2026-11-24 11:08:46
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠥᠪᠰᠢᠶᠡᠷᠡᠭᠳᠡᠭᠰᠡᠨ᠎ᠡᠴᠡ ᠨᠠᠭᠠᠰᠢ᠂ ᠥᠪᠥᠷ ᠮᠣᠩᠭᠣᠯ ᠬᠢᠯᠢ ᠵᠢᠨ ᠪᠣᠭᠣᠮᠲᠠ ᠶᠢᠨ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ᠂ ᠬᠢᠯᠢ ᠵᠢᠨ ᠪᠣᠭᠣᠮᠲᠠ᠎ᠪᠠᠷ ᠥᠩᠭᠡᠷᠡᠬᠦ᠎ᠶᠢ ᠳᠥᠭᠥᠮᠴᠢᠯᠡᠬᠦ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠳᠠᠮᠵᠢᠭᠤᠯᠤᠨ᠂ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠰᠢᠨ᠎ᠡ ᠵᠠᠭᠪᠤᠷ᠎ᠢ ᠳᠡᠯᠭᠡᠷᠡᠭᠦᠯᠵᠦ᠂ ᠬᠢᠯᠢ ᠵᠢᠨ ᠪᠣᠭᠣᠮᠲᠠ᠎ᠪᠠᠷ ᠥᠩᠭᠡᠷᠡᠬᠦ᠎ᠳᠦ ᠲᠥᠬᠥᠮ᠂ ᠥᠨᠳᠥᠷ ᠪᠦᠲᠦᠮᠵᠢᠲᠡᠶ᠂ ᠰᠠᠭᠠᠳ ᠦᠭᠡᠢ᠂ ᠣᠶᠤᠨᠴᠢ᠂ ᠪᠣᠬᠢᠷᠲᠤᠯ ᠦᠭᠡᠢ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠦ ᠰᠢᠰᠲᠧᠮ᠎ᠢ ᠠᠩᠬ᠎ᠠ ᠠᠯᠬᠤᠮ ᠪᠠᠢᠭᠤᠯᠤᠭᠰᠠᠨ ᠪᠠᠢᠨ᠎ᠠ᠃ ᠡᠨᠡ ᠵᠢᠯ᠎ᠦᠨ 8 ᠰᠠᠷ᠎ᠠ᠎ᠶᠢᠨ ᠳᠤᠮᠳᠠᠴᠢ᠎ᠪᠠᠷ᠂ ᠥᠪᠥᠷ ᠮᠣᠩᠭᠣᠯ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠬᠢᠯᠢ᠎ᠪᠡᠷ ᠣᠷᠣᠭᠤᠯᠵᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1 ᠳ᠋ᠦᠩᠰᠢᠭᠤᠷ ᠲᠣᠨ᠎ᠢ ᠳᠠᠪᠠᠵᠤ᠂ ᠳᠡᠭᠡᠷ᠎ᠡ ᠵᠢᠯ᠎ᠦᠨ ᠬᠢ᠎ᠡᠴᠡ 1 ᠰᠠᠷ᠎ᠠ ᠤᠷᠢᠳᠴᠢᠯᠠᠵᠠᠢ ; 9 ᠰᠠᠷ᠎ᠠ᠎ᠶᠢᠨ ᠰᠡᠭᠦᠯᠴᠢ ᠪᠣᠯᠬᠤ᠎ᠳᠤ 1.22 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 29.7% ᠪᠡᠷ ᠨᠡᠮᠡᠭᠳᠡᠵᠦ᠂ ᠪᠥᠬᠥ ᠤᠯᠤᠰ᠎ᠤᠨ ᠲᠡᠷᠢᠭᠦᠨ᠎ᠳᠦ ᠣᠷᠣᠪᠠ᠃
ᠮᠠᠨᠵᠤᠤᠷ᠂ ᠡᠷᠢᠶᠡᠨ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 5.9% ᠪᠠ 14.3% ᠪᠡᠷ ᠨᠡᠮᠡᠭᠳᠡᠵᠦ᠂ 《ᠲᠡᠮᠦᠷ ᠵᠠᠮ ᠵᠢᠡᠷ ᠲᠦᠷᠭᠡᠨ ᠨᠡᠪᠲᠡᠷᠡᠬᠦ》 ᠬᠡᠷᠡᠭᠯᠡᠭᠡᠨ᠎ᠦ ᠨᠣᠷᠮ᠎ᠠ ᠲᠣᠰ ᠲᠣᠰ 70% ᠪᠠ 80% ᠶ᠋ᠢ ᠳᠠᠪᠠᠵᠤ᠂ ᠳᠤᠮᠳᠠᠳᠤ ᠡᠸᠦ᠋ᠷᠦᠫᠡ (ᠠᠽᠢᠶ᠎ᠠ)᠎ᠶᠢᠨ ᠵᠢᠰᠢᠶᠡᠨ᠎ᠤ ᠭᠠᠯᠳᠤ ᠲᠡᠷᠭᠡ᠎ᠶᠢᠨ ᠬᠢᠯᠢ ᠵᠢᠨ ᠪᠣᠭᠣᠮᠲᠠ᠎ᠪᠠᠷ ᠥᠩᠭᠡᠷᠡᠬᠦ ᠴᠠᠭ ᠨᠢ 8 ᠴᠠᠭ ᠪᠠᠢᠭᠰᠠᠨ ᠠ᠋ᠴᠠ᠎ᠪᠠᠨ 2 ᠴᠠᠭ᠎ᠤᠨ ᠳᠣᠲᠣᠷ᠎ᠠ ᠪᠣᠯᠲᠠᠯ᠎ᠠ ᠪᠠᠭᠠᠰᠴᠤ᠂ ᠪᠥᠬᠥ ᠣᠷᠣᠨ᠎ᠤ ᠳᠤᠮᠳᠠᠳᠤ ᠡᠸᠦ᠋ᠷᠦᠫᠡ(ᠠᠽᠢᠶ᠎ᠠ)᠎ᠶᠢᠨ ᠵᠢᠰᠢᠶᠡᠨ᠎ᠤ ᠭᠠᠯᠳᠤ ᠲᠡᠷᠭᠡ᠎ᠶᠢᠨ ᠨᠡᠪᠲᠡᠷᠡᠭᠰᠡᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 141% ᠪᠡᠷ ᠨᠡᠮᠡᠭᠳᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠡᠨᠡ ᠵᠢᠯ᠎ᠦᠨ 4 ᠰᠠᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》᠎ᠢ ᠪᠠᠭᠤᠯᠭᠠᠵᠦ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠥᠪ ᠪᠠᠢᠭᠤᠯᠬᠤ ᠵᠢ ᠳᠤᠷᠠᠳᠪᠠ᠂ ᠣᠳᠣᠬᠠᠨ᠎ᠳᠤ ᠥᠪᠥᠷ ᠮᠣᠩᠭᠣᠯ᠎ᠤᠨ ᠮᠠᠨᠵᠤᠤᠷ᠂ ᠡᠷᠢᠶᠡᠨ ᠬᠣᠲᠠ᠎ᠶᠢᠨ ᠬᠣᠶᠠᠷ ᠶᠡᠬᠡ ᠭᠣᠣᠯ ᠪᠣᠭᠣᠮᠲᠠ᠎ᠶᠢᠨ ᠬᠢᠯᠢ ᠠᠯᠤᠰᠯᠠᠭᠰᠠᠨ ᠲᠡᠮᠦᠷ ᠵᠠᠮ᠎ᠤᠨ ᠪᠠᠷᠠᠭᠠᠨ᠎ᠤ ᠭᠦᠢᠯᠭᠡᠭᠡᠨ᠎ᠦ ᠵᠠᠮ ᠲᠣᠭᠲᠠᠭᠤᠨ᠎ᠢᠶᠠᠷ ᠨᠡᠪᠳᠡᠷᠡᠵᠦ᠂ ᠭᠠᠭᠴᠠᠮᠣᠳᠤ᠂ ᠴᠡᠭᠡ᠂ ᠮᠠᠨᠳᠤᠯ ᠴᠥᠮ ᠮᠢᠩᠭᠠᠨ ᠲᠦᠮᠡᠨ ᠲᠣᠨ᠎ᠤ ᠲᠠᠰ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠣᠯᠣᠨ ᠬᠥᠭᠵᠢᠵᠦ᠂ ᠡᠬᠦᠨ᠎ᠤ ᠬᠠᠮᠳᠤ ᠬᠥᠬᠡᠬᠣᠲᠠ᠎ᠶᠢᠨ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠤᠳᠠᠯ ᠦᠭᠡᠢ ᠠᠰᠢᠭ᠍ᠯᠠᠯᠲᠠ᠎ᠳᠤ ᠣᠷᠣᠵᠤ᠂ ᠮᠣᠩᠭᠣᠯ᠂ ᠣᠷᠣᠰ᠎ᠲᠠᠢ ᠬᠣᠣᠰ ᠴᠢᠭᠯᠡᠯ᠎ᠢᠶᠡᠷ ᠨᠡᠪᠲᠡᠷᠡᠭᠰᠡᠨ ᠪᠣᠰᠣᠭ᠎ᠠ ᠴᠣᠭᠴᠠᠲᠤ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠦ ᠶᠡᠬᠡ ᠵᠠᠮ᠎ᠢ ᠦᠷᠭᠦᠯᠵᠢᠯᠡᠨ ᠲᠡᠭᠦᠯᠳᠡᠷᠵᠢᠬᠦᠯᠬᠦ ᠪᠡᠷ ᠪᠠᠢᠨ᠎ᠠ᠃
ᠲᠠᠷᠠᠭᠠᠴᠢ ᠶᠢᠨ ᠠᠯᠬᠤᠮ ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ 《ᠬᠥᠬᠡᠬᠣᠲᠠ ᠪᠡᠷ ᠭᠣᠣᠯ ᠬᠦᠢᠰᠦ ᠪᠤᠯᠭᠠᠵᠤ᠂ ᠮᠠᠨᠵᠤᠤᠷ ᠵᠢᠡᠷ ᠣᠷᠣᠰ᠎ᠲᠤ ᠨᠡᠭᠡᠭᠡᠯᠲᠡ ᠬᠢᠬᠦ ᠡᠭᠦᠳᠡ ᠪᠤᠯᠭᠠᠵᠤ᠂ ᠡᠷᠢᠶᠡᠨ ᠬᠣᠲᠠ ᠪᠡᠷ ᠮᠣᠩᠭᠣᠯ ᠯᠤᠭ᠎ᠠ ᠬᠠᠮᠲᠤᠷᠠᠯᠴᠠᠬᠤ ᠲᠥᠪ ᠪᠤᠯᠭᠠᠬᠤ》 ᠬᠥᠭᠵᠢᠯᠲᠡ᠎ᠶᠢᠨ ᠪᠠᠢᠷᠢ ᠲᠣᠭᠲᠠᠭᠠᠯᠲᠠ᠎ᠶᠢᠨ ᠲᠣᠭᠣᠷᠢᠨ᠎ᠳᠤ᠂ ᠳᠣᠲᠣᠭᠠᠳᠤ᠎ᠳᠠᠭᠠᠨ ᠬᠣᠯᠪᠤᠭᠠᠯᠠᠨ ᠭᠠᠳᠠᠭᠠᠳᠤ᠎ᠳᠤ ᠨᠡᠪᠲᠡᠷᠡᠬᠦ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠭᠣᠣᠯᠯᠠᠭ᠍ᠴᠢ ᠲᠣᠣᠷ᠎ᠢ ᠪᠠᠶ᠋ᠢᠭᠤᠯᠬᠤ᠂ ᠭᠤᠷᠪᠠᠨ ᠶᠡᠬᠡ ᠭᠣᠣᠯ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠬᠦᠢᠰᠦ᠎ᠶᠢ ᠪᠠᠢᠭᠤᠯᠬᠤ᠂ ᠬᠢᠯᠢ ᠵᠢᠨ ᠪᠣᠭᠣᠮᠲᠠ᠎ᠪᠠᠷ ᠨᠡᠪᠳᠡᠷᠡᠬᠦ᠎ᠶᠢ ᠳᠥᠭᠥᠮᠴᠢᠯᠡᠬᠦ ᠲᠦᠪᠰᠢᠨ᠎ᠢ ᠳᠡᠭᠡᠭᠰᠢᠯᠡᠭᠦᠯᠬᠦ᠂ ᠲᠡᠭᠡᠭᠡᠪᠦᠷᠢ᠎ᠶᠢᠨ ᠵᠣᠬᠢᠶᠠᠨ ᠪᠠᠢᠭᠤᠯᠤᠯᠲᠠ᠎ᠶᠢᠨ ᠵᠠᠭᠪᠤᠷ᠎ᠤᠨ ᠲᠡᠰ ᠳᠡᠪᠰᠢᠬᠦ᠎ᠶᠢ ᠠᠬᠢᠭᠤᠯᠬᠤ ᠵᠡᠷᠭᠡ ᠳᠠᠯ᠎ᠠ ᠪᠡᠷ ᠬᠦᠴᠦᠯᠡᠵᠤ᠂ ᠣᠷᠣᠨ ᠪᠦᠰᠡ᠎ᠶᠢᠨ ᠴᠢᠨᠠᠷᠲᠠᠢ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠥᠪ᠎ᠢ ᠪᠦᠬᠦ ᠬᠦᠴᠦᠨ᠎ᠢᠶᠡᠷ᠎ᠢᠶᠡᠨ ᠪᠠᠢᠭᠤᠯᠵᠤ᠂ ᠪᠦᠬᠦ ᠤᠯᠤᠰ᠎ᠤᠨ ᠬᠢᠯᠢ ᠳᠠᠭᠠᠤ ᠳᠣᠲᠣᠭᠠᠳᠤ ᠬᠠᠭᠤᠷᠠᠢ᠎ᠶᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠰᠢᠨ᠎ᠡ᠎ᠶᠢ ᠡᠭᠦᠳᠴᠤ ᠵᠢᠱ᠌ᠢᠶ᠎ᠡ ᠦᠵᠡᠭᠦᠯᠬᠦ ᠬᠡᠪ ᠳᠠᠭᠤᠷᠢᠶᠠᠯ᠎ᠢ ᠴᠤᠭᠴᠠᠯᠠᠬᠤ ᠪᠡᠷ ᠴᠢᠷᠮᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃