2026-11-17 12:13:01
ᠤᠢᠷ᠎ᠠ ᠳ᠋ᠤ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠲᠠᠪᠤᠨ ᠠᠢᠮᠠᠭ ᠬᠣᠲᠠ ᠵᠢᠴᠢ ᠥᠪᠥᠷ ᠮᠣᠩᠭᠣᠯ ᠤ᠋ᠨ ᠣᠶ ᠰᠢᠭᠤᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠴᠢᠬᠤᠯᠠ ᠶᠡᠬᠡ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠬᠤᠷᠠᠯ ᠬᠢᠩᠭᠠᠨ ᠠᠢᠮᠠᠭ ᠲᠤ᠌ ᠶᠠᠪᠤᠭᠳᠠᠪᠠ᠃
ᠲᠤᠰ ᠤᠳᠠᠭᠠᠨ ᠤ᠋ ᠬᠤᠷᠠᠯ ᠨᠢ ᠤᠤᠯ ᠤ᠋ᠨ ᠴᠢᠬᠤᠯᠠ ᠶᠡᠬᠡ ᠣᠶ ᠰᠢᠭᠤᠢ ᠵᠢᠨ ᠬᠥᠨᠥᠭᠡᠯᠲᠤ ᠠᠮᠢᠳᠤ ᠪᠣᠳᠠᠰ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠲᠣᠭᠲᠠᠴᠠ ᠵᠢᠨ ᠰᠠᠭᠤᠷᠢᠨ ᠳᠡᠭᠡᠷ᠎ᠡ᠂ ᠬᠦᠨᠳᠦ ᠶᠡᠬᠡ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠶ᠋ᠢ ᠠᠩᠬ᠎ᠠ ᠤᠳᠠᠭ᠎ᠠ ᠬᠠᠮᠵᠢᠯᠴᠠᠬᠤ ᠬᠡᠪᠴᠢᠶᠡᠨ ᠳ᠋ᠤ ᠣᠷᠣᠭᠤᠯᠵᠤ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠪᠦᠬᠦᠯᠢ ᠴᠣᠭᠴᠠ ᠵᠢᠨ ᠠᠵᠢᠯ ᠤ᠋ᠨ ᠲᠥᠯᠥᠪᠰᠢᠷᠡᠯ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠤᠷᠠᠯ ᠳᠡᠭᠡᠷ᠎ᠡ᠂ ᠡᠯ᠎ᠡ ᠬᠤᠷᠠᠯᠳᠤ ᠣᠷᠣᠯᠴᠠᠭᠰᠠᠨ ᠨᠢᠭᠡᠴᠢ ᠤᠷᠢᠳ ᠬᠣᠵᠢᠳ ᠨᠡᠢᠲᠡᠯᠢᠭ ᠠᠵᠢᠯ ᠤ᠋ᠨ ᠲᠤᠷᠰᠢᠯᠭ᠎ᠠ ᠵᠢᠨ ᠰᠣᠯᠢᠯᠴᠠᠭ᠎ᠠ ᠥᠷᠨᠢᠭᠦᠯᠵᠦ᠂ ᠲᠣᠰ ᠲᠣᠰ ᠬᠠᠷᠢᠶ᠎ᠠ ᠣᠷᠣᠨ ᠤ᠋ ᠳᠣᠲᠣᠷᠠᠬᠢ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠤ᠋ᠨ ᠡᠭᠦᠰᠬᠦ ᠪᠠ ᠰᠡᠷᠭᠡᠢᠯᠡᠨ ᠵᠠᠰᠠᠬᠤ ᠬᠠᠮᠤᠭ ᠤ᠋ᠨ ᠰᠢᠨ᠎ᠡ ᠪᠠᠢᠳᠠᠯ ᠢ᠋ ᠮᠡᠳᠡᠭᠳᠡᠵᠦ᠂ ᠬᠥᠷᠰᠢ ᠵᠡᠷᠭᠡᠯᠡᠳᠡᠭᠡ ᠠᠭᠤᠯᠵᠠᠷ ᠣᠷᠣᠨ ᠤ᠋ ᠬᠥᠨᠥᠭᠡᠯᠲᠤ ᠠᠮᠢᠳᠤ ᠪᠣᠳᠠᠰ ᠤ᠋ᠨ ᠡᠭᠦᠰᠬᠦ ᠬᠠᠨᠳᠤᠰᠢᠳᠤ ᠴᠢᠭᠯᠡᠭᠦᠯᠦᠨ ᠬᠠᠮᠲᠤᠷᠠᠨ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠲᠤᠬᠠᠢ ᠵᠢᠨ ᠲᠠᠯᠠᠪᠠᠶᠳᠤ ᠴᠢᠬᠤᠯᠠ ᠶᠡᠬᠡ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠦᠨᠦᠭᠡᠯᠲᠤ ᠠᠮᠢᠳᠤ ᠪᠣᠳᠠᠰ ᠤ᠋ᠨ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠵᠥᠪᠯᠡᠯᠴᠡᠭᠡᠷᠲᠦ ᠭᠠᠷ ᠤ᠋ᠨ ᠥᠰᠥᠭ ᠵᠢᠷᠤᠪᠠ᠃
ᠲᠣᠰ ᠤᠳᠠᠭᠠᠨ ᠤ᠋ ᠬᠤᠷᠠᠯ ᠤ᠋ᠨ ᠬᠤᠷᠠᠯᠳᠤᠭᠰᠠᠨ ᠨᠢ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠬᠦᠨᠳᠦ ᠶᠡᠬᠡ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠦᠨᠦᠭᠡᠯᠲᠤ ᠠᠮᠢᠳᠤ ᠪᠣᠳᠠᠰ ᠤ᠋ᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ ᠰᠢᠰᠲᠧᠮ ᠢ᠋ ᠪᠥᠬᠥ ᠲᠠᠯᠠᠪᠠᠷ ᠲᠠᠰ ᠳᠡᠪᠰᠢᠭᠦᠯᠬᠦ ᠶ᠋ᠢ ᠪᠡᠶᠡᠯᠡᠭᠦᠯᠵᠦ᠂ ᠣᠷᠣᠨ ᠪᠦᠰᠡ ᠵᠢᠨ ᠵᠣᠯᠭᠠᠯᠴᠠᠭ᠎ᠠ ᠰᠢᠯᠤᠭᠤᠨ ᠪᠤᠰᠤ ᠪᠠᠢᠬᠤ ᠰᠡᠷᠭᠡᠢᠯᠡᠨ ᠡᠵᠡᠮᠳᠡᠬᠦ ᠳᠤᠲᠠᠭᠤᠳᠠᠯ ᠢ᠋ ᠪᠦᠲᠦᠮᠵᠢᠲᠡᠶ ᠨᠥᠬᠥᠪᠦᠷᠢᠯᠡᠨ᠂ ᠣᠷᠣᠨ ᠪᠦᠰᠡ ᠵᠢᠨ ᠬᠠᠮᠵᠢᠯᠴᠠᠨ ᠰᠡᠷᠭᠡᠢᠯᠡᠨ ᠡᠵᠡᠮᠳᠡᠬᠦ ᠴᠢᠳᠠᠪᠤᠷᠢ ᠶ᠋ᠢ ᠪᠦᠬᠦᠯᠢ ᠴᠣᠭᠴᠠᠪᠠᠷ ᠨᠢ ᠳᠡᠭᠡᠭᠰᠢᠯᠡᠭᠦᠯᠵᠦ᠂ ᠭᠠᠳᠠᠨ᠎ᠠ ᠡᠴᠡ ᠣᠷᠣᠵᠤ ᠢᠷᠡᠬᠦ ᠬᠦᠨᠦᠭᠡᠯᠲᠤ ᠠᠮᠢᠳᠤ ᠪᠣᠳᠠᠰ ᠢ᠋ ᠰᠡᠷᠭᠡᠢᠯᠡᠬᠦ᠂ ᠲᠣᠰ ᠭᠠᠵᠠᠷ ᠣᠷᠣᠨ ᠤ᠋ ᠬᠦᠨᠳᠦ ᠶᠡᠬᠡ ᠬᠦᠨᠦᠭᠡᠯᠲᠤ ᠠᠮᠢᠳᠤ ᠪᠣᠳᠠᠰ ᠤ᠋ᠨ ᠭᠠᠮᠰᠢᠭ᠋ ᠣᠷᠣᠨ ᠪᠦᠰᠡ ᠠᠯᠤᠰᠯᠠᠨ ᠳᠠᠷᠬᠠᠨ ᠳᠡᠯᠭᠡᠷᠡᠬᠦ ᠶ᠋ᠢ ᠬᠣᠷᠢᠭ᠍ᠯᠠᠬᠤ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ᠋ ᠤ᠋ᠨ ᠠᠮᠤᠷ ᠲᠦᠪᠰᠢᠨ ᠢ᠋ ᠪᠠᠲᠤᠯᠠᠬᠤᠳᠤ ᠴᠢᠬᠤᠯᠠ ᠦᠢᠯᠡᠳᠤᠯ ᠦᠵᠡᠭᠦᠯᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃