ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-18 11:54:13

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

— ᠬᠠᠷᠠᠴᠢᠨ ᠬᠤᠰᠢᠭᠤᠨ᠎ᠤ ᠮᠢᠬᠠᠨ᠎ᠤ ᠦᠭᠡᠷ᠎ᠤᠨ ᠠᠵᠤ ᠦᠢᠯᠡᠰ᠎ᠢ ᠲᠡᠮᠳᠡᠭᠯᠡᠪᠡ


ᠨᠠᠮᠤᠷ᠎ᠤᠨ ᠬᠤᠷᠢᠶᠠᠯᠲᠠ᠎ᠶ᠋ᠢᠨ ᠦᠶ᠎ᠡ᠎ᠳᠤ ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠰᠢᠭᠤᠨ᠎ᠤ ᠨᠠ ᠯᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠬᠢᠵᠠᠭᠠᠷᠲᠤ᠌ ᠺᠣᠮᠫᠠᠨᠢ᠎ᠳᠤ ᠬᠦᠷᠬᠦ ᠳ᠋ᠤ᠂ ᠬᠠᠰᠢᠶᠠᠨ ᠭᠠᠳᠠᠨᠠᠬᠢ ᠬᠡᠳᠦᠨ ᠵᠠᠭᠤᠨ ᠰᠢᠮᠧᠨ᠋ᠲᠠᠷ ᠦᠬᠡᠷ ᠲᠠᠷᠭᠤ ᠬᠦᠴᠦ ᠰᠠᠢᠲᠠᠢ ᠬᠠᠷᠠᠭᠳᠠᠨ᠎ᠠ᠃ ᠲᠤᠰ ᠺᠣᠮᠫᠠᠨᠢ 2022 ᠣᠨ᠎ᠠᠴᠠ ᠡᠬᠢᠯᠡᠨ᠂ ᠮᠢᠬᠠᠨ᠎ᠤ ᠦᠬᠡᠷ᠎ᠤᠨ ᠠᠵᠤ ᠦᠢᠯᠡᠰ᠎ᠤᠨ ᠪᠦᠬᠦ᠌ ᠬᠡᠯᠬᠢᠶ᠎ᠡ ᠵᠢ ᠡᠵᠡᠩᠨᠡᠵᠦ᠍᠂ ᠰᠢᠮᠧᠨ᠋ᠳ᠋ᠠᠷ ᠦᠭᠡᠷ ᠵᠢᠡᠷ ᠭᠤᠤᠯ ᠡᠭᠦᠯᠳᠡᠷ  ᠪᠣᠯᠭᠠᠭᠰᠠᠨ ᠰᠢᠯᠢᠳᠡᠭ ᠮᠢᠬᠠᠨ᠎ᠤ ᠦᠬᠡᠷ ᠬᠤᠳᠠᠯᠳᠤᠨ ᠠᠪᠤᠭᠠᠳ᠂ ᠲᠥᠪᠯᠡᠷᠡᠭᠦᠯᠵᠦ ᠪᠣᠷᠳᠤᠨ ᠪᠣᠷᠤᠯᠠᠭᠤᠯᠵᠤ᠂ ᠥᠨᠳᠦᠷ ᠦᠷ᠎ᠡ ᠠᠰᠢᠭᠲᠤ ᠠᠵᠤ ᠦᠢᠯᠡᠰ᠎ᠲᠡᠶ᠋ᠢᠰᠢ ᠬᠦᠭᠵᠢᠭᠦ᠎ᠶ᠋ᠢ ᠠᠬᠢᠭᠤᠯᠪᠡ᠃

《ᠮᠢᠬᠠᠨ᠎ᠤ ᠦᠬᠡᠷ᠎ᠢ ᠣᠬᠤᠷ ᠬᠤᠭᠤᠴᠠᠭ᠎ᠠ ᠪᠣᠷᠳᠤᠪᠠᠯ ᠠᠰᠢᠭ ᠤᠷᠤᠯᠭ᠎ᠠ ᠨᠡᠯᠢᠶᠡᠳ ᠵᠦᠭᠡᠷ ᠡ᠂ ᠣᠶ᠋ᠢᠷ᠎ᠠ᠎ᠳᠤ ᠮᠢᠬᠠᠨ᠎ᠤ ᠦᠬᠡᠷ᠎ᠤᠨ ᠦᠨ᠎ᠡ ᠬᠠᠩᠰᠢ᠎ᠦᠰᠦᠭᠡᠳ᠂ ᠡᠮᠦᠨᠡᠬᠡᠨ ᠵᠢᠩ ᠪᠦᠷᠢ 16 ᠲᠥᠭᠦᠷᠢᠭ᠎ᠤᠨ ᠦᠨ᠎ᠡ᠎ᠪᠠᠷ 500 ᠦᠬᠡᠷ ᠪᠣᠷᠤᠯᠠᠭᠤᠯᠵᠤ᠂ ᠪᠥᠬᠦ᠌ ᠵᠢᠯ᠎ᠳᠤ 1500 ᠰᠢᠬᠠᠮ ᠦᠬᠡᠷ ᠬᠤᠳᠠᠯᠳᠤᠬᠤ ᠪᠡᠷ ᠪᠤᠢ》 ᠭᠡᠵᠦ᠍ ᠨᠠ ᠯᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠬᠢᠵᠠᠭᠠᠷᠲᠤ᠌ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᠶᠦᠩ ᠯᠠᠨ ᠲᠠᠨᠢᠯᠴᠠᠭᠤᠯᠤᠯ᠎ᠠ᠃

ᠣᠶ᠋ᠢᠷ᠎ᠠ᠎ᠶ᠋ᠢᠨ ᠵᠢᠯ᠎ᠳᠤ᠂ ᠬᠠᠷᠠᠴᠢᠨ ᠬᠤᠰᠢᠭᠤ ᠮᠢᠬᠠᠨ᠎ᠤ ᠦᠬᠡᠷ᠎ᠤᠨ ᠠᠵᠤ ᠦᠢᠯᠡᠰ᠎ᠢ ᠮᠠᠯ ᠠᠵᠤ ᠠᠬᠤᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠮᠠᠯᠴᠢᠨ ᠲᠠᠷᠢᠶᠠᠴᠢᠨ᠎ᠤ ᠣᠷᠤᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶ᠋ᠢᠨ ᠲᠤᠯᠭᠠᠭᠤᠷᠢ ᠠᠵᠤ ᠦᠢᠯᠡᠰ ᠪᠣᠯᠭᠠᠨ ᠠᠳᠭᠤᠵᠤ᠂ ᠨᠠᠢ ᠯᠢᠨ ᠪᠠᠯᠭᠠᠰᠤ᠂ ᠰᠢ ᠴᠢᠶᠤᠣ ᠪᠠᠯᠭᠠᠰᠤ᠂ ᠨᠠᠨ ᠲᠠᠶ ᠽᠢ ᠰᠢᠶᠠᠩ᠎ᠢᠶᠠᠷ ᠭᠤᠤᠯ ᠣᠷᠤᠨ ᠪᠦᠰᠡ ᠪᠣᠯᠭᠠᠨ᠂ ᠲᠥᠪᠯᠡᠷᠡᠭᠦᠯᠦᠨ ᠲᠡᠵᠢᠭᠡᠬᠦ᠂ ᠭᠠᠷᠭᠠᠵᠤ ᠨᠢᠳᠦᠯᠬᠤ᠂ ᠨᠠᠷᠢᠯᠢᠭ ᠭᠦᠨᠵᠡᠭᠡᠢ ᠡᠳ᠋ᠰᠢᠭᠦᠯᠬᠦ᠎ᠶ᠋ᠢ ᠨᠢᠭᠡ ᠴᠤᠭᠴᠠᠵᠢᠭᠤᠯᠤᠭᠰᠠᠨ ᠥᠷᠲᠡᠭ᠎ᠤᠨ ᠬᠡᠯᠬᠢᠶ᠎ᠡ᠎ᠶ᠋ᠢ ᠪᠠᠶ᠋ᠢᠭᠤᠯᠵᠤ᠂ ᠮᠢᠬᠠᠨ᠎ᠤ ᠦᠬᠡᠷ᠎ᠤᠨ ᠠᠵᠤ ᠦᠢᠯᠡᠰ᠎ᠢ ᠤᠯᠠᠮᠵᠢᠯᠠᠯᠲᠤ᠌ ᠰᠤᠯᠠ ᠲᠡᠵᠢᠭᠡᠬᠦ᠎ᠠᠴᠠ ᠣᠲᠤ᠌ ᠦᠶ᠎ᠡ᠎ᠶ᠋ᠢᠨ ᠤᠶᠤᠨᠲᠤ ᠲᠡᠵᠢᠭᠡᠨ ᠦᠷᠡᠵᠢᠭᠦᠯᠬᠦ᠂ ᠠᠩᠬᠠᠨ᠎ᠤ ᠭᠠᠷᠭᠠᠯᠲᠠ᠎ᠠᠴᠠ ᠪᠥᠬᠦ᠌ ᠬᠡᠯᠬᠢᠶ᠎ᠡ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠪᠠ᠃

ᠮᠠᠯ ᠠᠵᠤ ᠠᠬᠤᠢ᠎ᠶ᠋ᠢ ᠬᠥᠭᠵᠢᠭᠦᠯᠬᠦ ᠳ᠋ᠤ ᠰᠠᠢᠨ ᠡᠭᠦᠯᠳᠡᠷ᠎ᠢ ᠪᠤᠢᠵᠢᠭᠤᠯᠬᠤ ᠨᠢ ᠵᠠᠩᠭᠢᠯᠠᠭ᠎ᠠ ᠪᠤᠯᠤᠨ᠎ᠠ᠃ ᠤᠢᠷ᠎ᠠ ᠳ᠋ᠤ᠂ ᠨᠠᠨ᠎ᠲᠠᠢ ᠽᠢ ᠰᠢᠶᠠᠩ᠎ᠤᠨ ᠴᠤᠸᠠᠨ ᠰᠢᠨ ᠳ᠋ᠢᠶᠠᠨ ᠲᠣᠰᠭᠤᠨ᠎ᠤ ᠬᠤᠩ ᠹᠧᠩ ᠮᠠᠯ ᠲᠡᠵᠢᠭᠡᠪᠦᠷᠢ ᠵᠢᠨ ᠲᠤᠰᠭᠠᠢ ᠬᠤᠷᠰᠢᠶᠠᠨ᠎ᠤ ᠰᠠᠭᠤᠷᠢ ᠡᠬᠡ ᠮᠠᠯ᠎ᠢ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠠᠰᠢᠭᠯᠠᠯᠲᠠ᠎ᠳᠤ ᠣᠷᠤᠵᠠᠢ᠃ ᠡᠭᠦᠨ᠎ᠳᠤ ᠲᠥᠷᠦᠯ ᠵᠦᠢᠯ᠎ᠤᠨ ᠶᠡᠷᠦᠩᠬᠡᠢ ᠪᠠᠯᠠ ᠣᠷᠤᠭᠤᠯᠤᠯᠲᠠ 5650 ᠲᠦᠮᠡᠨ ᠲᠥᠭᠦᠷᠢᠭ᠎ᠲᠤ᠌ ᠬᠦᠷᠴᠦ᠍᠂ 200 ᠮᠥ᠍ ᠭᠠᠵᠠᠷ ᠡᠵᠡᠯᠡᠨ᠂ ᠢᠴᠡᠭᠡᠯ ᠦᠷ᠎ᠡ᠂ ᠬᠦᠪᠦᠷᠡᠯ ᠰᠢᠯᠵᠢᠭᠦᠯᠬᠦ᠌ ᠮᠡᠷᠭᠡᠵᠢᠯ᠎ᠳᠤ ᠲᠦᠰᠢᠭᠯᠡᠨ᠂  ᠰᠢᠯᠢᠳᠡᠭ ᠰᠠᠭᠤᠷᠢ ᠡᠬᠡ ᠮᠠᠯ ᠦᠷᠡᠵᠢᠭᠦᠯᠦᠨ ᠪᠣᠶ᠋ᠢᠵᠢᠭᠤᠯᠬᠤ ᠠᠵᠢᠯ᠎ᠢ ᠭᠤᠤᠯᠯᠠᠨ ᠬᠢᠪᠡ᠃ 《ᠰᠠᠭᠤᠷᠢᠨ᠎ᠳᠤ ᠦᠢᠯᠡᠳᠪᠦᠷᠢᠯᠡᠬᠦ᠌ ᠣᠷᠤᠨ᠂ ᠲᠡᠵᠢᠭᠡᠨ ᠦᠷᠡᠵᠢᠭᠦᠯᠬᠦ᠌ ᠣᠷᠤᠨ᠂ ᠡᠭᠦᠳᠡᠨ ᠡᠮᠨᠡᠯᠭᠡ ᠵᠢᠴᠢ ᠢᠴᠡᠭᠡᠯ ᠦᠷ᠎ᠡ ᠪᠡᠷ ᠬᠡᠭᠡᠯᠳᠦᠭᠦᠯᠭᠡ ᠬᠢᠬᠦ ᠲᠠᠰᠤᠭ ᠪᠠᠢᠭᠤᠯᠵᠤ᠂ ᠪᠠᠰᠠ 4000 ᠭᠠᠷᠤᠢ ᠪᠣᠰᠤᠭ᠎ᠠ ᠳᠥᠷᠪᠡᠯᠵᠢᠨ ᠮᠧᠲᠷ ᠪᠦᠬᠦᠢ ᠳᠠᠷᠤᠰᠢᠭᠤᠯᠬᠤ ᠵᠣᠭᠤᠷᠢ᠂ 1200 ᠭᠠᠷᠤᠢ ᠲᠡᠭᠰᠢ ᠳᠥᠷᠪᠡᠯᠵᠢᠨ ᠮᠧᠲᠷ ᠪᠦᠬᠦᠢ ᠢᠯᠭᠠᠳᠠᠰᠤ᠎ᠶ᠋ᠢ ᠰᠢᠢᠳᠪᠦᠷᠢᠯᠡᠬᠦ᠌ ᠦᠢᠯᠡᠳᠪᠦᠷᠢ ᠬᠡᠮᠡᠨ ᠬᠤᠪᠢᠶᠠᠬᠤ᠎ᠶ᠋ᠢᠨ ᠬᠠᠮᠲᠤ᠌ ᠠᠦ᠋ᠲ᠋ᠤ᠋ ᠡᠪᠡᠰᠦ ᠪᠣᠷᠳᠤᠭ᠎ᠠ᠎ᠶ᠋ᠢᠨ ᠮᠠᠰᠢᠨ᠎ᠲᠠᠢ ᠪᠠᠶ᠋ᠢᠵᠤ᠂  ᠪᠦᠬᠦᠨ᠎ᠢ ᠴᠠᠭ ᠲᠤᠬᠠᠢ᠎ᠳᠤᠨᠢ ᠬᠢᠨᠠᠨ ᠡᠵᠡᠮᠳᠡᠬᠦ᠎ᠶ᠋ᠢ ᠪᠡᠶᠡᠯᠡᠭᠦᠯᠦᠯ᠎ᠠ》 ᠭᠡᠵᠦ ᠬᠤᠩ ᠹᠸᠩ ᠮᠠᠯ ᠲᠡᠵᠢᠭᠡᠪᠦᠷᠢ ᠵᠢᠨ ᠲᠤᠰᠭᠠᠢ ᠬᠤᠷᠰᠢᠶᠠᠨ᠎ᠤ ᠠᠵᠢᠯᠲᠠᠨ ᠰᠢᠩ ᠫᠧᠩ ᠲᠠᠨᠢᠯᠴᠠᠭᠤᠯᠪᠠ᠃

ᠲᠣᠰ ᠰᠠᠭᠤᠷᠢᠨ ᠨᠢᠭᠡᠨᠲᠡ 200 ᠰᠢᠮᠧᠨ᠋ᠳ᠋ᠠᠷ ᠡᠭᠦᠯᠳᠡᠷ᠎ᠤᠨ ᠰᠠᠭᠤᠷᠢ ᠡᠬᠡ ᠮᠠᠯ᠎ᠢ ᠣᠷᠤᠭᠤᠯᠤᠨ ᠠᠪᠴᠢᠷᠠᠭᠠᠳ᠂ ᠪᠤᠶ᠋ᠢᠵᠢᠭᠤᠯᠤᠭᠰᠠᠨ ᠴᠢᠨᠠᠷ ᠰᠠᠶ᠋ᠢᠲᠠᠢ ᠢᠴᠡᠭᠡᠯ ᠦᠷ᠎ᠡ᠎ᠪᠠᠨ ᠲᠤᠬᠠᠢ ᠵᠢᠨ ᠭᠠᠵᠠᠷ᠎ᠤᠨ ᠬᠡᠷᠡᠭᠴᠡᠭᠡ ᠵᠢ ᠬᠠᠩᠭᠠᠬᠤ ᠪᠡᠷ ᠪᠠᠷᠠᠬᠤ ᠦᠭᠡᠢ ᠪᠠᠰᠠ ᠡᠷᠬᠢᠨ ᠲᠣᠭᠤᠷᠢᠨ᠎ᠤ ᠭᠠᠵᠠᠷ ᠣᠷᠤᠨ᠎ᠤ ᠬᠡᠷᠡᠭᠴᠡᠭᠡ ᠵᠢ ᠴᠦ᠍ ᠬᠠᠩᠭᠠᠨ᠎ᠠ᠃《ᠨᠢᠳᠤᠨᠤᠨ ᠰᠢᠮᠧᠨ᠋ᠳᠠᠷ ᠦᠬᠡᠷ ᠬᠤᠳᠠᠯᠳᠤᠨ ᠠᠪᠴᠤ᠂ ᠬᠤᠷᠰᠢᠶᠠᠨ᠎ᠤ ᠢᠴᠡᠭᠡᠯ ᠦᠷ᠎ᠡ ᠰᠠᠶ᠋ᠢᠵᠢᠷᠠᠭᠤᠯᠬᠤ ᠮᠡᠷᠭᠡᠵᠢᠯ᠎ᠳᠤ ᠲᠦᠰᠢᠭᠯᠡᠨ᠂ ᠲᠤᠬᠠᠢ᠎ᠶ᠋ᠢᠨ ᠵᠢᠯ᠎ᠳᠤ 20 ᠭᠠᠷᠤᠢ ᠦᠬᠡᠷ ᠪᠣᠷᠤᠯᠠᠭᠤᠯᠵᠤ᠂ 17 ᠲᠦᠮᠡ ᠭᠠᠷᠤᠢ ᠲᠥᠭᠦᠷᠢᠭ᠎ᠤᠨ ᠴᠡᠪᠡᠷ ᠣᠷᠤᠯᠭ᠎ᠠ ᠤᠯᠵᠠᠢ》 ᠭᠡᠵᠦ᠍ ᠴᠤᠸᠠᠨ ᠰᠢᠨ ᠳ᠋ᠢᠶᠠᠨ ᠲᠣᠰᠭᠤᠨ᠎ᠤ ᠲᠡᠵᠢᠭᠡᠪᠦᠷᠢ ᠵᠢᠨ ᠡᠷᠦᠬᠡ ᠸᠠᠩ ᠰᠢᠶᠠᠩ ᠳ᠋ᠦᠩ ᠪᠠᠶᠠᠷᠯᠠᠨ ᠶᠠᠷᠢᠯ᠎ᠠ᠃

ᠦᠬᠡᠷ ᠲᠡᠵᠢᠭᠡᠬᠦ᠎ᠳᠦ ᠰᠠᠢᠨ᠎ᠡᠪᠡᠰᠦ ᠪᠤᠷᠳᠤᠭ᠎ᠠ ᠬᠡᠷᠡᠭᠰᠡᠨ᠎ᠡ᠃ ᠰᠢ ᠴᠢᠶᠤᠣ ᠪᠠᠯᠭᠠᠰᠤᠨ᠎ᠤ ᠮᠠᠯᠴᠢᠨ ᠣᠳᠤᠬᠢᠴᠢᠯᠠᠭᠰᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠳᠤ ᠪᠠᠷᠢᠮᠵᠢᠶᠠᠵᠢᠭᠰᠠᠨ ᠦᠬᠡᠷ᠎ᠤᠨ ᠬᠠᠰᠢᠶ᠎ᠠ ᠰᠠᠷᠠᠪᠴᠢ ᠲᠡᠷᠢ ᠲᠡᠭᠰᠢ ᠬᠠᠷᠠᠭᠳᠠᠵᠤ᠂ ᠬᠠᠰᠢᠶᠠᠨ ᠳᠣᠲᠤᠷ᠎ᠠ ᠠᠦ᠋ᠲ᠋ᠤ᠋ ᠲᠡᠵᠢᠭᠡᠬᠦ᠌ ᠮᠠᠰᠢᠨ ᠠᠯᠭᠤᠷ ᠠᠭᠠᠵᠢᠮ᠎ᠢᠶᠠᠷ ᠤᠷᠤᠭᠰᠢᠯᠠᠵᠤ᠂ ᠡᠪᠡᠰᠦ ᠪᠣᠷᠳᠤᠭᠤᠷ᠎ᠢ ᠵᠢᠭᠳᠡ ᠰᠠᠴᠤᠵᠤ ᠬᠤᠪᠢᠶᠠᠨ᠎ᠠ᠃ ᠮᠦ᠍ ᠱᠢ ᠪᠦᠯᠦᠭᠯᠡᠯ᠎ᠦᠨ ᠬᠤᠳᠠᠯᠳᠤᠨ ᠠᠪᠬᠤ ᠬᠡᠯᠲᠡᠰ᠎ᠦᠨ ᠳᠠᠭᠠᠭᠠᠮᠠᠯ ᠹᠠᠨ᠎ᠵᠢᠨ ᠰᠢᠨ᠄《ᠦᠬᠡᠷ᠎ᠤᠨ ᠡᠳᠦᠷ᠎ᠤᠨ ᠲᠡᠵᠢᠭᠡᠯ᠎ᠢ ᠴᠥᠮ ᠲᠤᠭᠲᠠᠭᠰᠠᠨ ᠨᠠᠶ᠋ᠢᠷᠠᠯᠭ᠎ᠠ ᠶᠣᠰᠤᠭᠠᠷ ᠭᠦᠢᠴᠡᠳᠬᠡᠵᠦ᠍᠂ ᠰᠢᠰᠲᠧᠮ ᠡᠴᠡ ᠥᠪᠡᠰᠦᠪᠡᠨ ᠬᠦᠨᠳᠦ ᠵᠢ ᠬᠡᠮᠵᠢᠭᠰᠡᠨ᠎ᠤ ᠳᠠᠷᠠᠭ᠎ᠠ ᠪᠣᠯᠪᠠᠰᠤᠷᠠᠭᠤᠯᠤᠨ ᠬᠤᠳᠭᠤᠵᠤ᠂ ᠰᠢᠮ᠎ᠡ ᠲᠡᠵᠢᠭᠡᠯ᠎ᠤᠨ ᠭᠦᠢᠴᠡᠳ ᠲᠡᠩᠴᠡᠭᠦᠷᠢ᠎ᠶ᠋ᠢ ᠪᠠᠲᠤᠯᠠᠨ᠎ᠠ》 ᠭᠡᠵᠦ ᠠᠷᠤ᠎ᠳᠠᠬᠢ ᠲᠥᠬᠦᠭᠡᠷᠦᠮᠵᠢ ᠪᠠᠨ ᠵᠢᠭᠠᠭᠠᠳ ᠰᠤᠷᠪᠤᠯᠵᠢᠯᠠᠭᠴᠢ᠎ᠳᠤ ᠲᠠᠨᠢᠯᠴᠠᠭᠤᠯᠪᠠ᠃

ᠲᠣᠰ ᠰᠠᠭᠤᠷᠢᠨ ᠪᠣᠯ ᠮᠦ᠍ ᠱᠢ ᠪᠦᠯᠦᠭᠯᠡᠯ᠎ᠤᠨ ᠲᠡᠵᠢᠭᠡᠪᠦᠷᠢ ᠵᠢᠨ ᠬᠡᠯᠬᠢᠶᠡᠨ ᠳ᠋ᠤ ᠪᠠᠯᠠ ᠣᠷᠤᠭᠤᠯᠤᠭᠰᠠᠨ ᠠᠩᠬᠠᠨ᠎ᠤ ᠲᠡᠵᠢᠭᠡᠪᠦᠷᠢ ᠵᠢᠨ ᠲᠥᠷᠦᠯ ᠵᠦᠢᠯ ᠪᠣᠯᠤᠨ᠎ᠠ᠂ ᠶᠡᠷᠦᠩᠬᠡᠢ ᠪᠠᠯᠠ ᠣᠷᠤᠭᠤᠯᠤᠯᠲᠠ᠎ᠨᠢ 1 ᠳ᠋ᠦᠩᠰᠢᠭᠤᠷ ᠲᠥᠭᠦᠷᠢᠭ᠎ᠲᠤ᠌ ᠬᠦᠷᠴᠦ᠍᠂ ᠡᠯ᠎ᠡ ᠲᠥᠷᠦᠯ᠎ᠤᠨ ᠦᠬᠡᠷ᠎ᠤᠨ ᠬᠠᠰᠢᠶ᠎ᠡ ᠪᠠᠢᠬᠤ ᠪᠡᠷ ᠦᠯᠦ ᠪᠠᠷᠠᠮ 5300 ᠲᠡᠭᠰᠢ ᠳᠥᠷᠪᠡᠯᠵᠢᠨ ᠮᠧᠲᠷ᠎ᠤᠨ ᠬᠠᠭᠤᠷᠠᠢ ᠡᠪᠡᠰᠦ ᠬᠠᠳᠠᠭᠠᠯᠠᠬᠤ ᠫᠧᠩ᠂ 1600 ᠲᠡᠭᠰᠢ ᠳᠥᠷᠪᠡᠯᠵᠢᠨ ᠮᠧᠲᠷ᠎ᠤᠨ ᠬᠦᠭᠡ ᠳᠠᠷᠤᠰᠢ᠎ᠵᠢᠨ ᠵᠣᠭᠤᠷᠢ ᠲᠠᠢ ᠪᠠᠶ᠋ᠢᠵᠤ᠂ ᠨᠡᠢᠲᠡ 1800 ᠮᠢᠬᠠᠨ᠎ᠤ ᠦᠬᠡᠷ ᠲᠡᠵᠢᠭᠡᠵᠦ ᠪᠤᠢ᠃

ᠹᠠᠨ᠎ᠵᠢᠨ ᠰᠢᠨ᠄《ᠰᠠᠭᠤᠷᠢᠨ᠎ᠤ ᠪᠦᠳᠦᠭᠦᠯᠢᠭ ᠡᠪᠡᠰᠦ ᠪᠣᠷᠳᠤᠭᠠᠨ᠎ᠤ ᠣᠯᠠᠩᠬᠢ᠎ᠨᠢ ᠡᠷᠳᠡᠨᠢ ᠰᠢᠰᠢ᠎ᠶ᠋ᠢᠨ ᠡᠰᠢ ᠰᠦᠷᠡᠯ ᠪᠠᠢᠵᠤ᠂ ᠪᠦᠷ ᠡᠷᠬᠢᠨ ᠲᠣᠭᠤᠷᠢᠨ᠎ᠤ ᠲᠠᠷᠢᠶᠠᠴᠢᠳ ᠡᠴᠡ ᠬᠤᠳᠠᠯᠳᠤᠨ ᠠᠪᠴᠤ᠂ ᠵᠢᠯ ᠪᠦᠷᠢ 2000 ᠭᠠᠷᠤᠢ ᠲᠣᠨ ᠬᠡᠷᠡᠭᠰᠡᠨ᠎ᠡ᠃ ᠡᠷᠭᠢᠨ ᠲᠣᠭᠤᠷᠢᠨ᠎ᠠᠴᠠ ᠪᠠᠰᠠ ᠡᠷᠳᠡᠨᠢ ᠰᠢᠰᠢ᠎ᠬᠤᠳᠠᠯᠳᠤᠨ ᠠᠪᠴᠤ᠌᠂ ᠵᠢᠯ ᠪᠦᠷᠢ 2 ᠲᠦᠮᠡ ᠭᠠᠷᠤᠢ ᠲᠣᠨ ᠬᠡᠷᠡᠭᠯᠡᠵᠦ᠂ ᠥᠪᠡᠷ᠎ᠦᠨ ᠥᠷᠲᠡᠭ᠎ᠢ ᠳᠥᠷᠪᠡᠨ᠎ᠦ ᠨᠢᠭᠡ ᠬᠤᠪᠢ᠎ᠪᠠᠷ ᠪᠠᠭᠤᠷᠠᠭᠤᠯᠵᠠᠢ᠃ ᠡᠭᠦᠨ᠎ᠠᠴᠠ ᠭᠠᠳᠠᠨ᠎ᠠ᠂ ᠪᠢᠳᠡ ᠤᠢᠷ᠎ᠠ ᠬᠠᠪᠢ᠎ᠵᠢᠨ ᠲᠡᠵᠢᠭᠡᠪᠦᠷᠢ ᠵᠢᠨ ᠡᠷᠦᠬᠡ᠎ᠲᠠᠢ ᠢᠳᠡᠪᠬᠢᠲᠡᠢ᠎ᠬᠠᠮᠲᠤᠷᠠᠨ ᠠᠵᠢᠯᠯᠠᠵᠤ᠂ ᠥᠪᠡᠷ᠎ᠤᠨ ᠥᠷᠲᠡᠭ᠎ᠤᠨ ᠬᠠᠩᠰᠢ ᠪᠡᠷ ᠲᠡᠵᠢᠭᠡᠯ ᠪᠣᠷᠳᠤᠭ᠎ᠠ ᠬᠠᠩᠭᠠᠨ᠂ ᠲᠤᠭᠤᠯ᠎ᠤᠨ ᠦᠨ᠎ᠡ ᠵᠢ ᠪᠠᠲᠤᠯᠠᠭ᠎ᠠ ᠵᠢᠨ ᠦᠨ᠎ᠡ ᠪᠡᠷ ᠬᠤᠳᠠᠯᠳᠤᠨ ᠠᠪᠴᠤ᠌᠂ ᠬᠠᠮᠤᠭ᠎ᠤᠨ ᠶᠡᠭᠡ ᠦᠷ᠎ᠡ ᠠᠰᠢᠭ ᠤᠯᠬᠤ᠎ᠶ᠋ᠢ ᠪᠠᠲᠤᠯᠠᠵᠤ ᠪᠠᠢᠨ᠎ᠠ》 ᠭᠡᠪᠡ᠃

ᠮᠢᠬᠠᠨ᠎ᠤ ᠦᠬᠡᠷ᠎ᠤᠨ ᠠᠵᠤ ᠦᠢᠯᠡᠰ᠎ᠤᠨ ᠳᠠᠬᠢᠨ ᠲᠠᠰ ᠳᠡᠪᠰᠢᠬᠦ᠎ᠶ᠋ᠢ ᠠᠬᠢᠭᠤᠯᠬᠤ᠎ᠶ᠋ᠢᠨ ᠲᠥᠯᠦᠭᠡ᠂ ᠬᠠᠷᠠᠴᠢᠨ ᠬᠤᠰᠢᠭᠤ ᠮᠢᠬᠠᠨ᠎ᠤ ᠦᠬᠡᠷ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠦᠷᠭᠦᠯᠵᠢᠯᠡᠨ ᠤᠷᠲᠤᠳᠭᠠᠵᠤ᠂ ᠪᠣᠬᠢᠷᠲᠤᠯ ᠥᠬᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ᠌ ᠪᠠ ᠭᠠᠳᠠᠭᠰᠢ ᠭᠠᠷᠭᠠᠬᠤ ᠴᠢᠳᠠᠪᠤᠷᠢ᠎ᠶ᠋ᠢ ᠴᠢᠩᠭᠠᠳᠬᠠᠭᠰᠠᠨ ᠪᠠᠢᠨ᠎ᠠ᠃

ᠨᠠᠢ ᠯᠢᠨ ᠪᠠᠯᠭᠠᠰᠤᠨ᠎ᠤ ᠥᠪᠦᠷ ᠮᠣᠩᠭᠤᠯ᠎ᠤᠨ ᠨᠠ ᠯᠠᠨ ᠮᠢᠬᠠᠨ᠎ᠤ ᠦᠢᠯᠡᠰ᠎ᠤᠨ ᠬᠢᠵᠠᠭᠠᠷᠲᠤ᠌ ᠺᠣᠮᠫᠠᠨᠢ᠎ᠶ᠋ᠢᠨ ᠦᠢᠯᠡᠳᠪᠦᠷᠢ ᠵᠢᠨ ᠲᠣᠭᠤᠷᠢᠭ᠎ᠲᠤ᠌ ᠰᠢᠨ᠎ᠡ ᠨᠢᠲᠤᠯᠬᠤ ᠦᠢᠯᠡᠳᠪᠦᠷᠢᠯᠡᠯ᠎ᠤᠨ ᠱᠤᠭᠤᠮ ᠤᠳᠠᠯ᠎ᠦᠭᠡᠢ ᠠᠰᠢᠭᠯᠠᠯᠲᠠ᠎ᠳᠤ ᠤᠷᠤᠬᠤ ᠪᠠᠷ ᠪᠤᠢ᠃ 《ᠶᠡᠷᠦᠩᠬᠡᠢ ᠪᠠᠯᠠ ᠣᠷᠤᠭᠤᠯᠤᠯᠲᠠ᠎ᠨᠢ 1.2 ᠳ᠋ᠦᠩᠰᠢᠭᠤᠷ ᠲᠥᠭᠦᠷᠢᠭ᠎ᠤᠨ ᠨᠢᠳᠦᠯᠬᠤ ᠲᠥᠷᠦᠯ ᠵᠦᠢᠯ᠎ᠢ 2 ᠵᠢᠯ ᠬᠡᠷᠡᠭᠰᠡᠨ ᠪᠠᠢᠭᠤᠯᠵᠤ ᠳᠠᠭᠤᠰᠬᠠᠨ᠂ ᠮᠢᠬᠠᠨ᠎ᠤ ᠦᠬᠡᠷ᠂ ᠮᠢᠬᠠᠨ᠎ᠤ ᠬᠤᠨᠢ ᠨᠢᠳᠦᠯᠬᠤ ᠱᠤᠭᠤᠮ᠎ᠢ ᠲᠣᠰ ᠲᠣᠰ 1 ᠪᠠᠶ᠋ᠢᠭᠤᠯᠵᠤ᠂ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ ᠵᠢᠯ᠎ᠳᠤ 2 ᠲᠦᠮᠡᠨ ᠮᠢᠬᠠᠨ᠎ᠤ ᠦᠬᠡᠷ᠂ 15 ᠲᠦᠮᠡᠨ ᠮᠢᠬᠠᠨ᠎ᠤ ᠬᠤᠨᠢ᠎ᠨᠢᠲᠤᠯᠵᠤ ᠳᠡᠢᠯᠦᠨ᠎ᠡ》 ᠭᠡᠵᠦ ᠺᠣᠮᠫᠠᠨᠢ᠎ᠶ᠋ᠢᠨ ᠬᠠᠷᠢᠭᠤᠴᠠᠯᠭᠠᠲᠠᠨ ᠶᠤᠸᠠᠨ ᠸᠧᠨ ᠵᠢᠶᠧ ᠲᠠᠨᠢᠯᠴᠠᠭᠤᠯᠪᠠ᠃

ᠠᠵᠤ ᠦᠢᠯᠡᠰ᠎ᠦᠨ ᠬᠡᠯᠬᠢᠶᠡᠨ᠎ᠤ ᠥᠷᠲᠡᠭ᠎ᠢ ᠨᠡᠮᠡᠭᠳᠡᠭᠦᠯᠬᠦ᠌ ᠳ᠋ᠤ ᠡᠳ᠋ᠰᠢᠭᠦᠯᠦᠨ ᠪᠤᠯᠪᠠᠰᠤᠷᠠᠭᠤᠯᠬᠤ ᠭᠤᠭᠴᠤᠭ᠎ᠠ ᠵᠠᠩᠭᠢᠯᠠᠭ᠎ᠠ ᠪᠣᠯᠤᠨ᠎ᠠ᠃ ᠨᠠᠢ ᠯᠢᠨ ᠪᠠᠯᠭᠠᠰᠤ ᠪᠠᠰᠠ ᠶᠡᠷᠦᠩᠬᠡᠢ ᠪᠡᠯᠡ ᠣᠷᠤᠭᠤᠯᠤᠯᠲᠠ᠎ᠨᠢ 5000 ᠲᠦᠮᠡᠨ ᠲᠥᠭᠦᠷᠢᠭ ᠲᠦ᠍ ᠬᠦᠷᠦᠭᠰᠡᠨ ᠨᠠ ᠯᠠᠨ ᠦᠬᠡᠷ ᠬᠤᠨᠢᠨ ᠮᠢᠬ᠎ᠠ᠎ᠶ᠋ᠢ ᠨᠠᠷᠢᠯᠢᠭ ᠡᠳ᠋ᠰᠢᠭᠦᠯᠬᠦ᠌ ᠢᠳᠡᠭᠡᠨ᠎ᠤ ᠦᠢᠯᠡᠳᠪᠦᠷᠢ᠎ᠶ᠋ᠢᠨ ᠲᠥᠷᠦᠯ ᠵᠦᠢᠯ᠎ᠢ ᠬᠡᠷᠡᠭᠵᠢᠭᠦᠯᠦᠨ᠎ᠡ᠃ 《ᠲᠥᠷᠦᠯ ᠵᠦᠢᠯ᠎ᠢ ᠠᠰᠢᠭᠯᠠᠯᠲᠠ᠎ᠳᠤ ᠣᠷᠤᠭᠤᠯᠤᠭᠰᠠᠨ᠎ᠤ ᠳᠠᠷᠠᠭ᠎ᠠ ᠵᠢᠯ᠎ᠳᠤ ᠬᠤᠨᠢᠨ ᠮᠢᠬᠠᠨ᠎ᠤ ᠪᠦᠲᠦᠭᠡᠭᠳᠡᠬᠦᠨ᠎ᠢ 1000 ᠲᠣᠨ᠎ᠦᠢᠯᠡᠳᠪᠦᠷᠢᠯᠡᠵᠦ᠂ ᠠᠵᠤ ᠦᠢᠯᠡᠰ᠎ᠤᠨ ᠪᠢᠲᠡᠭᠦᠦ ᠴᠠᠭᠠᠷᠢᠭ᠎ᠢ ᠪᠦᠷᠢᠯᠳᠦᠭᠦᠯᠵᠦ᠍᠂ 180 ᠭᠠᠷᠤᠢ ᠠᠵᠢᠯ᠎ᠤᠨ ᠪᠠᠶ᠋ᠢᠷᠢ ᠬᠠᠩᠭᠠᠨ᠎ᠠ》 ᠭᠡᠵᠦ᠍ ᠨᠠᠢ ᠯᠢᠨ ᠪᠠᠯᠭᠠᠰᠤᠨ᠎ᠤ ᠳᠠᠷᠤᠭ᠎ᠠ  ᠭᠤᠤ ᠰᠢᠩ ᠬᠤᠸᠠ ᠶᠠᠷᠢᠯ᠎ᠠ᠃

ᠡᠳᠦᠭᠡ᠂ ᠬᠠᠷᠠᠴᠢᠨ ᠬᠤᠰᠢᠭᠤ ᠨᠢᠭᠡᠨᠲᠡ ᠪᠠᠷᠢᠮᠵᠢᠶᠠᠵᠢᠭᠰᠠᠨ ᠲᠡᠵᠢᠭᠡᠪᠦᠷᠢ ᠵᠢᠨ ᠵᠢᠵᠢᠭ ᠲᠣᠭᠤᠷᠢᠭ᠎ᠢ 45 ᠪᠠᠶ᠋ᠢᠭᠤᠯᠵᠤ᠂ ᠮᠢᠬᠠᠨ᠎ᠤ ᠦᠬᠡᠷ᠎ᠤᠨ ᠲᠤᠭ᠎ᠠ 19.58 ᠲᠦᠮᠡ᠂ ᠦᠷᠡᠵᠢᠭᠦᠯᠬᠦ᠌ ᠡᠬᠡ ᠮᠠᠯ᠎ᠤᠨ ᠲᠤᠭ᠎ᠠ 13.33 ᠲᠦᠮᠡ᠎ᠳᠤ ᠬᠦᠷᠴᠦ᠍᠂ ᠮᠢᠬᠠᠨ᠎ᠤ ᠦᠬᠡᠷ᠎ᠤᠨ ᠠᠵᠤ ᠦᠢᠯᠡᠰ᠎ᠤᠨ ᠵᠢᠯ᠎ᠤᠨ ᠦᠢᠯᠡᠳᠬᠦᠨ᠎ᠤ ᠥᠷᠲᠡᠭ 30 ᠳ᠋ᠦᠩᠰᠢᠭᠤᠷ ᠲᠥᠭᠦᠷᠢᠭ᠎ᠢ ᠳᠠᠪᠠᠵᠤ᠂ ᠪᠥᠬᠦ᠌ ᠠᠵᠤ ᠦᠢᠯᠡᠰ᠎ᠤᠨ ᠬᠡᠯᠬᠢᠶᠡᠨ᠎ᠳᠤ 2 ᠲᠦᠮᠡᠨ ᠠᠵᠢᠯ᠎ᠤᠨ ᠪᠠᠶ᠋ᠢᠷᠢ ᠵᠢ ᠲᠣᠭᠲᠠᠭᠤᠨ᠎ᠬᠠᠩᠭᠠᠵᠤ᠂ ᠬᠥᠯᠦᠰᠦᠨ ᠠᠵᠢᠯᠴᠢᠨ᠎ᠤ ᠵᠢᠯ ᠳᠤᠮᠳᠠᠴᠢ ᠵᠢᠨ ᠣᠷᠤᠯᠭ᠎ᠠ᠎ᠶ᠋ᠢᠨ ᠨᠡᠮᠡᠭᠳᠡᠯ 4.5 ᠲᠦᠮᠡᠨ ᠲᠥᠭᠦᠷᠢᠭ᠎ᠢ ᠳᠠᠪᠠᠭᠰᠠᠨ ᠪᠠᠢᠨ᠎ᠠ᠃

ᠰᠠᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ᠂ ᠰᠢᠨᠵᠢᠯᠡᠬᠦ᠌ ᠤᠬᠠᠭᠠᠨᠴᠢ᠎ᠪᠠᠷ ᠪᠣᠷᠳᠤᠵᠤ ᠲᠡᠵᠢᠭᠡᠬᠦ ᠡᠴᠡ ᠨᠢᠲᠤᠯᠵᠤ ᠪᠣᠯᠪᠠᠰᠤᠷᠠᠭᠤᠯᠬᠤ ᠬᠦᠷᠲᠡᠯ᠎ᠡ᠂ ᠬᠠᠷᠠᠴᠢᠨ ᠬᠤᠰᠢᠭᠤᠨ᠎ᠤ ᠮᠢᠬᠠᠨ᠎ᠤ ᠦᠬᠡᠷ᠎ᠤᠨ ᠠᠵᠤ ᠦᠢᠯᠡᠰ᠎ᠶᠠᠭ ᠤᠯᠠᠮᠵᠢᠯᠠᠯᠲᠤ᠌ ᠲᠠᠷᠠᠬᠠᠢ ᠲᠡᠵᠢᠭᠡᠬᠦ᠎ᠠᠴᠠ ᠣᠶᠤᠨᠴᠢᠯᠠᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ᠌ ᠲᠡᠶ᠋ᠢᠰᠢ ᠰᠢᠯᠵᠢᠵᠦ᠍᠂ ᠠᠮᠢᠳᠤ ᠦᠬᠡᠷ ᠬᠤᠳᠠᠯᠳᠤᠬᠤ᠎ᠠᠴᠠ ᠪᠥᠬᠦ᠌ ᠬᠡᠯᠬᠢᠶ᠎ᠡ ᠲᠡᠶ᠋ᠢᠰᠢ ᠥᠷᠭᠡᠵᠢᠨ ᠬᠦᠭᠵᠢᠵᠦ᠂ ᠮᠢᠬᠠᠨ᠎ᠤ ᠦᠬᠡᠷ ᠬᠠᠷᠠᠴᠢᠨ ᠬᠤᠰᠢᠭᠤᠨ᠎ᠤ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ 《ᠠᠯᠲᠠᠨ ᠬᠥᠰᠢᠭᠦᠷᠭᠡ》 ᠪᠤᠯᠤᠭᠰᠠᠨ ᠪᠠᠢᠨ᠎ᠠ᠃

ᠰᠤᠷᠪᠤᠯᠵᠢᠯᠠᠭᠴᠢ᠎ᠶ᠋ᠢᠨ ᠡᠪᠦᠷ ᠲᠡᠮᠳᠡᠭᠯᠡᠯ᠄

ᠬᠠᠷᠠᠴᠢᠨ ᠬᠤᠰᠢᠭᠤᠨ᠎ᠤ ᠬᠦᠳᠡᠭᠡ ᠲᠤᠰᠬᠤᠨ ᠵᠢᠡᠷ ᠰᠤᠷᠪᠤᠯᠵᠢᠯᠠᠵᠤ ᠶᠠᠪᠤᠬᠤ ᠳ᠋ᠤ᠂ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ᠂ ᠣᠳᠤᠬᠢᠴᠢᠯᠠᠭᠰᠠᠨ ᠦᠬᠡᠷ᠎ᠤᠨ ᠬᠠᠰᠢᠶ᠎ᠠ ᠰᠠᠷᠠᠪᠴᠢ ᠵᠢᠴᠢ ᠤᠳᠠᠯ᠎ᠦᠭᠡᠢ ᠠᠰᠢᠭᠯᠠᠯᠲᠠ᠎ᠳᠤ ᠣᠷᠤᠬᠤ ᠭᠡᠵᠦ᠍ ᠪᠠᠶ᠋ᠢᠭ᠎ᠠ ᠮᠢᠬ᠎ᠠ ᠪᠣᠯᠪᠠᠰᠤᠷᠠᠭᠤᠯᠬᠤ ᠦᠢᠯᠡᠳᠪᠦᠷᠢ ᠬᠡᠮᠡᠨ ᠮᠢᠬᠠᠨ᠎ᠤ ᠦᠬᠡᠷ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ ᠨᠢᠳᠦᠨ᠎ᠳᠤ ᠦᠵᠡᠭᠳᠡᠵᠤ ᠭᠠᠷ ᠲᠤ᠌ ᠪᠠᠷᠢᠭᠳᠠᠮ᠎ᠠ ᠦᠷᠨᠢᠵᠦ ᠪᠠᠢᠨ᠎ᠠ᠃

ᠡᠭᠦᠯᠳᠡᠷ ᠰᠠᠶ᠋ᠢᠵᠢᠷᠠᠭᠤᠯᠬᠤ᠂ ᠰᠢᠨᠵᠢᠯᠡᠬᠦ᠌ ᠤᠬᠠᠭᠠᠨᠴᠢ᠎ᠪᠠᠷ ᠲᠡᠵᠢᠭᠡᠬᠦ᠂ ᠨᠠᠷᠢᠯᠢᠭ ᠭᠦᠨᠵᠡᠭᠡᠢ ᠡᠳ᠋ᠰᠢᠭᠦᠯᠬᠦ ᠠᠵᠢᠯ᠎ᠢ ᠨᠢᠭᠲᠠ ᠤᠶᠠᠯᠳᠤᠭᠤᠯᠵᠤ᠂ ᠳᠠᠭᠠᠭᠤᠯᠤᠭᠴᠢ ᠠᠵᠤ ᠠᠬᠤᠶ᠋ᠢᠯᠠᠯ ᠳᠠᠶ᠋ᠢᠴᠢᠯᠠᠨ᠂ ᠬᠤᠷᠰᠢᠶ᠎ᠠ ᠳᠡᠮᠵᠢᠵᠦ᠂ ᠬᠠᠷᠠᠴᠢᠨ ᠬᠤᠰᠢᠭᠤᠨ᠎ᠤ ᠡᠩ᠎ᠤᠨ ᠲᠡᠵᠢᠭᠡᠪᠦᠷᠢ ᠵᠢᠨ ᠡᠷᠦᠬᠡ ᠠᠵᠤ ᠦᠢᠯᠡᠰ᠎ᠤᠨ ᠠᠰᠢᠭ ᠲᠤᠰᠠ᠎ᠶ᠋ᠢ ᠬᠠᠮᠲᠤ ᠪᠠᠷ ᠡᠳ᠋ᠯᠡᠨ᠎ᠡ᠃

ᠬᠠᠷᠠᠴᠢᠨ ᠬᠤᠰᠢᠭᠤ ᠮᠢᠬᠠᠨ᠎ᠤ ᠦᠬᠡᠷ᠎ᠤᠨ ᠠᠵᠤ ᠦᠢᠯᠡᠰ᠎ᠲᠤ᠌ ᠰᠠᠭᠤᠷᠢᠯᠠᠨ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠦᠪᠦᠷᠢᠯᠡᠵᠦ᠍᠂ ᠠᠮᠢᠳᠤ ᠦᠬᠡᠷ᠎ᠢ ᠦᠢᠯᠡᠳᠬᠦᠨ ᠪᠣᠯᠭᠠᠨ ᠪᠤᠯᠪᠠᠰᠤᠷᠠᠭᠤᠯᠵᠤ᠂ ᠡᠬᠢ ᠪᠠᠶᠠᠯᠢᠭ᠎ᠢ ᠠᠰᠢᠭ ᠣᠷᠤᠯᠭ᠎ᠠ ᠪᠣᠯᠭᠠᠨ ᠬᠤᠪᠢᠷᠠᠭᠤᠯᠵᠤ ᠪᠠᠢᠨ᠎ᠠ᠃ ᠡᠶ᠋ᠢᠮᠦᠷᠬᠦᠦ ᠦᠢᠯᠡᠳᠦᠯᠭᠡ᠎ᠨᠢ ᠮᠠᠨ᠎ᠳᠤ ᠵᠠᠮ᠎ᠢᠶᠠᠨ ᠣᠨᠤᠪᠴᠢᠲᠠᠢ ᠣᠯᠵᠤ᠂ ᠠᠵᠤ ᠦᠢᠯᠡᠰ᠎ᠤᠨ ᠬᠡᠯᠬᠢᠶ᠎ᠡ ᠵᠢ ᠤᠷᠲᠤᠳᠬᠠᠵᠤ ᠴᠢᠳᠠᠪᠠᠯ ᠤᠨᠴᠠᠯᠢᠭᠳᠤ ᠠᠵᠤ ᠦᠢᠯᠡᠰ ᠮᠠᠯᠴᠢᠨ ᠲᠠᠷᠢᠶᠠᠴᠢᠨ᠎ᠤ ᠣᠷᠤᠯᠭ᠎ᠠ᠎ᠪᠠᠨ ᠲᠣᠭᠲᠠᠭᠤᠨ᠎ᠢᠶᠠᠷ ᠨᠡᠮᠡᠭᠳᠡᠭᠦᠯᠬᠦ᠌ ᠪᠠᠲᠤ᠌ ᠲᠦᠰᠢᠭ ᠪᠣᠯᠵᠤ ᠴᠢᠳᠠᠨ᠎ᠠ ᠬᠡᠰᠡᠨ᠎ᠢ ᠮᠡᠳᠡᠷᠡᠭᠦᠯᠦᠭᠰᠨᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面