2026-08-31 16:33:46
ᠦᠪᠦᠷ ᠮᠤᠩᠭᠤᠯᠡᠯᠡᠰᠦᠨ ᠤ ᠡᠬᠢ ᠪᠠᠶᠠᠯᠢᠭ ᠤᠨ ᠲᠠᠪᠠᠭᠤᠯᠢᠭ ᠢ᠋ ᠬᠦᠨ ᠠᠭᠤᠳᠠᠯᠵᠦ᠂ ᠰᠤᠶᠤᠯ ᠵᠢᠭᠤᠯᠴᠢᠯᠡᠯ ᠤᠨ ᠲᠦᠷᠦᠯ ᠲᠡᠮᠳᠡᠭᠳᠤᠵᠢ ᠦᠷᠬᠦᠯᠵᠢᠯᠡᠨ ᠡᠬᠦᠳᠴᠤ᠂ ᠡᠯᠡᠰᠦ ᠮᠠᠡᠭᠬᠠᠨᠤ ᠠᠮᠢ ᠠᠬᠤᠢᠵᠢᠨ ᠵᠢᠭᠤᠯᠴᠢᠯᠡᠯᠤᠨ ᠠᠵᠦ ᠦᠢᠯᠡᠰ ᠢ᠋ ᠶᠡᠭᠡ ᠪᠠᠷ ᠬᠦᠭᠵᠢᠬᠦᠯᠪᠠ᠃
ᠲᠦᠩᠯᠢᠶᠣᠤ ᠬᠣᠲᠠ ᠵᠢᠨ ᠬᠦᠷᠢᠶ᠎ᠡ ᠬᠣᠰᠢᠭᠤᠨ ᠤ᠋ ᠮᠦᠩᠭᠦᠨ ᠳᠤᠬᠤᠢ ᠡᠯᠡᠰᠤ ᠮᠠᠩᠬᠠᠨ ᠤ᠋ ᠠᠮᠢ ᠠᠬᠤᠢ ᠵᠢᠨ ᠵᠢᠭᠤᠯᠴᠢᠯᠠᠯ ᠤ᠋ᠨ ᠦᠵᠡᠮᠵᠢ ᠵᠢᠨ ᠤᠷᠤᠨ ᠨᠢ 《ᠵᠡᠭᠦᠨ ᠬᠣᠶ᠋ᠢᠲᠤ ᠵᠢᠨ ᠨᠢᠭᠡᠳᠦᠭᠡᠷ ᠡᠯᠡᠰᠦᠨ ᠴᠥᠯ 》 ᠭᠡᠮᠡᠬᠦ ᠰᠠᠶ᠋ᠢᠬᠠᠨ ᠠᠯᠳᠠᠷ ᠲᠠᠶ ᠪᠠᠢᠵᠤ᠂ ᠵᠢᠯ ᠲᠤᠷᠰᠢ ᠮᠠᠰᠢ ᠣᠯᠠᠨ ᠵᠢᠭᠤᠯᠴᠢᠯᠠᠭᠴᠢ ᠵᠢ ᠲᠠᠲᠠᠳᠠᠭ᠃ ᠤᠯᠠᠨ ᠵᠢᠯ ᠤ᠋ᠨ ᠲᠤᠷᠰᠢ᠂ ᠬᠦᠷᠢᠶ᠎ᠠ ᠬᠤᠰᠢᠭᠤ ᠵᠢᠨ ᠬᠢᠨ ᠲᠤᠬᠠᠢᠵᠢᠨ ᠭᠠᠵᠠᠷ ᠤ᠋ᠨ ᠵᠢᠡᠨ ᠡᠯᠡᠰᠦᠨ ᠤ᠋ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠵᠤ᠂ 《ᠵᠢᠭᠤᠯᠴᠢᠯᠠᠯ + ᠤᠷᠤᠯᠳᠤᠭᠠᠨ + ᠰᠤᠶᠤᠯ + ᠡᠯᠡᠰᠦᠨ ᠴᠦᠯ 》 ᠤ᠋ᠨ ᠤᠯᠠᠨ ᠡᠰᠢᠳᠤ ᠡᠵᠡᠩᠨᠡᠯᠳᠡ ᠵᠢᠨ ᠬᠡᠯᠪᠡᠷᠢᠵᠢ ᠦᠷᠬᠦᠯᠵᠢᠯᠡᠨ ᠪᠠᠶᠠᠯᠢᠭᠵᠢᠭᠤᠯᠵᠦ᠂ ᠤᠯᠠᠨ ᠲᠦᠮᠡᠨ ᠢ᠋ ᠳᠠᠢᠴᠢᠯᠡᠨ ᠢᠳᠡᠪᠬᠢᠳᠠᠢ ᠤᠷᠤᠯᠴᠠᠭᠤᠯᠵᠤ ᠤᠷᠤᠯᠭᠠᠵᠢ ᠨᠢ ᠨᠡᠮᠡᠭᠳᠡᠬᠦᠯᠵᠦ ᠪᠤᠢ᠃ ᠣᠲᠣᠬᠠᠨ ᠪᠣᠯᠲᠠᠯ᠎ᠠ᠂ ᠲᠤᠰ ᠦᠵᠡᠮᠵᠢ ᠵᠢᠨ ᠣᠷᠣᠨ ᠨᠢ ᠨᠢᠭᠡᠨᠲᠡ ᠡᠯ᠎ᠡ ᠲᠥᠷᠥᠯ ᠤ᠋ᠨ ᠶᠡᠬᠡ ᠪᠠᠭ᠎ᠠ ᠤᠷᠤᠯᠳᠤᠭᠠᠨ ᠢ᠋ ᠨᠡᠶ᠋ᠢᠲᠡ 100 ᠭᠠᠷᠤᠶ ᠲᠠᠯᠠᠪᠠᠢ ᠳᠠᠭᠠᠭᠠᠨ ᠡᠷᠭᠢᠯᠡᠵᠦ᠍᠂ ᠲᠣᠮᠣ ᠬᠡᠯᠪᠡᠷᠢ ᠵᠢᠨ ᠠᠵᠢᠯᠯᠠᠭ᠎ᠠ ᠳ᠋ᠤ 30 ᠭᠠᠷᠤᠶ ᠲᠦᠮᠡᠨ ᠬᠥᠮᠦᠨ ᠤᠳᠠᠭ᠎ᠠ ᠤᠷᠤᠯᠴᠠᠪᠠ᠃
ᠬᠥᠪᠴᠢ ᠵᠢᠨ ᠡᠯᠡᠰᠦᠨ ᠤ᠋ ᠥᠷᠥᠴᠡᠨ ᠳ᠋ᠡᠬᠢ ᠪᠦᠷᠢᠶ᠎ᠡ ᠮᠠᠩᠬ᠎ᠠ ᠵᠡᠷᠭᠡ ᠦᠵᠡᠮᠵᠢ ᠵᠢᠨ ᠣᠷᠣᠨ ᠨᠢ ᠨᠢᠭᠡᠨᠲᠡ ᠬᠢᠯᠢ ᠵᠢᠨ ᠭᠠᠳᠠᠨᠠᠬᠢ ᠵᠢᠨ ᠬᠢᠨᠤ ᠥᠪᠥᠷ ᠮᠣᠩᠭᠣᠯ ᠳ᠋ᠡᠬᠢ ᠵᠢᠭᠤᠯᠴᠢᠯᠠᠯᠤᠨ ᠬᠠᠯᠠᠮᠰᠢᠯ ᠭᠠᠵᠠᠷ ᠪᠣᠯᠵᠠᠢ᠃ ᠪᠦᠷᠢᠶ᠎ᠡ ᠮᠠᠩᠬ᠎ᠠ ᠨᠢ ᠭᠠᠩ ᠬᠠᠭᠤᠷᠠᠶ ᠠᠷᠢᠭᠤᠨ ᠴᠡᠪᠡᠷ ᠡᠯᠡᠰᠦᠨ ᠴᠦᠯ ᠤ᠋ᠨ ᠣᠷᠴᠢᠨ ᠲᠣᠭᠣᠷᠢᠨ ᠳ᠋ᠤ ᠲᠦᠰᠢᠭᠯᠡᠨ ᠪᠡᠶᠡᠴᠢᠯᠡᠨ ᠣᠶ᠋ᠢᠯᠠᠭᠠᠬᠤ ᠲᠥᠷᠥᠯ ᠵᠦᠢᠯ ᠢ᠋ ᠳᠡᠯᠭᠡᠷᠡᠭᠦᠯᠤᠨ᠂ ᠡᠳᠦᠷ ᠰᠥᠨᠢ ᠵᠢᠨ ᠳᠤᠯᠠᠭᠠᠨ ᠤ᠋ ᠵᠥᠷᠢᠶ᠎ᠡ ᠶᠡᠬᠡ ᠪᠠᠢᠬᠤ ᠵᠡᠷᠭᠡ ᠤᠨᠴᠠᠯᠢᠭᠵᠢᠡᠨ ᠦᠨᠳᠤᠰᠤᠯᠠᠵᠤ᠂ ᠣᠳᠣᠨ ᠣᠭᠲᠠᠷᠭᠤᠶᠵᠢ ᠰᠤᠨᠢᠷᠬᠠᠬᠤ᠂ ᠥᠷᠭᠡᠨ ᠠᠭᠤᠳᠠᠮ ᠡᠯᠡᠰᠦᠨ ᠳᠣᠪᠣᠴᠠᠭ ᠢ᠋ ᠠᠰᠢᠭᠯᠠᠨ ᠡᠯᠡᠰᠦᠨ ᠴᠦᠯ ᠳ᠋ᠡᠬᠢ ᠡᠯ᠎ᠡ ᠵᠦᠢᠯ ᠤ᠋ᠨ ᠠᠵᠢᠯᠯᠠᠭ᠎ᠠ ᠵᠢ ᠦᠷᠨᠢᠬᠦᠯᠵᠤ᠂ ᠡᠯᠡᠰᠦᠨᠤ ᠠᠵᠤ ᠠᠬᠤᠶ ᠵᠢᠨ ᠥᠷᠲᠡᠭ ᠢ᠋ ᠪᠥᠬᠥ᠌ ᠲᠠᠯ᠎ᠠ ᠪᠠᠷ ᠬᠦᠭᠵᠢᠭᠡᠵᠤ ᠪᠤᠢ᠃ ᠡᠨᠡ ᠵᠢᠯ ᠤ᠋ᠨ 7 ᠰᠠᠷ᠎ᠠ ᠳ᠋ᠤ ᠳᠤᠰ ᠦᠵᠡᠮᠵᠢ ᠵᠢᠨ ᠣᠷᠣᠨ ᠨᠢ ᠭᠠᠳᠠᠭᠠᠳᠤ ᠵᠢᠨ ᠵᠢᠭᠤᠯᠴᠢᠯᠠᠭᠴᠢᠳ ᠢ᠋ ᠨᠡᠶ᠋ᠢᠲᠡ 1.6 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 176% ᠪᠠᠷ ᠨᠡᠮᠡᠭᠳᠡᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃