2026-11-25 11:15:00
— ᠦᠪᠦᠷ ᠮᠤᠩᠭᠤᠯ᠎ᠤᠨ ᠠᠷᠪᠠᠨ ᠶᠡᠬᠡ ᠠᠵᠦ ᠦᠢᠯᠡᠰ᠎ᠤᠨ ᠪᠦᠯᠦᠭᠵᠢᠯ᠎ᠤᠨ ᠬᠦᠭᠵᠢᠯᠳᠡ᠎ᠶᠢᠨ ᠲᠤᠬᠠᠢ ᠰᠢᠷᠢᠰ ᠮᠡᠳᠡᠭᠡᠯᠡᠯ (ᠲᠤᠯᠤᠭ᠎ᠠ)
ᠤᠢᠷ᠎ᠠ᠎ᠶᠢᠨ ᠵᠢᠯ ᠤ᠋ᠤᠨ ᠲᠦ᠍᠂ ᠥᠪᠥᠷ ᠮᠣᠩᠭᠣᠯ ᠦᠢᠯᠡᠴᠢᠯᠡᠬᠡᠨ᠎ᠤ ᠦᠢᠯᠡᠰ᠎ᠦᠨ ᠴᠢᠳᠠᠮᠵᠢ᠎ᠪᠠᠨ ᠥᠷᠭᠡᠳᠬᠡᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠶ ᠬᠡᠷᠡᠭᠵᠢᠭᠦᠯᠵᠦ᠂ ᠬᠠᠮᠤᠭ᠎ᠤᠨ ᠴᠢᠩᠭ᠎ᠠ ᠡᠷᠴᠢᠮᠳᠡᠢ ᠬᠠᠮᠤᠭ᠎ᠤᠨ ᠪᠣᠳᠠᠲᠠᠶ ᠠᠷᠭ᠎ᠠ ᠬᠡᠮᠵᠢᠶ᠎ᠡ᠎ᠪᠡᠷ ᠦᠢᠯᠡᠴᠢᠯᠡᠬᠡᠨ᠎ᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠠᠢ᠃
《ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠬᠥᠭᠵᠢᠯᠲᠡ᠎ᠶᠢ ᠠᠬᠢᠭᠤᠯᠬᠤ ᠬᠡᠷᠡᠭᠲᠡᠢ》᠃ ᠡᠨᠡ ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠳ᠋ᠤ ᠳᠤᠷᠠᠳᠤᠭᠰᠠᠨ ᠦᠢᠯᠡᠴᠢᠯᠡᠬᠡᠨ᠎ᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠵᠠᠮ ᠱᠤᠭᠤᠮ ᠵᠢᠷᠤᠭ ᠲᠦᠯᠦᠪᠯᠡᠬᠡ ᠪᠤᠯᠤᠨ᠎ᠠ᠃ 6 ᠰᠠᠷ᠎ᠠ᠎ᠶᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠴᠢᠯᠡᠬᠡᠨ᠎ᠤ ᠦᠢᠯᠡᠰ᠎ᠦᠨ ᠴᠢᠳᠠᠮᠵᠢ᠎ᠪᠠᠨ ᠥᠷᠭᠡᠳᠬᠡᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ᠌ᠲᠤᠬᠠᠢ ᠬᠡᠷᠡᠭᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠲᠠᠪᠤᠨ ᠶᠡᠬᠡ ᠲᠠᠯ᠎ᠠ᠂ 25 ᠵᠦᠢᠯ᠎ᠦᠨ ᠠᠵᠢᠯ᠎ᠤᠨ ᠠᠷᠭ᠎ᠠ ᠬᠡᠮᠵᠢᠶᠡᠲᠣᠭᠲᠠᠭᠠᠵᠤ᠂ ᠴᠢᠳᠠᠮᠵᠢ᠎ᠪᠠᠨ ᠥᠷᠭᠡᠳᠬᠡᠬᠦ᠌ ᠪᠠ ᠶᠠᠰᠤ ᠴᠢᠨᠠᠷ᠎ᠢᠶᠠᠨ ᠳᠡᠭᠡᠭᠰᠢᠯᠡᠭᠦᠯᠬᠦ᠌᠎ᠶᠢ ᠵᠡᠷᠭᠡ ᠪᠡᠷ ᠠᠳᠬᠤᠬᠤ᠎ᠶᠢ ᠪᠠᠷᠢᠮᠲᠠᠯᠠᠨ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠬᠡᠨ᠎ᠤ ᠦᠢᠯᠡᠰ᠎ᠢ ᠲᠤᠰᠬᠠᠶ᠋ᠢᠵᠢᠬᠤ ᠪᠠ ᠥᠷᠲᠡᠭ᠎ᠦᠨ ᠬᠡᠯᠬᠢᠶ᠎ᠡ᠎ᠶᠢᠨ ᠳᠡᠭᠡᠳᠦ ᠲᠠᠰᠵᠢᠯᠳᠡ ᠳᠠᠢᠰᠢ ᠤᠷᠲᠤᠳᠬᠠᠬᠤ᠎ᠶᠢ ᠠᠬᠢᠭᠤᠯᠵᠤ᠂ ᠠᠮᠢᠳᠤᠷᠠᠯ᠎ᠤᠨ ᠴᠢᠨᠠᠷᠲᠠᠶ ᠦᠢᠯᠡᠴᠢᠯᠡᠬᠡᠨ᠎ᠤ ᠦᠢᠯᠡᠰ᠎ᠦᠨ ᠴᠢᠨᠠᠷ ᠰᠠᠶ᠋ᠢᠲᠠᠶ᠂ ᠣᠯᠠᠨ ᠶᠠᠩᠵᠤ ᠵᠢᠨ ᠳᠥᠭᠥᠮ ᠳᠥᠲᠡ ᠳᠠᠢᠰᠢ ᠬᠥᠭᠵᠢᠬᠦ᠌᠎ᠶᠢ ᠠᠬᠢᠭᠤᠯᠵᠠᠢ᠃
ᠡᠨᠡ ᠵᠢᠯ ᠥᠪᠥᠷ ᠮᠣᠩᠭᠣᠯ ᠲᠡᠭᠡᠳᠦ ᠲᠠᠪᠬᠤᠷᠭ᠎ᠠ᠎ᠶᠢᠨ ᠲᠥᠯᠥᠪᠯᠡᠭᠡ᠎ᠪᠡᠨ ᠴᠢᠩᠭᠠᠳᠬᠠᠵᠤ᠂ ᠬᠠᠩᠭᠠᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠦᠨ᠂ ᠬᠡᠷᠡᠭᠯᠡᠭᠡᠨ᠎ᠦ ᠰᠢᠨ᠎ᠡ ᠳᠠᠯᠳᠠ ᠬᠦᠴᠦᠨ᠎ᠢ ᠲᠠᠰᠤᠷᠠᠯᠲᠠ ᠥᠬᠡᠶ ᠬᠥᠭᠵᠢᠭᠡᠵᠦ᠍᠂ ᠠᠭᠤᠰᠤᠯᠴᠠᠯ᠎ᠤᠨ ᠰᠢᠨ᠎ᠡ ᠠᠷᠭ᠎ᠠ ᠵᠠᠮ᠎ᠢ ᠥᠷᠭᠡᠳᠬᠡᠨ᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠬᠡᠨ᠎ᠤ ᠦᠢᠯᠡᠰ᠂ ᠠᠮᠢᠳᠤᠷᠠᠯ᠎ᠤᠨ ᠴᠢᠨᠠᠷᠲᠠᠶ ᠦᠢᠯᠡᠴᠢᠯᠡᠬᠡᠨ᠎ᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠌ ᠪᠠ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠶᠡᠬᠡ ᠪᠡᠷ ᠠᠬᠢᠭᠤᠯᠵᠤ᠂ ᠪᠦᠬᠦᠯᠢ ᠴᠣᠭᠴᠠ᠎ᠶᠢᠨ ᠦᠢᠯᠡᠴᠢᠯᠡᠬᠡᠨ᠎ᠤ ᠦᠢᠯᠡᠰ᠎ᠦᠨ ᠦᠷᠭᠦᠯᠵᠢᠯᠡᠨ ᠬᠥᠭᠵᠢᠬᠦ᠌᠎ᠳᠦ ᠬᠦᠴᠦ᠍ᠨ ᠨᠡᠮᠡᠷᠢᠯᠡᠵᠠᠢ᠃ ᠲᠦᠷᠦᠬᠦᠦ ᠭᠤᠷᠪᠠᠨ ᠤᠯᠠᠷᠢᠯ᠎ᠳᠤ ᠦᠪᠦᠷ ᠮᠤᠩᠭᠤᠯ᠎ᠤᠨ ᠦᠢᠯᠡᠴᠢᠯᠡᠬᠡᠨ᠎ᠤ ᠦᠢᠯᠡᠰ᠎ᠦᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 4.1% ᠪᠠᠷ ᠨᠡᠮᠡᠭᠳᠡᠵᠠᠢ᠃ ᠡᠭᠦᠨ᠎ᠳᠦ ᠪᠥᠭᠡᠮ᠎ᠢᠶᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠎ᠦᠨ ᠨᠡᠮᠡᠭᠳᠡᠯ ᠥᠷᠲᠡᠭ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 2.4% ᠪᠠᠷ ᠨᠡᠮᠡᠭᠳᠡᠵᠦ᠍᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ᠎ᠤ ᠦᠢᠯᠡᠰ᠎ᠦᠨ ᠨᠡᠮᠡᠭᠳᠡᠯ ᠥᠷᠲᠡᠭ 8.0% ᠵᠢᠡᠷ ᠨᠡᠮᠡᠭᠳᠡᠵᠦ᠍᠂ ᠬᠣᠨᠣᠭ ᠪᠠᠭᠤᠳᠠᠯ ᠪᠠ ᠢᠳᠡᠭᠡᠨ ᠤᠮᠳᠠᠭᠠᠨ᠎ᠤ ᠦᠢᠯᠡᠰ᠎ᠦᠨ ᠨᠡᠮᠡᠭᠳᠡᠯ ᠥᠷᠲᠡᠭ 3.0% ᠵᠢᠡᠷ ᠨᠡᠮᠡᠭᠳᠡᠵᠦ᠍᠂ ᠮᠥᠩᠭᠥᠨ ᠬᠦᠢᠯᠭᠡᠭᠡᠨᠦ ᠦᠢᠯᠡᠰ᠎ᠦᠨ ᠨᠡᠮᠡᠭᠳᠡᠯ ᠥᠷᠲᠡᠭ 5.0% ᠵᠢᠡᠷ ᠨᠡᠮᠡᠭᠳᠡᠵᠠᠢ᠃
ᠦᠪᠦᠷ ᠮᠤᠩᠭᠤᠯ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠬᠡᠨ᠎ᠤ ᠦᠢᠯᠡᠰ᠎ᠦᠨ ᠥᠷᠲᠡᠭ᠎ᠦᠨ ᠬᠡᠯᠬᠢᠶ᠎ᠡ᠎ᠶᠢᠨ ᠳᠡᠭᠡᠳᠦ ᠳᠡᠰᠵᠢᠯᠳᠡ ᠳᠠᠢᠰᠢ ᠬᠦᠭᠵᠢᠬᠦ ᠂ ᠠᠮᠢᠳᠤᠷᠠᠯ᠎ᠤᠨ ᠴᠢᠨᠠᠷᠲᠠᠶ ᠦᠢᠯᠡᠴᠢᠯᠡᠬᠡᠨ᠎ᠤ ᠦᠢᠯᠡᠰ᠎ᠦᠨ ᠣᠯᠠᠨ ᠡᠰᠢᠵᠢᠭᠰᠡᠨ ᠴᠢᠨᠠᠷᠵᠢᠭᠤᠨ ᠲᠠᠰ ᠳᠡᠪᠰᠢᠬᠦ᠌᠂ ᠰᠢᠨ᠎ᠡ᠎ᠪᠡᠷ ᠮᠠᠨᠳᠤᠬᠰᠠᠨ ᠦᠢᠯᠡᠴᠢᠯᠡᠬᠡᠨ᠎ᠤ ᠦᠢᠯᠡᠰ᠎ᠦᠨ ᠲᠣᠭᠠᠴᠢᠯᠠᠯᠳᠡ ᠤᠶᠤᠨᠴᠢᠯᠠᠯᠳᠡᠶᠢᠨ ᠰᠢᠪᠲᠤᠯᠤᠯᠲᠠ᠎ᠶᠢ ᠠᠬᠢᠭᠤᠯᠵᠦ ᠪᠠᠢᠨ᠎ᠠ᠃
ᠮᠥᠩᠭᠥᠨ ᠬᠦᠢᠯᠭᠡᠭᠡᠨ᠎ᠨᠢ ᠦᠢᠯᠡᠴᠢᠯᠡᠬᠡᠨ᠎ᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠪᠠ᠃ ᠡᠨᠡ ᠵᠢᠯ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠬᠦᠢᠯᠭᠡᠭᠡᠨᠦ ᠠᠵᠢᠯ᠎ᠤᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ᠎ᠲᠡᠶ ᠬᠠᠮᠲᠤᠷᠠᠨ ᠬᠠᠮᠢᠶ᠎ᠠ ᠪᠥᠬᠥᠶ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ ᠨᠡᠶ᠋ᠢᠲᠡᠯᠡᠵᠦ᠍᠂ ᠬᠡᠷᠡᠭᠯᠡᠭᠡᠨ᠎ᠦ ᠬᠡᠷᠡᠭᠴᠡᠭᠡ᠎ᠶᠢ ᠪᠤᠢ ᠪᠤᠯᠭᠠᠬᠤ᠂ ᠮᠥᠩᠭᠥᠨ ᠬᠦᠢᠯᠭᠡᠭᠡᠨᠦ ᠳᠡᠮᠵᠢᠯᠭᠡ᠎ᠶᠢ ᠴᠢᠩᠭᠠᠳᠬᠠᠬᠤ᠂ ᠮᠥᠩᠭᠥᠨ ᠬᠦᠢᠯᠭᠡᠭᠡᠨᠦ ᠦᠢᠯᠡᠴᠢᠯᠡᠭᠡ᠎ᠶᠢ ᠴᠢᠩᠭᠠᠳᠬᠠᠬᠤ ᠭᠤᠷᠪᠠᠨ ᠶᠡᠬᠡ ᠲᠠᠯ᠎ᠠ᠎ᠪᠠᠷ 21 ᠵᠤᠷᠪᠤᠰ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠳᠤᠷᠠᠳᠴᠤ᠌᠂ ᠮᠥᠩᠭᠥᠨ ᠬᠦᠢᠯᠭᠡᠭᠡᠨᠦ ᠪᠠᠶ᠋ᠢᠭᠤᠯᠤᠮᠵᠢ᠎ᠶᠢ ᠬᠥᠲᠥᠯᠦᠨ ᠵᠢᠯᠣᠭᠤᠳᠴᠤ ᠡᠯ᠎ᠡ ᠲᠥᠷᠥᠯ᠎ᠦᠨ ᠬᠡᠷᠡᠭᠯᠡᠭᠡᠨ᠎ᠦ ᠬᠠᠮᠲᠤ ᠨᠠᠢᠳᠡᠳᠤ ᠵᠦᠪ ᠣᠨᠣᠪᠴᠢᠲᠠᠶ᠂ ᠥᠨᠳᠥᠷ ᠪᠦᠲᠦᠮᠵᠢᠲᠡᠶ᠂ ᠳᠥᠭᠥᠮ ᠳᠥᠲᠡ ᠮᠥᠩᠭᠥᠨ ᠬᠦᠢᠯᠭᠡᠭᠡᠨᠦ ᠦᠢᠯᠡᠴᠢᠯᠡᠭᠡ ᠬᠠᠩᠭᠠᠵᠠᠢ᠃ ᠤᠳᠤᠬᠠᠨ ᠪᠣᠯᠲᠠᠯ᠎ᠠ ᠦᠪᠦᠷ ᠮᠤᠩᠭᠤᠯ᠎ᠤᠨ ᠬᠡᠷᠡᠭᠯᠡᠭᠡᠨ᠎ᠦ ᠵᠢᠭᠡᠯᠡᠯᠭᠡ᠎ᠶᠢᠨ ᠦᠯᠡᠳᠡᠪᠦᠷᠢ 6124.6 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠵᠢᠯ᠎ᠦᠨ ᠡᠬᠢᠨᠦᠬᠢᠡᠴᠡ 151.5 ᠳ᠋ᠦᠩᠰᠢᠭᠤᠷ ᠲᠥᠭᠥᠷᠢᠭ ᠨᠡᠮᠡᠭᠳᠡᠵᠠᠢ᠃
ᠵᠠᠮ ᠬᠠᠷᠢᠯᠴᠠᠭᠠᠨ᠎ᠤ ᠦᠢᠯᠡᠰ ᠪᠣᠯ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠭᠣᠣᠯ ᠪᠦᠷᠢᠯᠳᠦᠬᠦᠨ ᠬᠡᠰᠡᠭ ᠪᠣᠯᠤᠨ᠎ᠠ᠃ ᠡᠨᠡ ᠵᠢᠯ ᠥᠪᠥᠷ ᠮᠣᠩᠭᠣᠯ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠬᠡᠬᠣᠲᠠ᠎ᠪᠠᠷ ᠭᠤᠤᠯ ᠪᠣᠯᠭᠠᠵᠤ᠂ ᠪᠤᠭᠤᠲᠤ᠌ ᠬᠣᠲᠠ᠂ ᠣᠷᠳᠣᠰ ᠬᠣᠲᠠ᠂ ᠤᠯᠠᠭᠠᠨᠴᠠᠪ ᠬᠣᠲᠠ᠎ᠪᠠᠷ ᠣᠯᠠᠨ ᠲᠥᠪ ᠪᠣᠯᠭᠠᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ᠎ᠤ ᠬᠦᠢᠰᠦ ᠵᠢ ᠪᠠᠶ᠋ᠢᠭᠤᠯᠵᠤ᠂ ᠲᠦᠩᠯᠢᠶᠣᠤ — ᠤᠯᠠᠭᠠᠨᠬᠠᠳᠠ᠎ᠶᠢᠨ ᠭᠤᠤᠯ ᠬᠦᠢᠰᠦ ᠵᠢᠨ ᠦᠢᠯᠡᠳᠦᠯ᠎ᠢ ᠴᠢᠩᠭᠠᠳᠬᠠᠵᠤ᠂ ᠪᠠᠶᠠᠨᠨᠠᠭᠤᠷ ᠬᠣᠲᠠ᠂ ᠦᠬᠠᠶ ᠬᠣᠲᠠ ᠵᠡᠷᠭᠡ᠎ᠶᠢᠨ 《ᠣᠯᠠᠨ ᠴᠡᠭ᠎ᠢᠶᠠᠷ ᠲᠤᠯᠭᠠᠭᠤᠷᠢᠯᠠᠬᠤ》 ᠴᠢᠳᠠᠪᠤᠷᠢ᠎ᠶᠢ ᠳᠡᠭᠡᠭᠰᠢᠯᠡᠭᠦᠯᠬᠦ᠌᠎ᠶᠢᠨ ᠬᠠᠮᠲᠤ᠌ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠂ ᠮᠠᠨᠵᠤᠤᠷ᠂ ᠡᠷᠢᠶᠡᠨ ᠬᠣᠲᠠ᠎ᠶᠢᠨ ᠬᠡᠰᠡᠭ᠎ᠲᠤ᠌ ᠲᠦᠰᠢᠭᠯᠡᠨ ᠵᠠᠮ ᠬᠠᠷᠢᠯᠴᠠᠭ᠎ᠠ ᠪᠠᠷᠠᠭᠠᠨ᠎ᠤ ᠬᠦᠢᠯᠭᠡᠭᠡᠨᠦ ᠲᠥᠪ᠎ᠢ ᠪᠠᠶ᠋ᠢᠭᠤᠯᠵᠦ ᠪᠤᠢ᠃ ᠡᠨᠡ ᠵᠢᠯ᠎ᠦᠨ 1 — 9 ᠰᠠᠷ᠎ᠠ᠎ᠳᠤ᠂ ᠦᠪᠦᠷ ᠮᠤᠩᠭᠤᠯ᠎ᠤᠨ ᠶᠡᠷᠦᠩᠬᠡᠶ᠋ᠢᠯᠡᠭᠰᠡᠨ ᠠᠶᠠᠨᠴᠢᠳ ᠪᠠ ᠪᠠᠷᠠᠭᠠᠨ᠎ᠤ ᠭᠦᠢᠯᠭᠡᠭᠡ ᠵᠢᠨ ᠬᠡᠮᠵᠢᠶ᠎ᠡ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 9.9% ᠪᠠᠷ ᠨᠡᠮᠡᠭᠳᠡᠵᠦ᠍᠂ ᠪᠥᠬᠥ᠌ ᠨᠡᠶ᠋ᠢᠭᠡᠮ᠎ᠦᠨ ᠣᠷᠣᠨ ᠪᠦᠰᠡ ᠠᠯᠤᠰᠯᠠᠭᠰᠠᠨ ᠬᠥᠮᠦᠰ᠎ᠦᠨ ᠵᠤᠷᠴᠢᠬᠰᠠᠨ ᠬᠡᠮᠵᠢᠶ᠎ᠡ 8.9 ᠳ᠋ᠦᠩᠰᠢᠭᠤᠷ ᠬᠥᠮᠦᠨ ᠤᠳᠠᠭ᠎ᠠ᠎ᠳᠤ ᠬᠦᠷᠴᠦ᠍ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 2.2%ᠵᠢᠡᠷ ᠨᠡᠮᠡᠭᠳᠡᠵᠠᠢ᠃
ᠤᠯᠤᠰ᠎ᠤᠨ ᠰᠢᠤᠳᠠᠨ᠎ᠤ ᠲᠦᠷᠭᠡᠨ ᠬᠦᠷᠬᠡᠯᠳᠡ᠎ᠶᠢᠨ ᠬᠦᠢᠰᠦ᠎ᠶᠢᠨ ᠪᠠᠶ᠋ᠢᠷᠢᠰᠢᠭᠤᠯᠤᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠥᠪᠥᠷ ᠮᠣᠩᠭᠣᠯ᠎ᠳᠤ ᠬᠣᠯᠪᠣᠭᠳᠠᠭᠰᠠᠨ ᠬᠥᠬᠡᠬᠣᠲᠠ᠂ ᠪᠤᠭᠤᠲᠤ᠌᠂ ᠤᠯᠠᠭᠠᠨᠬᠠᠳᠠ 3 ᠬᠣᠲᠠ ᠴᠥᠮ ᠤᠯᠤᠰ᠎ᠤᠨ ᠰᠢᠤᠳᠠᠨ᠎ᠤ ᠲᠦᠷᠭᠡᠨ ᠬᠦᠷᠬᠡᠯᠳᠡ᠎ᠶᠢᠨ ᠬᠦᠢᠰᠦ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠡᠷᠡᠭᠵᠢᠭᠦᠯᠬᠦ᠌ ᠲᠥᠰᠦᠯ᠎ᠢ ᠲᠣᠭᠲᠠᠭᠠᠵᠤ᠂ 《ᠣᠯᠠᠨ ᠤᠯᠤᠰ ᠲᠦ᠍ ᠬᠠᠨᠳᠤᠭᠤᠯᠤᠭᠰᠠᠨ᠂ ᠪᠥᠬᠥ᠌ ᠤᠯᠤᠰ᠎ᠢ ᠬᠠᠮᠤᠷᠤᠭᠰᠠᠨ ᠂ ᠶᠢᠰᠦᠨ ᠣᠷᠣᠨ ᠪᠦᠰᠡ᠂ ᠬᠣᠶᠠᠷ ᠪᠣᠭᠣᠮᠲᠠ》 ᠶ᠋ᠢᠨ ᠣᠲᠣ ᠦᠶ᠎ᠡ᠎ᠶᠢᠨ ᠲᠦᠷᠭᠡᠨ ᠬᠦᠷᠬᠡᠯᠳᠡ᠎ᠶᠢᠨ ᠪᠠᠷᠠᠭᠠᠨ᠎ᠤ ᠬᠦᠢᠯᠭᠡᠭᠡ᠎ᠶᠢᠨ ᠭᠤᠤᠯ ᠰᠦᠯᠵᠢᠶ᠎ᠡ᠎ᠶᠢᠨ ᠪᠥᠲᠥᠭᠡᠨ ᠪᠠᠶ᠋ᠢᠭᠤᠯᠤᠯᠲᠠ ᠱᠠᠳᠤᠴᠢ ᠴᠢᠨᠠᠷᠲᠠᠶ ᠦᠷ᠎ᠡ ᠪᠦᠲᠦᠮᠵᠢ ᠣᠯᠵᠤ᠂ 3 ᠭᠠᠵᠠᠷ᠎ᠤᠨ ᠰᠢᠤᠳᠠᠨ᠎ᠤ ᠲᠦᠷᠭᠡᠨ ᠬᠦᠷᠭᠡᠯᠳᠡ᠎ᠶᠢᠨ ᠬᠦᠢᠰᠤ ᠬᠣᠲᠠ᠎ᠶᠢᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶᠢ ᠠᠬᠢᠭᠤᠯᠵᠤ᠂ ᠥᠪᠥᠷ ᠮᠣᠩᠭᠣᠯ᠎ᠤᠨ ᠰᠠᠭᠠᠳ ᠥᠬᠡᠶ ᠥᠨᠳᠥᠷ ᠪᠦᠲᠦᠮᠵᠢᠲᠡᠶ ᠪᠠᠷᠠᠭᠠᠨ᠎ᠤ ᠬᠦᠢᠯᠭᠡᠭᠡ᠎ᠶᠢᠨ ᠲᠤᠤᠷ ᠰᠦᠯᠵᠢᠶ᠎ᠡ ᠪᠠ ᠣᠷᠣᠨ ᠪᠦᠰᠡ᠎ᠶᠢᠨ ᠵᠣᠬᠢᠴᠠᠩᠭᠤᠶ ᠬᠥᠭᠵᠢᠯᠲᠡ᠎ᠶᠢᠨ ᠬᠦᠢᠰᠤ᠎ᠶᠢᠨ ᠪᠠᠶ᠋ᠢᠷᠢᠰᠢᠭᠤᠯᠤᠯᠲᠠ᠎ᠶᠢ ᠬᠠᠮᠲᠤ᠎ᠪᠠᠷ ᠴᠣᠭᠴᠠᠯᠠᠵᠠᠢ᠃ ᠡᠭᠦᠨ᠎ᠦ ᠬᠠᠮᠲᠤ᠌᠂ ᠰᠠᠭᠤᠷᠢ ᠲᠥᠬᠥᠭᠡᠷᠦᠮᠵᠢ᠎ᠶᠢ ᠰᠢᠨᠡᠳᠬᠡᠬᠦ᠌ ᠪᠠ ᠲᠥᠷᠥ᠎ᠶᠢᠨ ᠪᠣᠳᠣᠯᠭ᠎ᠠ᠎ᠶᠢᠨ ᠠᠰᠢᠭ ᠣᠯᠵᠠᠪᠤᠷᠢ᠎ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠣᠨ᠎ᠤ ᠭᠤᠪᠢᠭᠤᠯᠤᠨ ᠬᠦᠷᠭᠡᠬᠦ᠌ ᠪᠠᠷᠠᠭᠠᠨ᠎ᠤ ᠬᠦᠢᠯᠭᠡᠭᠡ᠎ᠶᠢᠨ ᠰᠢᠰᠲ᠋ᠧᠮ᠎ᠢ ᠦᠷᠭᠦᠯᠵᠢᠯᠡᠨ ᠪᠡᠬᠢᠵᠢᠭᠦᠯᠵᠦ᠍᠂ ᠲᠣᠰᠬᠣᠨ᠎ᠤ ᠱᠠᠲᠤᠨ᠎ᠤ ᠦᠢᠯᠡᠴᠢᠯᠡᠭᠡᠨ᠎ᠦ ᠥᠷᠲᠡᠭᠡ ᠬᠢᠭᠡᠳ ᠬᠦᠢᠲᠡᠨ ᠬᠡᠯᠬᠢᠶᠡᠲᠦ᠍ ᠲᠦᠬᠦᠬᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠵᠤ᠂ ᠲᠦᠷᠭᠡᠨ ᠬᠦᠷᠭᠡᠯᠳᠡ᠎ᠶᠢᠨ ᠦᠢᠯᠡᠰ ᠬᠢᠭᠡᠳ ᠬᠥᠳᠡᠭᠡ ᠲᠣᠰᠬᠣᠨ᠎ᠤ ᠡᠯᠧᠺᠲ᠋ᠷᠣᠨ ᠬᠤᠳᠠᠯᠳᠤᠭ᠎ᠠ᠂ ᠣᠲᠣ ᠦᠶ᠎ᠡ᠎ᠶᠢᠨ ᠲᠠᠷᠢᠶᠠᠯᠠᠩ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠠᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠤᠳᠠᠨ᠎ᠤ ᠲᠦᠷᠭᠡᠨ ᠬᠦᠷᠭᠡᠯᠳᠡ᠎ᠶᠢᠨ ᠦᠢᠯᠡᠰᠨᠢᠭᠡᠨᠲᠡ 121 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠵᠤ ᠦᠢᠯᠡᠴᠢᠯᠡᠭᠡᠨ᠎ᠦ ᠲᠤᠤᠷ ᠰᠦᠯᠵᠢᠶ᠎ᠡ᠎ᠪᠡᠨ ᠲᠡᠭᠦᠯᠳᠡᠷᠵᠢᠭᠦᠯᠵᠦ᠍᠂ ᠲᠦᠷᠭᠡᠨ ᠬᠦᠷᠭᠡᠯᠳᠡ᠎ᠶᠢ ᠲᠣᠰᠬᠣᠨ᠎ᠳᠤ ᠣᠷᠣᠭᠤᠯᠵᠤ ᠨᠡᠪᠲᠡᠷᠡᠭᠦᠯᠦᠭᠰᠡᠨ ᠨᠣᠷᠮ᠎ᠠ᠎ᠨᠢ 97.45% ᠳ᠋ᠤ ᠬᠦᠷᠴᠦ᠍᠂ ᠬᠢᠯᠢ ᠠᠯᠤᠰᠯᠠᠨ ᠭᠤᠪᠢᠭᠤᠯᠤᠨ ᠬᠦᠷᠬᠡᠬᠦ ᠵᠠᠮ ᠦᠷᠭᠦᠯᠵᠢᠯᠡᠨ ᠥᠷᠭᠡᠵᠢᠵᠠᠢ ᠃ ᠡᠨᠡ ᠵᠢᠯ᠎ᠦᠨ 1 — 9 ᠰᠠᠷ᠎ᠠ᠎ᠳᠤ᠂ ᠥᠪᠥᠷ ᠮᠣᠩᠭᠣᠯ ᠰᠢᠤᠳᠠᠨ᠎ᠤ ᠠᠵᠢᠯ ᠲᠥᠷᠥᠯ᠎ᠦᠨ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ᠎ᠵᠢ ᠨᠡᠶ᠋ᠢᠲᠡ 8.76 ᠳ᠋ᠦᠩᠰᠢᠭᠤᠷ ᠬᠤᠪᠢ ᠪᠠᠶᠠᠯᠡᠬᠦᠯᠵᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 18.34% ᠪᠡᠷ ᠨᠡᠮᠡᠭᠳᠡᠵᠠᠢ᠃ ᠡᠭᠦᠨ᠎ᠳᠦ ᠲᠦᠷᠭᠡᠨ ᠬᠦᠷᠭᠡᠯᠲᠡ᠎ᠶᠢᠨ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ ᠨᠢ 6.55 ᠳ᠋ᠦᠩᠰᠢᠭᠤᠷ ᠬᠤᠪᠢ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 25.19% ᠪᠠᠷ ᠨᠡᠮᠡᠭᠳᠡᠵᠠᠢ᠃
ᠰᠣᠶᠣᠯ ᠵᠢᠭᠤᠯᠴᠢᠯᠠᠯ᠎ᠢᠶᠠᠷ ᠬᠡᠷᠡᠭᠯᠡᠭᠡ᠎ᠶᠢ ᠠᠬᠢᠭᠤᠯᠵᠤ᠂ ᠤᠷᠤᠯᠳᠤᠭᠠᠨ᠎ᠢᠶᠠᠷ ᠬᠡᠷᠡᠭᠯᠡᠬᠡ᠎ᠶᠢ ᠬᠦᠭᠵᠢᠬᠡᠪᠠ᠃ ᠬᠡᠷᠡᠭᠯᠡᠭᠡᠨ᠎ᠦ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠡᠪ ᠵᠠᠭᠪᠤᠷ ᠰᠢᠨ᠎ᠡ ᠪᠠᠶ᠋ᠢᠳᠠᠯ ᠲᠦᠷᠭᠡᠨ ᠢᠯᠡᠷᠡᠬᠦ᠌᠎ᠶᠢ ᠳᠠᠭᠠᠯᠳᠤᠨ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠬᠤᠳᠠᠯᠳᠤᠭ᠎ᠠ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠲᠠᠷᠢᠶᠠᠯᠠᠩ᠎ᠤᠨ ᠠᠭᠤᠰᠤᠯᠴᠠᠨ ᠬᠥᠭᠵᠢᠬᠦ᠌᠎ᠶᠢ ᠶᠡᠬᠡᠪᠡᠷ ᠠᠳᠬᠤᠵᠤ᠂ ᠬᠡᠷᠡᠭᠯᠡᠭᠡᠨ᠎ᠦ ᠰᠢᠨ᠎ᠡ ᠬᠥᠳᠡᠯᠭᠡᠬᠦ᠌ ᠡᠨᠧᠷᠭᠢ᠎ᠶᠢ ᠪᠠᠳᠠᠷᠠᠭᠤᠯᠵᠦ᠂ ᠦᠢᠯᠡᠴᠢᠯᠡᠬᠡᠨ᠎ᠤ ᠦᠢᠯᠡᠰ᠎ᠤᠨ ᠬᠦᠭᠵᠢᠯᠳᠡ᠎ᠵᠢ ᠳᠠᠢᠴᠢᠯᠠᠵᠠᠢ᠃
ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠭᠤᠳᠤ ᠬᠣᠲᠠ᠎ᠶᠢᠨ ᠬᠡᠷᠡᠭᠯᠡᠭᠡᠨ᠎ᠦ ᠵᠠᠬ᠎ᠠ ᠳᠡᠯᠭᠡᠭᠦᠷ᠎ᠢ ᠪᠦᠲᠦᠮᠵᠢᠲᠡᠶ ᠬᠥᠭᠵᠢᠭᠡᠵᠦ᠍᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠠᠮ ᠬᠠᠷᠢᠯᠴᠠᠭ᠎ᠠ ᠂ ᠪᠠᠷᠠᠭ᠎ᠠ ᠬᠤᠳᠠᠯᠳᠤᠨ ᠠᠪᠬᠤ ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠪᠥᠬᠥ᠌ ᠬᠡᠯᠬᠢᠶ᠎ᠠ᠎ᠶᠢᠨ ᠬᠡᠷᠡᠭᠯᠡᠭᠡᠨ᠎ᠦ ᠶᠡᠷᠦᠩᠬᠡᠶ ᠲᠣᠭ᠎ᠠ 4835.51 ᠲᠦᠮᠡᠨ ᠲᠥᠭᠥᠷᠢᠭ᠎ᠲᠦ ᠬᠦᠷᠴᠦ᠂ ᠤᠷᠤᠯᠳᠤᠭᠠᠨ᠎ᠢᠶᠡᠷ ᠪᠤᠭᠤᠳᠤ ᠬᠣᠲᠠ᠎ᠶᠢᠨ ᠠᠵᠤ ᠠᠬᠤᠶ᠎ᠶᠢᠨ ᠨᠡᠮᠡᠭᠳᠡᠯ᠎ᠢ ᠳᠠᠢᠴᠢᠯᠠᠵᠠᠢ᠃ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠯ ᠪᠥᠮᠪᠥᠭᠡ᠎ᠶᠢᠨ ᠬᠡᠳᠦ ᠲᠡᠰ᠎ᠤᠨ ᠬᠣᠯᠪᠣᠭᠠᠲᠤ᠌ ᠤᠷᠤᠯᠳᠤᠭᠠᠨ᠎ᠤ ᠡᠩ᠎ᠦᠨ ᠤᠷᠤᠯᠳᠤᠭᠠᠨ ᠪᠠ ᠰᠢᠭᠰᠢᠬᠡ ᠤᠷᠤᠯᠳᠤᠭᠠᠨ ᠨᠡᠢ᠌ᠳᠡ 79 ᠲᠠᠯᠠᠪᠠᠢ ᠶᠠᠪᠤᠭᠳᠠᠵᠤ᠂ 145.31 ᠲᠦᠮᠡᠨ ᠬᠥᠮᠦᠨ ᠤᠳᠠᠭᠠᠲᠤᠬᠠᠢᠶᠢᠨ ᠲᠠᠯᠠᠪᠠᠢ᠎ᠳᠤ ᠤᠷᠤᠯᠳᠤᠭᠠᠨ ᠰᠣᠨᠢᠷᠬᠠᠵᠦ᠂ ᠶᠡᠷᠦᠩᠬᠡᠶ᠋ᠢᠯᠡᠭᠰᠡᠨ ᠠᠵᠤ ᠠᠬᠤᠢ᠎ᠶᠢᠨ ᠦᠷ᠎ᠡ ᠠᠰᠢᠭ ᠨᠢ 6.47 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠲᠠᠯᠠᠪᠠᠢ ᠳᠤᠮᠳᠠᠴᠢ᠎ᠶᠢᠨ ᠶᠡᠷᠦᠩᠬᠡᠶ᠋ᠢᠯᠡᠭᠰᠡᠨ ᠠᠵᠤ ᠠᠬᠤᠢ᠎ᠶᠢᠨ ᠦᠷ᠎ᠡ ᠠᠰᠢᠭ 818.99 ᠲᠦᠮᠡᠨ ᠲᠥᠭᠥᠷᠢᠭ᠎ᠲᠦ᠍ ᠬᠦᠷᠴᠡᠢ᠃ ᠤᠷᠤᠯᠳᠤᠭᠠᠨ ᠨᠢ ᠨᠢᠭᠡᠨᠲᠡ ᠥᠪᠥᠷ ᠮᠣᠩᠭᠣᠯ᠎ᠤᠨ ᠣᠷᠣᠨ ᠪᠦᠰᠡ᠎ᠶᠢᠨ ᠳᠣᠲᠣᠷᠠᠬᠢ ᠨᠡᠯᠢᠶᠡᠳ ᠴᠢᠩᠭ᠎ᠠ ᠬᠡᠷᠡᠭᠯᠡᠭᠡᠨ᠎ᠦ ᠳᠠᠶ᠋ᠢᠴᠢᠯᠠᠬᠤ ᠬᠦᠴᠦᠨ ᠪᠦᠬᠦᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ IP ᠪᠣᠯᠵᠠᠶ᠃ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠠᠮ ᠬᠠᠷᠢᠯᠴᠠᠭ᠎ᠠ᠂ ᠵᠢᠭᠤᠯᠴᠢᠯᠠᠯ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠬᠠᠮᠢᠶ᠎ᠠ ᠪᠥᠬᠥᠶ ᠬᠡᠷᠡᠭᠯᠡᠭᠡ ᠪᠥᠬᠥ᠌ ᠲᠠᠯ᠎ᠠ᠎ᠪᠠᠷ ᠨᠡᠮᠡᠭᠳᠡᠵᠦ᠍᠂ 《ᠤᠷᠤᠯᠳᠤᠭᠠᠨ + ᠬᠡᠷᠡᠭᠯᠡᠭᠡ + ᠰᠣᠶᠣᠯ ᠵᠢᠭᠤᠯᠴᠢᠯᠠᠯ 》 ᠤ᠋ᠨ ᠬᠣᠯᠪᠣᠭᠠᠯᠠᠨ ᠬᠥᠳᠡᠯᠦᠯᠴᠡᠬᠦ᠌ ᠦᠢᠯᠡᠳᠦᠯ ᠨᠢᠭᠡᠨᠲᠡ ᠪᠦᠷᠢᠯᠳᠦᠵᠠᠢ᠃ ᠬᠦᠯ ᠪᠥᠮᠪᠥᠭᠡ᠎ᠶᠢᠨ ᠬᠡᠳᠦ ᠲᠡᠰ᠎ᠤᠨ ᠬᠣᠯᠪᠣᠭᠠᠲᠤ᠌ ᠤᠷᠤᠯᠳᠤᠭᠠᠨ᠎ᠨᠢ 《ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ》 ᠵᠢ ᠵᠢᠩᠬᠢᠨᠢ᠎ᠪᠡᠷ ᠵᠡᠷᠭᠡ᠎ᠪᠡᠷ ᠶᠠᠪᠤᠭᠳᠠᠭᠤᠯᠵᠤ᠂ ᠬᠥᠯ ᠪᠥᠮᠪᠥᠭᠡ᠎ᠶᠢᠨ ᠦᠪᠡᠳᠡᠭᠰᠢ ᠳᠠᠶ᠋ᠢᠯᠠᠯᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠢ ᠳᠡᠯᠭᠡᠨ ᠦᠵᠡᠭᠦᠯᠬᠦ᠌᠂ ᠣᠷᠣᠨ ᠪᠦᠰᠡ ᠠᠯᠤᠰᠯᠠᠭᠰᠠᠨ ᠬᠡᠷᠡᠭᠯᠡᠭᠡ᠎ᠶᠢ ᠳᠠᠶ᠋ᠢᠴᠢᠯᠠᠬᠤ ᠴᠢᠬᠤᠯᠠ ᠴᠤᠩᠬᠤᠪᠴᠢ ᠪᠤᠯᠵᠠᠢ᠃
ᠥᠪᠥᠷ ᠮᠣᠩᠭᠣᠯ ᠥᠪᠡᠷᠮᠢᠴᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠰᠢᠭᠯᠡᠨ᠂ 《ᠰᠢᠵᠢᠷ ᠠᠯᠲᠠᠨ ᠤᠯᠠᠷᠢᠯ᠎ᠳᠤ ᠥᠪᠥᠷ ᠮᠣᠩᠭᠣᠯ᠎ᠳᠤ ᠵᠢᠭᠤᠯᠴᠢᠯᠠᠶ᠎ᠠ》 ᠵᠡᠷᠭᠡ ᠬᠡᠷᠡᠭᠯᠡᠭᠡ᠎ᠶᠢ ᠠᠬᠢᠭᠤᠯᠬᠤ ᠲᠦᠷᠦᠯ ᠲᠡᠮᠳᠡᠭ᠎ᠢ ᠡᠭᠦᠳᠴᠦ᠍ ᠂ ᠳᠡᠭᠡᠷ᠎ᠡ ᠬᠠᠭᠠᠰ ᠵᠢᠯ᠎ᠳᠦ᠂ ᠲᠣᠮᠣ ᠬᠡᠯᠪᠡᠷᠢ᠎ᠶᠢᠨ ᠲᠡᠷᠭᠡᠨ ᠦᠵᠡᠭᠦᠯᠭᠡ᠂ ᠰᠡᠯᠡᠭᠦᠴᠡᠨ ᠪᠠᠷᠠᠭ᠎ᠠ ᠬᠤᠳᠠᠯᠳᠤᠨ ᠠᠪᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠭᠤᠤᠯ ᠰᠡᠳᠦᠪᠲᠦ᠍ ᠥᠪᠡᠷᠮᠢᠴᠡ ᠣᠨᠴᠠᠯᠢᠭ ᠪᠦᠬᠦᠢ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ᠎ᠶᠢ 248 ᠤᠳᠠᠭ᠎ᠠ ᠦᠷᠨᠢᠬᠦᠯᠵᠦ᠂ ᠬᠡᠷᠡᠭᠯᠡᠭᠡ᠎ᠶᠢ ᠳᠠᠶ᠋ᠢᠴᠢᠯᠠᠬᠰᠠᠨ ᠬᠡᠮᠵᠢᠶ᠎ᠠ 34 ᠳ᠋ᠦᠩᠰᠢᠭᠤᠷ ᠲᠥᠭᠥᠷᠢᠭ᠎ᠢ ᠳᠠᠪᠠᠵᠤ᠂ ᠦᠪᠦᠷ ᠮᠤᠩᠭᠤᠯ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ᠎ᠲᠦ᠍ ᠬᠠᠯᠠᠮᠰᠢᠯ᠎ᠤᠨ ᠬᠡᠮᠵᠢᠶ᠎ᠡ ᠥᠨᠳᠥᠷ᠂ ᠠᠮᠢᠵᠢᠷᠠᠯ᠎ᠤᠨ ᠬᠦᠴᠦᠨ ᠬᠦᠢᠴᠡᠳ᠂ ᠤᠶᠠᠨ ᠬᠠᠲᠠᠨ ᠴᠢᠨᠠᠷ᠎ᠢᠶᠠᠷ ᠴᠢᠩᠭ᠎ᠠ ᠣᠨᠴᠠᠯᠢᠭ ᠢᠯᠡᠷᠡᠵᠠᠢ᠃
ᠥᠪᠥᠷ ᠮᠣᠩᠭᠣᠯ᠎ᠤᠨ ᠦᠢᠯᠡᠴᠢᠯᠡᠬᠡᠨ᠎ᠤ ᠦᠢᠯᠡᠰ ᠶᠠᠭ ᠠᠵᠢᠯ ᠲᠥᠷᠥᠯ ᠠᠯᠤᠰᠯᠠᠨ ᠠᠭᠤᠰᠤᠯᠴᠠᠬᠤ᠂ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ᠂ ᠪᠥᠬᠥ᠌ ᠣᠷᠣᠨ ᠪᠦᠰᠡ᠎ᠪᠡᠷ ᠬᠣᠯᠪᠣᠭᠠᠯᠠᠨ ᠬᠥᠳᠡᠯᠦᠯᠴᠡᠬᠦ᠌ ᠰᠢᠨ᠎ᠡ ᠳᠦᠷᠰᠦ ᠪᠠᠶ᠋ᠢᠳᠠᠯ᠎ᠢᠶᠠᠷ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠰᠢᠨ᠎ᠡ ᠬᠢᠯᠠᠰ ᠴᠡᠭ᠎ᠢ ᠨᠡᠮᠡᠷᠢᠯᠡᠵᠦ᠍᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠳᠤ ᠴᠢᠩᠭ᠎ᠠ ᠲᠤᠯᠭᠠᠭᠤᠷᠢᠯᠠᠯ ᠬᠠᠩᠭᠠᠵᠤ ᠪᠠᠶ᠋ᠢᠨ᠎ᠠ᠃ ᠥᠪᠥᠷ ᠮᠣᠩᠭᠣᠯ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠬᠡᠷᠡᠭᠯᠡᠭᠡ᠎ᠶᠢ ᠦᠷᠭᠦᠯᠵᠢᠯᠡᠨ ᠬᠥᠭᠵᠢᠭᠡᠵᠦ᠍᠂ ᠳᠣᠲᠣᠭᠠᠳᠤ ᠬᠡᠷᠡᠭᠴᠡᠭᠡ᠎ᠶᠢ ᠥᠷᠭᠡᠳᠬᠡᠨ᠂ ᠶᠠᠰᠤ ᠴᠢᠨᠠᠷ᠎ᠢᠶᠠᠷ ᠨᠠᠩ ᠥᠨᠳᠥᠷ᠂ ᠪᠦᠲᠦᠴᠡ᠎ᠪᠡᠷ ᠨᠠᠩ ᠰᠢᠯᠢᠳᠡᠭ᠂ᠠᠮᠢᠵᠢᠷᠠᠯ᠎ᠤᠨ ᠬᠦᠴᠦᠨ᠎ᠢᠶᠡᠷ ᠨᠠᠩ ᠬᠦᠢᠴᠡᠳ ᠦᠢᠯᠡᠴᠢᠯᠡᠬᠡᠨ᠎ᠤ ᠦᠢᠯᠡᠰ᠎ᠦᠨ ᠬᠥᠭᠵᠢᠯᠲᠡ᠎ᠶᠢᠨ ᠰᠢᠨ᠎ᠠ ᠪᠠᠶ᠋ᠢᠷᠢᠰᠢᠯ᠎ᠢ ᠪᠥᠬᠥ᠌ ᠬᠦᠴᠦᠨ᠎ᠢᠶᠡᠷ᠎ᠢᠶᠡᠨ ᠪᠤᠢ ᠪᠤᠯᠭᠠᠨ ᠬᠦᠭᠵᠢᠬᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃