ᠲᠡᠷᠢᠭᠦᠨ ᠨᠢᠭᠤᠷ>ᠰᠢᠨ᠎ᠡ ᠬᠦᠳᠡᠭᠡ>ᠪᠠᠶᠠᠵᠢᠯ᠎ᠤᠨ ᠵᠣᠷ

2026-08-31 16:31:20

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠮᠠᠨ ᠤ᠋ ᠤᠯᠤᠰ ᠤ᠋ᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠪᠤᠯᠤᠬᠰᠠᠨ ᠦᠪᠦᠷ ᠮᠤᠩᠭᠤᠯ ᠎ᠳ᠋ᠤ ᠨᠡᠯᠦᠭᠡᠷ ᠮᠠᠩᠬ᠎ᠠ ᠡᠴᠡ 《ᠡᠷᠳᠡᠨᠢ》 ᠡᠪᠦᠷᠯᠡᠭᠰᠡᠨ ᠦᠯᠢᠭᠡᠷ ᠵᠢᠱ᠌ᠢᠶ᠎ᠠ ᠤᠯᠠᠰᠢᠷᠠᠵᠤ᠂ ᠡᠯᠡᠰᠦ ᠵᠢ ᠵᠠᠰᠠᠬᠤ ᠬᠢᠬᠡᠳ ᠡᠯᠡᠰᠦᠨ ᠤ᠋ ᠠᠵᠦ ᠦᠢᠯᠡᠰ ᠢ᠋ ᠬᠦᠭᠵᠢᠬᠦᠯᠬᠦ ᠵᠢ ᠤᠶᠠᠯᠳᠤᠭᠤᠯᠤᠬᠰᠠᠨ ᠰᠢᠨ᠎ᠠ ᠵᠠᠮ ᠳᠤᠷᠠᠢᠵᠤ ᠪᠤᠢ᠃

ᠤᠢᠷ᠎ᠠ ᠵᠢᠨ ᠵᠢᠯ ᠡᠴᠡ ᠨᠠᠭᠠᠰᠢ᠂ ᠦᠪᠦᠷ ᠮᠤᠩᠭᠤᠯ ᠠᠮᠢ ᠠᠬᠤᠶ ᠵᠢ ᠤᠷᠢᠳ ᠵᠢᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠰᠢᠨ᠎ᠡ ᠵᠠᠮ ᠵᠢᠡᠷ ᠭᠤᠢᠪᠢᠰᠢ ᠦᠭᠡᠢ ᠵᠠᠮᠨᠠᠨ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠦᠢᠯᠡᠳᠦᠯᠭᠡ ᠵᠢ ᠬᠦᠨᠵᠡᠭᠡᠢᠷᠡᠬᠦᠯᠵᠤ᠂ ᠡᠯᠡᠰᠦᠨ ᠤ᠋ ᠠᠵᠤ ᠦᠢᠯᠡᠰ ᠤ᠋ᠨ ᠬᠥᠭᠵᠢᠯᠲᠡ ᠵᠢᠨ ᠰᠢᠨ᠎ᠡ ᠵᠠᠭᠪᠤᠷ ᠢ᠋ ᠡᠭᠦᠳᠴᠠᠢ ᠃ ᠤᠯᠠᠮᠵᠢᠯᠠᠯᠲᠤ᠌ ᠣᠶ᠋ᠢᠯᠠᠭᠠᠭᠳᠠᠬᠤᠨ ᠳ᠋ᠤ ᠡᠯᠡᠰᠦ ᠵᠢ ᠵᠠᠰᠠᠬᠤ ᠬᠢᠭᠡᠳ ᠡᠯᠡᠰᠦᠨ ᠤ᠋ ᠠᠵᠤ ᠦᠢᠯᠡᠰ᠎ᠤᠨ ᠬᠥᠭᠵᠢᠯᠲᠡ ᠵᠢ ᠡᠰᠡᠷᠭᠦᠴᠡᠯᠳᠦᠬᠦᠯᠵᠦ ᠦᠵᠡᠳᠡᠭ᠃ ᠭᠡᠲᠡᠯ᠎ᠡ᠂ ᠥᠪᠥᠷ ᠮᠣᠩᠭᠣᠯ ᠤ᠋ᠨ ᠦᠢᠯᠡᠳᠤᠯᠬᠡ ᠨᠢ ᠡᠯᠡᠰᠤ ᠵᠢ ᠵᠠᠰᠠᠬᠤ ᠬᠢᠭᠡᠳ ᠡᠯᠡᠰᠦᠨ ᠤ᠋ ᠠᠵᠤ ᠦᠢᠯᠡᠰ᠎ᠤᠨ ᠬᠥᠭᠵᠢᠯᠲᠡ ᠡᠰᠡᠷᠬᠦᠴᠡᠯᠳᠦᠬᠦ ᠪᠤᠰᠤ᠂ ᠬᠠᠷᠢᠨ ᠵᠠᠰᠠᠯᠳᠠ ᠪᠠ ᠬᠦᠭᠵᠢᠯᠳᠠ ᠵᠡᠷᠭᠡ ᠪᠠᠷ ᠣᠷᠣᠰᠢᠵᠤ ᠪᠣᠯᠤᠨ᠎ᠠ ᠭᠡᠳᠡᠭ ᠢ᠋ ᠭᠡᠷᠡᠴᠢᠯᠡᠵᠠᠢ᠃ ᠡᠨᠡ ᠨᠢ ᠮᠠᠨ ᠤ᠋ ᠤᠯᠤᠰ ᠴᠢᠨᠠᠭᠰᠢᠯᠠᠪᠠᠯ ᠪᠦᠬᠦ᠌ ᠪᠥᠮᠪᠥᠷᠴᠡᠭ ᠤ᠋ᠨ ᠡᠯᠡᠰᠦᠷᠭᠡᠭ ᠭᠠᠵᠠᠷ ᠣᠷᠣᠨ ᠳ᠋ᠤ ᠲᠤᠯᠢᠯᠡᠯ ᠪᠣᠯᠬᠤᠢᠴᠡ ᠬᠥᠭᠵᠢᠯᠲᠡ ᠵᠢᠨ ᠲᠥᠰᠦᠯ ᠢ᠋ ᠬᠠᠩᠭᠠᠵᠠᠢ᠃

ᠤᠳᠤ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠨᠢ ᠲᠠᠩ ᠭᠠᠭᠴᠠ ᠪᠡᠯᠡ ᠣᠷᠣᠭᠤᠯᠤᠯᠲᠠ ᠪᠤᠯᠬᠤ ᠪᠢᠰᠢ᠂ ᠬᠠᠷᠢᠨ ᠠᠮᠢ ᠠᠬᠤᠢ ᠵᠢ ᠬᠠᠮᠠᠭᠠᠯᠠᠬᠤ ᠵᠢᠨ ᠬᠠᠮᠳᠤ ᠠᠰᠢᠬ ᠤᠷᠤᠯᠭ᠎ᠠ ᠡᠭᠦᠳᠬᠦ᠌᠂ ᠤᠯᠠᠨ ᠲᠦᠮᠡᠨ ᠢ᠋ ᠪᠠᠶᠠᠵᠢᠭᠤᠯᠬᠤ ᠪᠣᠬᠢᠷᠲᠤᠯ ᠦᠭᠡᠢ ᠠᠵᠤ ᠦᠢᠯᠡᠰ ᠪᠣᠯᠵᠠᠢ᠃ ᠴᠢᠴᠠᠷᠭᠠᠨ᠎ᠠ᠂ ᠴᠠᠭᠠᠨ ᠭᠣᠶᠣᠣ ᠵᠡᠷᠭᠡ ᠠᠮᠢ ᠠᠬᠤᠢ ᠪᠣᠯᠤᠨ ᠠᠵᠤ ᠠᠬᠤᠢ ᠵᠢᠨ ᠦᠷᠳᠡᠭ ᠢ᠋ ᠬᠣᠣᠰᠯᠠᠭᠤᠯᠤᠭᠰᠠᠨ ᠡᠯᠡᠰᠦᠨ ᠴᠦᠯ ᠤ᠋ᠨ ᠤᠷᠭᠤᠮᠠᠯ ᠢ᠋ ᠲᠦᠪᠯᠡᠷᠡᠬᠦᠯᠦᠨ ᠲᠠᠷᠢᠬᠤ᠂ ᠨᠠᠷᠢᠯᠢᠭ ᠡᠳ᠋ᠰᠢᠭᠦᠯᠬᠦ᠌᠂ ᠲᠥᠷᠥᠯ ᠲᠡᠮᠳᠡᠭᠲᠦ᠍ ᠪᠤᠯᠭᠠᠨ ᠪᠣᠷᠣᠯᠠᠭᠤᠯᠬᠤ ᠵᠢ ᠨᠢᠭᠡ ᠴᠣᠭᠴᠠᠵᠢᠭᠤᠯᠤᠭᠰᠠᠨ ᠦᠪᠡᠷᠮᠢᠴᠡ ᠤᠨᠴᠠᠯᠢᠭ ᠲᠠᠢ ᠡᠯᠡᠰᠤᠷᠭᠡᠭ ᠤᠷᠤᠨ ᠤ᠋ ᠣᠢ ᠡᠪᠡᠰᠤᠨ ᠤ᠋ ᠠᠵᠤ ᠦᠢᠯᠡᠰ ᠤ᠋ᠨ ᠬᠡᠯᠬᠢᠶ᠎ᠡ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠵᠠᠢ; 《 ᠬᠡᠷᠡᠯᠴᠢ ᠴᠡᠨᠡᠭ +》 ᠵᠠᠭᠪᠤᠷ ᠵᠢᠡᠷ ᠠᠵᠤ ᠦᠢᠯᠡᠰ ᠤ᠋ᠨ ᠬᠦᠭᠵᠢᠯᠳᠡ ᠵᠢ ᠦᠷᠭᠡᠨ ᠳᠡᠯᠭᠡᠷ ᠠᠬᠢᠭᠤᠯᠵᠤ᠂ ᠬᠡᠷᠡᠯᠴᠢ ᠴᠡᠨᠡᠭ ᠤ᠋ᠨ ᠬᠥᠬᠡ ᠦᠨᠭᠭᠡ ᠪᠣᠯᠤᠨ ᠠᠮᠢ ᠠᠬᠤᠶ ᠵᠢᠨ ᠨᠣᠭᠣᠭᠠᠨ ᠦᠨᠭᠭᠡ ᠰᠣᠯᠪᠢᠴᠠᠨ᠂ ᠠᠷᠢᠭᠤᠨ ᠴᠡᠪᠡᠷ ᠡᠨᠧᠷᠭᠢ ᠵᠢᠨ ᠰᠤᠷᠪᠤᠯᠵᠢ ᠵᠢᠨ ᠭᠠᠷᠤᠯᠲᠠ ᠨᠢ ᠠᠮᠢ ᠠᠬᠤᠶ ᠵᠢᠨ ᠵᠠᠰᠠᠯᠲᠠ ᠪᠠ ᠠᠷᠠᠳ ᠤ᠋ᠨ ᠠᠮᠢᠳᠤᠷᠠᠯ ᠤ᠋ᠨ ᠰᠠᠶ᠋ᠢᠵᠢᠷᠠᠯᠲᠠ ᠵᠢ ᠠᠬᠢᠭᠤᠯᠵᠤ᠂ ᠡᠯᠡᠰᠦᠨ ᠴᠥᠯ ᠭᠣᠪᠢ ᠵᠢ 《ᠨᠡᠷᠡᠨ ᠭᠡᠷᠡᠯᠲᠦ᠍ ᠪᠠᠩᠬᠢ》 ᠪᠣᠯᠭᠠᠵᠠᠶ ; ᠡᠯᠡᠰᠦᠨ᠎ᠤ ᠡᠬᠢ ᠪᠠᠶᠠᠯᠢᠭ ᠲᠦ᠍ ᠲᠦᠰᠢᠭᠯᠡᠨ ᠦᠪᠡᠷᠮᠢᠴᠡ ᠤᠨᠴᠠᠯᠢᠬᠳᠤ ᠡᠯᠡᠰᠦᠨ ᠮᠠᠡᠭᠬᠠᠨ᠎ᠤ ᠠᠮᠢ ᠠᠬᠤᠢ ᠎ᠵᠢᠨ ᠵᠢᠭᠤᠯᠴᠢᠯᠡᠯ ᠤ᠋ᠨ ᠦᠢᠯᠡᠰ ᠢ᠋ ᠶᠡᠬᠡ ᠪᠡᠷ ᠬᠥᠭᠵᠢᠭᠦᠯᠵᠤ ᠂ ᠠᠵᠤ ᠠᠬᠤᠢ᠎ᠵᠢᠨ ᠬᠦᠭᠵᠢᠯᠳᠠ᠎ᠵᠢ ᠲᠠᠢᠴᠢᠯᠠᠪᠠ ᠁

ᠥᠪᠥᠷ ᠮᠣᠩᠭᠣᠯ ᠤ᠋ᠨ ᠡᠯᠡᠰᠦ ᠵᠢ ᠵᠠᠰᠠᠬᠤ ᠬᠢᠬᠡᠳ ᠡᠯᠡᠰᠤᠨ ᠤ᠋ ᠠᠵᠦ ᠦᠢᠯᠡᠰ ᠤ᠋ᠨ ᠬᠦᠭᠵᠢᠯᠳᠡ ᠵᠢ ᠠᠭᠤᠰᠤᠯᠴᠠᠭᠤᠯᠤᠨ ᠬᠦᠭᠵᠢᠬᠦᠯᠦᠭᠰᠡᠨ ᠠᠷᠭ᠎ᠠ ᠵᠠᠮ ᠨᠢ ᠰᠢᠨ᠎ᠡ ᠵᠢ ᠡᠭᠦᠳᠴᠦ᠍ ᠬᠠᠶ᠋ᠢᠨ ᠰᠦᠪᠡᠭᠴᠢᠯᠡᠬᠰᠡᠨ ᠵᠠᠮ ᠮᠥᠨ᠂ ᠨᠡᠩ ᠴᠤ᠌ ᠬᠥᠮᠦᠨ ᠬᠢᠭᠡᠳ ᠪᠠᠶ᠋ᠢᠭᠠᠯᠢ ᠡᠶ᠎ᠡ ᠵᠣᠬᠢᠴᠠᠩᠭᠤᠢ ᠬᠠᠮᠲᠤ᠌ ᠪᠠᠷ ᠣᠷᠣᠰᠢᠬᠤ ᠵᠠᠮ ᠮᠥᠨ᠃ ᠲᠠᠷᠠᠭᠠᠴᠢ ᠪᠠᠷ ᠡᠷᠡᠰ ᠭᠤᠢᠪᠢᠰᠢ ᠦᠬᠡᠢ ᠪᠡᠷ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠵᠦ᠂ ᠡᠯᠡᠰᠦ ᠵᠢ ᠵᠠᠰᠠᠬᠤ ᠬᠢᠭᠡᠳ ᠡᠯᠡᠰᠦᠨ ᠤ᠋ ᠠᠵᠦ ᠦᠢᠯᠡᠰ ᠢ᠋ ᠰᠢᠨᠵᠢᠯᠡᠬᠦ ᠤᠬᠠᠭᠠᠨᠴᠢ ᠪᠡᠷ ᠠᠭᠤᠰᠤᠯᠴᠠᠭᠤᠯᠤᠨ ᠬᠦᠭᠵᠢᠬᠦᠯᠪᠡᠯ 《ᠨᠤᠮᠢᠨ ᠤᠰᠤ ᠬᠥᠬᠡᠮᠳᠦᠭ ᠠᠭᠤᠯᠠ ᠪᠤᠯ ᠠᠯᠳᠡᠨ ᠠᠭᠤᠯᠠ ᠮᠦᠨᠭᠭᠦᠨ ᠬᠠᠢᠷᠬᠠᠨ ᠮᠦᠨ》 ᠬᠡᠬᠦ ᠬᠦᠭᠵᠢᠯᠳᠡ ᠵᠢᠨ ᠤᠢᠯᠠᠭᠠᠬᠳᠠᠬᠤᠨ ᠢ᠋ ᠦᠨᠡᠨ ᠬᠦ᠌ ᠪᠤᠳᠠᠳᠠᠢ ᠦᠢᠯᠡᠳᠦᠯᠬᠡᠵᠢᠬᠦᠯᠦᠨ ᠂ ᠰᠢᠷᠭᠠᠯ ᠡᠯᠡᠰᠦ ᠡᠴᠡ ᠨᠠᠡᠭ ᠡᠯᠪᠡᠭ ᠲᠠᠯᠪᠡᠭ 《ᠰᠢᠵᠢᠷ ᠠᠯᠳᠡ》 ᠲᠤᠩᠭᠠᠵᠤ ᠴᠢᠳᠠᠬᠤ ᠨᠢ ᠯᠠᠪᠳᠠᠢ ᠶᠤᠮ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面