ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-26 18:00:22

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠡᠨᠡ ᠵᠢᠯ ᠦᠪᠤᠷ ᠮᠤᠡᠭᠭᠤᠯ ᠪᠦᠬᠦ ᠤᠷᠤᠨ᠎ᠤ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠠᠷᠠᠯᠵᠢᠶᠠᠯᠠᠬᠤ ᠪᠠ ᠪᠦᠭᠡᠮ ᠢ᠋ᠶ᠋ᠡᠷ ᠪᠤᠷᠤᠯᠠᠭᠤᠯᠬᠤ 180 ᠵᠠᠬ᠎ᠠ ᠳᠡᠯᠭᠡᠭᠦᠷ ᠲᠦ᠍ 《ᠡᠳᠦᠷ ᠪᠦᠷᠢ ᠰᠢᠯᠭᠠᠨ ᠪᠠᠢᠴᠠᠭᠠᠬᠤ》 ᠵᠢ ᠪᠦᠷᠬᠦᠬᠦᠯᠵᠤ᠂ ᠪᠠᠶ᠋ᠢᠩᠭᠤᠵᠢᠭᠤᠯᠤᠭᠰᠠᠨ ᠲᠦᠷᠭᠡᠨ ᠰᠢᠯᠭᠠᠨ ᠪᠠᠢᠴᠠᠭᠠᠯᠲᠠ ᠪᠠᠷ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠠᠮᠤᠷ ᠲᠦᠪᠰᠢᠨ ᠤ᠋ ᠰᠡᠷᠭᠡᠶ᠋ᠢᠯᠡᠯᠲᠡ ᠶ᠋ᠢᠨ ᠱᠤᠭᠤᠮ ᠢ᠋ ᠪᠠᠲᠤ᠌ ᠴᠣᠭᠴᠠᠯᠠᠪᠠ᠃

《ᠡᠳᠦᠷ ᠪᠦᠷᠢ ᠰᠢᠯᠭᠠᠨ ᠪᠠᠶ᠋ᠢᠴᠠᠭᠠᠬᠤ》 ᠵᠢ ᠲᠤᠰᠭᠠᠢ ᠰᠢᠯᠭᠠᠨ ᠪᠠᠶ᠋ᠢᠴᠠᠭᠠᠬᠤ ᠠᠵᠢᠯᠲᠠᠳ ᠬᠠᠷᠢᠭᠤᠴᠠᠵᠤ᠂ ᠡᠯ᠎ᠡ ᠠᠶ᠋ᠢᠮᠠᠭ ᠬᠤᠲᠠ ᠶ᠋ᠢᠨ ᠰᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ ᠤ᠋ᠨ ᠠᠵᠢᠯᠲᠡᠳ ᠡᠳᠦᠷ ᠪᠦᠷᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠲᠦ᠍ ᠬᠦᠷᠴᠦ ᠦᠯᠢᠭᠡᠷ ᠶᠠᠩᠵᠤ ᠠᠪᠴᠤ᠌ ᠰᠢᠯᠭᠠᠨ ᠪᠠᠢᠴᠠᠭᠠᠵᠤ ᠪᠤᠢ ; ᠦᠨᠳᠦᠰᠦᠨ ᠱᠠᠲᠤᠨ ᠤ᠋ ᠬᠢᠨᠠᠯᠲᠠ ᠬᠠᠮᠢᠶᠠᠷᠤᠯᠲᠠ ᠶ᠋ᠢᠨ ᠭᠠᠵᠠᠷ ᠲᠦ᠍ ᠲᠦᠷᠭᠡᠨ ᠪᠠᠶ᠋ᠢᠴᠠᠭᠠᠯᠲᠠ ᠶ᠋ᠢᠨ ᠲᠥᠬᠦᠭᠡᠷᠦᠮᠵᠢ ᠲᠣᠬᠢᠷᠠᠭᠤᠯᠵᠤ᠂ 《ᠵᠠᠬ᠎ᠠ ᠳᠡᠯᠭᠡᠭᠦᠷ ᠤ᠋ᠨ  ᠦᠪᠡᠷ᠎ᠤᠨ ᠪᠠᠢᠴᠠᠭᠠᠯᠲᠠ +  ᠬᠢᠨᠠᠯᠲᠠ ᠬᠠᠮᠢᠶᠠᠷᠤᠯᠲᠠ ᠶ᠋ᠢᠨ ᠰᠤᠭᠤᠴᠢᠨ ᠪᠠᠶ᠋ᠢᠴᠠᠭᠠᠯᠲᠠ》  ᠵᠡᠷᠭᠡ ᠣᠯᠠᠨ ᠳᠠᠪᠬᠤᠷᠭᠠᠲᠤ᠌ ᠰᠢᠯᠭᠠᠨ ᠪᠠᠢᠴᠠᠭᠠᠬᠤ ᠰᠢᠰᠲᠧᠮ ᠢ᠋ ᠪᠣᠢ ᠪᠣᠯᠭᠠᠪᠠ᠃ ᠬᠡᠷᠡᠭᠯᠡᠭᠴᠢᠳ ᠲᠠᠸᠠᠷ ᠬᠤᠳᠠᠯᠳᠤᠨ ᠠᠪᠤᠭᠰᠠᠨ ᠤ᠋ ᠳᠠᠷᠠᠭ᠎ᠠ ᠦᠪᠡᠰᠦᠪᠠᠨ ᠭᠦᠢᠴᠡᠳᠭᠡᠬᠦ ᠴᠡᠭ ᠲᠦ᠍ ᠲᠦᠷᠭᠡᠨ ᠪᠠᠶ᠋ᠢᠴᠠᠭᠠᠯᠲᠠ ᠶ᠋ᠢᠨ ᠤᠷᠪᠠᠯᠵᠢ ᠵᠢ ᠭᠤᠶᠤᠴᠢᠯᠠᠨ ᠠᠪᠴᠤ᠌᠂ ᠠᠵᠢᠯᠯᠠᠭᠠᠨ ᠤ᠋ ᠲᠣᠳᠤᠷᠬᠠᠶ᠋ᠢᠯᠠᠯᠲᠠ ᠶᠣᠰᠤᠭᠠᠷ ᠰᠢᠯᠭᠠᠨ ᠪᠠᠢᠴᠠᠭᠠᠯᠲᠠ ᠥᠷᠨᠢᠭᠦᠯᠬᠦ ᠶ᠋ᠢᠨ ᠬᠠᠮᠲᠤ᠌ ᠲᠤᠬᠠᠢ ᠶ᠋ᠢᠨ ᠲᠠᠯᠠᠪᠤᠷ ᠲᠦ᠍ ᠦᠷ᠎ᠡ ᠳ᠋ᠦᠩ ᠣᠯᠵᠤ᠂《ᠪᠡᠶ᠎ᠡ ᠪᠠᠨ ᠳᠠᠭᠠᠭᠠᠵᠤ ᠰᠢᠯᠭᠠᠨ ᠪᠠᠢᠴᠠᠭᠠᠵᠤ ᠠᠰᠠᠭᠤᠳᠠᠯ ᠢᠯᠡᠷᠡᠭᠦᠯᠬᠦ — ᠡᠵᠡᠩᠨᠡᠯᠲᠡ ᠶ᠋ᠢᠨ ᠭᠤᠤᠯ ᠴᠣᠭᠴᠠ ᠴᠠᠭ ᠲᠤᠬᠠᠢ ᠳ᠋ᠤᠨᠢ ᠬᠢᠨᠠᠨ ᠪᠠᠶ᠋ᠢᠴᠠᠭᠠᠬᠤ — ᠬᠠᠷᠢᠶ᠎ᠠ ᠭᠠᠵᠠᠷ ᠤ᠋ᠨ ᠬᠢᠨᠠᠯᠲᠠ ᠬᠠᠮᠢᠶᠠᠷᠤᠯᠲᠠ ᠶ᠋ᠢᠨ ᠭᠠᠵᠠᠷ ᠳᠠᠭᠠᠵᠤ ᠰᠢᠢᠳᠪᠦᠷᠢᠯᠡᠬᠦ᠌ 》 ᠠᠵᠢᠯ ᠤ᠋ᠨ ᠪᠢᠲᠡᠭᠦᠦ ᠬᠤᠭᠤᠴᠠᠭ᠎ᠠ ᠵᠢ ᠪᠦᠷᠢᠯᠳᠦᠬᠦᠯᠵᠤ᠂ ᠬᠢᠨᠠᠨ ᠬᠠᠮᠢᠶᠠᠷᠬᠤ ᠵᠠᠭᠪᠤᠷ ᠢ᠋ 《ᠳᠠᠩ ᠴᠢᠭᠯᠡᠯ ᠢ᠋ᠶ᠋ᠡᠷ ᠬᠠᠤᠯᠢ ᠬᠡᠷᠡᠭᠵᠢᠭᠦᠯᠵᠦ》 ᠪᠠᠶ᠋ᠢᠭᠰᠠᠨ ᠡᠴᠡ 《 ᠨᠡᠶ᠋ᠢᠭᠡᠮ ᠨᠡᠶ᠋ᠢᠲᠡ ᠪᠡᠷ ᠢ᠋ᠶ᠋ᠡᠨ ᠬᠠᠮᠲᠤ ᠪᠠᠷ ᠵᠠᠰᠠᠬᠤ》 ᠲᠡᠢᠰᠢ ᠬᠤᠪᠢᠷᠠᠭᠤᠯᠬᠤ ᠵᠢ ᠠᠬᠢᠭᠤᠯᠤᠨ᠂ ᠢᠳᠡᠭᠡᠨ ᠤ᠋ ᠠᠮᠤᠷ ᠲᠦᠪᠰᠢᠨ ᠤ᠋ ᠦᠢᠯᠡᠴᠢᠯᠡᠭᠡᠨ ᠤ᠋ 《ᠡᠴᠦᠰ ᠤ᠋ᠨ ᠨᠢᠭᠡ ᠺᠢᠯᠤᠮᠧᠲᠷ》 ᠦᠨᠡᠨ ᠬᠦ᠌ ᠨᠡᠪᠲᠡᠷᠡᠭᠦᠯᠪᠡ᠃

ᠰᠢᠯᠭᠠᠨ ᠪᠠᠶ᠋ᠢᠴᠠᠭᠠᠯᠲᠠ ᠳ᠋ᠤ ᠥᠨᠳᠦᠷ ᠲᠦᠭᠰᠢᠭᠦᠷᠢᠲᠦ᠍ ᠪᠣᠳᠠᠰ ᠤ᠋ᠨ ᠲᠥᠷᠦᠯ ᠤ᠋ᠨ ᠬᠠᠮᠢᠶᠠᠷᠤᠯᠲᠠ ᠡᠵᠡᠮᠳᠡᠯ ᠢ᠋ ᠵᠡᠷᠭᠡ ᠪᠡᠷ ᠴᠢᠩᠭ᠎ᠠ ᠠᠳᠬᠤᠵᠤ᠂ ᠬᠢᠷᠢ ᠲᠡᠩᠴᠡᠬᠦ ᠥᠬᠡᠢ ᠤᠯᠠᠭᠠᠨ ᠢᠳᠡᠭᠡᠨ ᠢ᠋ ᠵᠠᠬ᠎ᠠ ᠳᠡᠯᠭᠡᠭᠦᠷ ᠲᠦ᠍ ᠣᠷᠤᠭᠤᠯᠬᠤ ᠵᠢ ᠴᠢᠩᠭ᠎ᠠ ᠰᠡᠷᠭᠡᠢᠯᠡᠬᠦ ᠶ᠋ᠢᠨ ᠬᠠᠮᠲᠤ᠌ ᠵᠠᠬ᠎ᠠ ᠳᠡᠯᠭᠡᠭᠦᠷ ᠭᠤᠤᠯᠯᠠᠨ ᠡᠷᠭᠢᠯᠡᠬᠦ ᠡᠳᠡᠭᠡᠳ᠎ᠤᠨ ᠬᠢᠨ ᠢᠳᠡᠭᠡᠨ ᠤ᠋ ᠠᠮᠤᠷ ᠲᠦᠪᠰᠢᠨ ᠤ᠋ ᠭᠤᠤᠯ ᠴᠣᠭᠴᠠ ᠶ᠋ᠢᠨ ᠬᠠᠷᠢᠭᠤᠴᠠᠯᠭ᠎ᠠ ᠪᠠᠨ ᠪᠣᠳᠠᠲᠠᠶ᠋ᠢᠵᠢᠭᠤᠯᠬᠤ ᠵᠢ ᠱᠠᠯᠠᠪᠳᠠᠭᠤᠯᠵᠤ᠂ ᠡᠬᠢ ᠡᠭᠦᠰᠦᠯ ᠡᠴᠡ ᠨᠢ ᠨᠢᠭᠡᠳᠦᠭᠡᠷ ᠰᠡᠷᠭᠡᠶ᠋ᠢᠯᠡᠯᠲᠡ ᠶ᠋ᠢᠨ ᠱᠤᠭᠤᠮ ᠢ᠋ ᠪᠠᠲᠤ᠌ ᠴᠣᠭᠴᠠᠯᠠᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面