠬᠤᠶ᠋ᠢᠯᠠᠯ ᠤ᠋ᠨ ᠬᠢᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠪᠣᠷᠣᠯᠠᠭᠤᠯᠭ᠎ᠠ᠂ ᠴᠡᠪᠡᠷ ᠡᠨᠧᠷᠭᠢ ᠢ᠋ᠢᠨ ᠲᠣᠨᠣᠭᠯᠠᠯ᠂ ᠬᠢᠯᠢ ᠠᠯᠤᠰᠯᠠᠭᠰᠠᠨ ᠪᠠᠷᠠᠭᠠᠨ ᠤ᠋ ᠭᠦᠢᠯᠭᠡᠭᠡ᠂ ᠲᠣᠭᠠᠴᠢᠯᠠᠭᠰᠠᠨ ᠠᠵᠤ ᠠᠬᠤᠶ ᠵᠡᠷᠭᠡ ᠬᠦᠷᠢᠶᠡᠨ ᠤ᠋ ᠲᠣᠭᠣᠷᠢᠨ ᠳ᠋ᠤ ᠵᠥᠪᠳᠡᠨ ᠶᠠᠷᠢᠯᠴᠠᠵᠠᠶ᠃ ᠠᠵᠢᠯᠯᠠᠭ᠎ᠠ ᠢ᠋ᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠲᠥᠯᠥᠭᠡᠯᠡᠭᠴᠢᠳ ᠤ᠋ᠨ ᠪᠦᠯᠬᠦᠮ ᠪᠠᠰᠠ ᠬᠤᠸᠠ ᠺᠦᠨ ᠵᠧᠨ ᠢᠦᠶ ᠣᠶᠤᠨᠴᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ᠂ ᠲᠦᠩ ᠸᠧᠶ ᠪᠦᠯᠦᠭᠯᠡᠯ ᠤ᠋ᠨ ᠬᠢᠵᠠᠭᠠᠷᠲᠤ᠌ ᠺᠣᠮᠫᠠᠨᠢ ᠵᠡᠷᠭᠡ ᠴᠧᠩᠳᠦ᠋ ᠴᠦᠩᠴᠢᠩ ᠤ᠋ᠨ ᠭᠤᠤᠯᠳᠠᠯᠭ᠎ᠠ ᠲᠠᠢ ᠠᠵᠤ ᠠᠬᠤᠶ᠋ᠢᠯᠠᠯ ᠳ᠋ᠤ ᠬᠦᠷᠴᠦ᠍᠂ ᠡᠯᠧᠺᠲ᠋ᠷᠣᠨ ᠮᠡᠳᠡᠭᠡ ᠵᠠᠩᠭᠢ᠂ ᠴᠡᠪᠡᠷ ᠡᠨᠧᠷᠭᠢ ᠢ᠋ᠢᠨ ᠲᠣᠨᠣᠭᠯᠠᠯ ᠤ᠋ᠨ ᠠᠵᠤ ᠦᠢᠯᠡᠰ ᠤ᠋ᠨ ᠰᠢᠨ᠎ᠡ ᠢ᠋ᠢ ᠡᠭᠦᠳᠦᠭᠰᠡᠨ ᠦᠷ᠎ᠡ ᠪᠦᠲᠦᠭᠡᠯ ᠢ᠋ ᠪᠠᠶ᠋ᠢᠴᠠᠭᠠᠨ ᠰᠤᠳᠤᠯᠪᠠ᠃

ᠣᠶ᠋ᠢᠯᠠᠭᠠᠭᠰᠠᠨ ᠵᠢᠡᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠯᠵᠢᠶ᠎ᠠ ᠢ᠋ᠢ ᠠᠬᠢᠭᠤᠯᠬᠤ ᠵᠦᠪᠯᠡᠯ ᠤ᠋ᠨ ᠬᠢᠨ ᠣᠶ᠋ᠢᠷ᠎ᠠ ᠢ᠋ᠢᠨ ᠵᠢᠯ ᠳ᠋ᠤ 《ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠠᠶᠠᠯᠠᠯ》 ᠤ᠋ᠨ ᠲᠦᠷᠦᠯ ᠲᠡᠮᠳᠡᠭ ᠵᠢᠡᠷ ᠵᠢᠯᠣᠭᠣᠳᠤᠮᠵᠢ ᠪᠣᠯᠭᠠᠨ᠂ ᠤᠷᠢᠳ ᠬᠣᠵᠢᠳ ᠪᠡᠭᠡᠵᠢᠩ ᠲᠢᠶᠠᠨᠵᠢᠨ ᠾᠧᠪᠧᠶ᠂ ᠭᠤᠸᠠᠩᠳᠦ᠋ᠩ ᠰᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ᠂ ᠬᠥᠬᠡᠮᠥ᠋ᠷᠡᠨ ᠤ᠋ ᠭᠤᠷᠪᠠᠯᠵᠢᠨ ᠬᠣᠶ᠋ᠢᠭ ᠵᠡᠷᠭᠡ ᠭᠤᠤᠯᠳᠠᠯᠭ᠎ᠠ ᠲᠠᠢ ᠠᠵᠤ ᠠᠬᠤᠶ ᠢ᠋ᠢᠨ ᠲᠣᠭᠣᠷᠢᠭ ᠲᠤ᠌ ᠬᠦᠷᠴᠦ᠍᠂ ᠠᠵᠤ ᠠᠬᠤᠶ᠋ᠢᠯᠠᠯ ᠢ᠋ ᠪᠠᠶ᠋ᠢᠩᠭᠤ ᠵᠣᠬᠢᠶᠠᠨ ᠪᠠᠶ᠋ᠢᠭᠤᠯᠤᠨ ᠣᠷᠣᠨ ᠪᠦᠰᠡ ᠠᠯᠤᠰᠯᠠᠭᠰᠠᠨ ᠠᠵᠤ ᠠᠬᠤᠶ ᠠᠷᠠᠯᠵᠢᠶᠠᠨ ᠤ᠋ ᠵᠣᠯᠭᠠᠯᠴᠠᠭ᠎ᠠ᠂ ᠠᠵᠤ ᠦᠢᠯᠡᠰ ᠤ᠋ᠨ ᠰᠣᠯᠢᠯᠴᠠᠭ᠎ᠠ ᠵᠢᠴᠢ ᠠᠷᠭ᠎ᠠ ᠵᠠᠮ ᠢ᠋ ᠥᠷᠭᠡᠳᠬᠡᠬᠦ᠌ ᠠᠵᠢᠯᠯᠠᠭ᠎ᠠ ᠥᠷᠨᠢᠭᠦᠯᠤᠨ᠂ ᠬᠥᠭᠵᠢᠭᠰᠡᠨ ᠭᠠᠵᠠᠷ ᠣᠷᠣᠨ ᠤ᠋ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠢ᠋ᠢ ᠡᠭᠦᠳᠬᠦ᠌᠂ ᠠᠵᠤ ᠦᠢᠯᠡᠰ᠂ ᠠᠷᠠᠯᠵᠢᠶ᠎ᠠ ᠬᠤᠳᠠᠯᠳᠤᠭ᠎ᠠ᠂ ᠴᠢᠳᠠᠪᠤᠷᠢᠲᠠᠨ ᠤ᠋ ᠡᠬᠢ ᠪᠠᠶᠠᠯᠢᠭ ᠢ᠋ ᠥᠪᠥᠷ ᠮᠣᠩᠭᠣᠯ ᠳ᠋ᠤ ᠲᠥᠪᠯᠡᠷᠡᠭᠦᠯᠬᠦ᠌ ᠢ᠋ᠢ ᠢᠳᠡᠪᠬᠢᠲᠡᠶ ᠠᠬᠢᠭᠤᠯᠵᠤ᠂ ᠥᠪᠥᠷ ᠮᠣᠩᠭᠣᠯ ᠤ᠋ᠨ ᠠᠵᠤ ᠠᠬᠤᠢᠯᠠᠯ ᠢ᠋ ᠪᠦᠬᠦ ᠪᠦᠮᠪᠤᠷᠴᠡᠭ ᠤ᠋ᠨ ᠠᠵᠤ ᠦᠢᠯᠡᠰ ᠪᠠ ᠬᠠᠩᠭᠠᠯᠭ᠎ᠠ ᠵᠢᠨ ᠬᠡᠯᠬᠢᠶ᠎ᠡ ᠳ᠋ᠤ ᠣᠷᠣᠭᠤᠯᠬᠤ᠂ ᠦᠪᠦᠷ ᠮᠤᠡᠭᠭᠤᠯ ᠤ᠋ᠨ ᠤᠨᠴᠠᠯᠢᠭᠳᠤ ᠦᠢᠯᠡᠳᠬᠦᠨ ᠢ᠋ ᠭᠠᠳᠠᠭᠠᠳᠤ ᠵᠢᠨ ᠵᠠᠬ᠎ᠠ ᠲᠠᠯᠬᠡᠬᠦᠷ ᠲᠦ᠍ ᠭᠠᠷᠭᠠᠬᠤ ᠳ᠋ᠤ ᠦᠷᠭᠦᠯᠵᠢᠯᠡᠨ ᠬᠦᠴᠦᠨ ᠨᠡᠮᠡᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面