2026-08-31 16:27:42
ᠤᠢᠷ᠎ᠠ ᠵᠢᠨ ᠵᠢᠯ ᠡᠴᠡ ᠨᠠᠭᠠᠰᠢ᠂ ᠥᠪᠥᠷ ᠮᠣᠩᠭᠣᠯ ᠡᠯᠡᠰᠦᠨ ᠤ᠋ ᠠᠵᠤ ᠦᠢᠯᠡᠰ ᠤ᠋ᠨ ᠭᠦᠭᠵᠢᠯᠳᠡ ᠵᠢ ᠬᠦᠨᠵᠡᠭᠡᠢ ᠠᠬᠢᠭᠤᠯᠵᠤ᠂ ᠡᠯᠡᠰᠦᠨᠤ ᠡᠬᠢ ᠪᠠᠶᠠᠯᠢᠭ ᠲᠦ᠍ ᠰᠠᠭᠤᠷᠢᠯᠠᠨ᠂ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠰᠠᠨ ᠥᠪᠡᠷᠮᠢᠴᠡ ᠤᠨᠴᠠᠯᠢᠭᠳᠤ ᠡᠯᠡᠰᠤᠨ ᠵᠢᠮᠢᠰ ᠤ᠋ᠨ ᠠᠵᠤ ᠠᠬᠤᠢ ᠵᠢ ᠰᠠᠢᠳᠤᠷ ᠬᠥᠭᠵᠢᠭᠦᠯᠵᠦ᠂ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠪᠣᠯᠤᠨ ᠠᠷᠠᠳ ᠤᠯᠠᠨ ᠤ᠋ ᠤᠷᠤᠯᠭ᠎ᠠ ᠵᠢᠨ ᠨᠡᠮᠡᠭᠳᠡᠯ ᠢ᠋ ᠪᠡᠶᠡᠯᠡᠭᠦᠯᠪᠡ ᠃
ᠠᠯᠠᠱᠠ ᠠᠢᠮᠠᠭ ᠤᠨ ᠬᠢᠨ ᠬᠠᠷ᠎ᠠ ᠦᠩᠭᠡᠳᠤ ᠴᠢᠨᠣ᠎ᠠ ᠵᠢᠨ ᠬᠠᠷᠮᠠᠭ ᠤ᠋ᠨ ᠠᠵᠤ ᠦᠢᠯᠡᠰ ᠢ᠋ ᠬᠥᠭᠵᠢᠭᠦᠯᠤᠨ᠂ ᠬᠠᠲᠠᠭᠠᠮᠠᠯ ᠵᠢᠮᠢᠰ᠂ ᠤᠮᠳᠠᠭᠠᠨ ᠵᠡᠷᠭᠡ ᠰᠢᠷᠢᠰ ᠪᠦᠲᠦᠭᠡᠭᠳᠡᠬᠦᠨ ᠢ᠋ ᠨᠡᠭᠡᠭᠡᠨ ᠬᠥᠭᠵᠢᠭᠦᠯᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠤ᠋ᠨ ᠡᠬᠢ ᠪᠠᠶᠠᠯᠢᠭ ᠢ᠋ ᠵᠠᠬ᠎ᠠ ᠳᠡᠯᠭᠡᠭᠦᠷ ᠤ᠋ᠨ ᠲᠠᠸᠠᠷ ᠪᠣᠯᠭᠠᠨ ᠬᠤᠪᠢᠷᠠᠭᠤᠯᠵᠠᠢ ᠃
ᠪᠠᠶᠠᠨᠨᠠᠭᠤᠷ ᠤ᠋ᠨ ᠬᠢᠨ ᠤᠯᠠᠭᠠᠨᠪᠤᠬ᠎ᠠ ᠵᠢᠨ ᠡᠯᠡᠰᠦᠨ ᠳ᠋ᠦ᠍ ᠦᠵᠦᠮ ᠳᠠᠷᠢᠵᠤ ᠤᠷᠭᠤᠭᠤᠯᠤᠨ᠂ ᠡᠯᠡᠰᠦᠨ ᠦᠵᠦᠮ ᠤ᠋ᠨ ᠠᠷᠢᠬᠢ ᠵᠢᠨ ᠠᠵᠤ ᠦᠢᠯᠡᠰ ᠤ᠋ᠨ ᠬᠡᠯᠬᠢᠶ᠎ᠡ ᠵᠢ ᠪᠣᠢ ᠪᠣᠯᠭᠠᠵᠤ᠂ 2000 ᠮᠦ᠍ ᠦᠵᠦᠮ ᠤ᠋ᠨ ᠳᠠᠷᠢᠮᠠᠯ ᠤ᠋ᠨ ᠰᠡᠭᠤᠷᠢᠨ ᠨᠢ ᠵᠢᠯ ᠳ᠋ᠤ 120 ᠳᠤᠨ ᠴᠢᠨᠠᠷ ᠰᠠᠢᠳᠠᠢ ᠦᠵᠤᠮ ᠤ᠋ᠨ ᠠᠷᠢᠬᠢ ᠵᠢ ᠦᠢᠯᠡᠳᠪᠦᠷᠢᠯᠡᠵᠤ᠂ ᠡᠯᠡᠰᠦᠨ ᠴᠦᠯ ᠤ᠋ᠨ ᠣᠨᠴᠠᠯᠢᠭᠲᠤ ᠠᠵᠤ ᠦᠢᠯᠡᠰ ᠢ᠋ ᠳᠠᠰᠤᠷᠠᠯᠳᠡ ᠦᠭᠡᠢ ᠬᠦᠭᠵᠢᠬᠦᠯᠵᠤ ᠪᠠᠢᠨ᠎ᠠ ᠃
ᠠᠤᠬᠠᠨ ᠵᠡᠷᠭᠡ ᠭᠠᠵᠠᠷᠤᠨ ᠬᠢᠨ ᠡᠯᠡᠰᠦᠨᠳᠤ ᠬᠡᠭᠡᠷ᠎ᠡ ᠵᠢᠨ ᠭᠦᠢᠯᠡᠰᠦ᠂ ᠬᠡᠭᠡᠷ᠎ᠡ ᠵᠢᠨ ᠲᠠᠤᠯᠠᠢ ᠵᠢᠨ ᠪᠥᠭᠡᠷ᠎ᠡ ᠲᠠᠷᠢᠬᠤ ᠵᠢ ᠳᠡᠯᠭᠡᠷᠡᠭᠦᠯᠪᠡ᠃ ᠤᠳᠤᠠᠬᠨ ᠳ᠋ᠤ ᠠᠤᠬᠠᠨ ᠬᠤᠰᠢᠭᠤᠨ ᠤ᠋ ᠬᠡᠭᠡᠷ᠎ᠡ ᠵᠢᠨ ᠲᠠᠤᠯᠠᠢ ᠵᠢᠨ ᠪᠥᠭᠡᠷ᠎ᠡ ᠲᠠᠷᠢᠬᠰᠠᠨ ᠲᠠᠯᠠᠪᠠᠢ 10 ᠲᠦᠮᠡᠨ ᠮᠦ᠍ ᠳ᠋ᠤ ᠬᠦᠷᠴᠦ᠂ ᠬᠡᠭᠡᠷ᠎ᠡ ᠵᠢᠨ ᠲᠠᠤᠯᠠᠢ ᠵᠢᠨ ᠪᠥᠭᠡᠷ᠎ᠡ ᠵᠢᠨ ᠢᠳᠡᠰᠢᠨ ᠲᠣᠰᠣ ᠵᠡᠷᠭᠡ ᠵᠢ ᠡᠳ᠋ᠰᠢᠭᠦᠯᠦᠨ ᠪᠣᠯᠪᠠᠰᠤᠷᠠᠭᠤᠯᠵᠤ ᠪᠤᠢ ᠃ ᠡᠬᠦᠨᠤ ᠬᠠᠮᠳᠤ ᠲᠤᠬᠠᠢ ᠵᠢᠨ ᠭᠠᠵᠠᠷᠤᠨ ᠬᠢᠨ 《ᠠᠵᠤ ᠠᠬᠤᠢᠯᠠᠯ + ᠰᠠᠭᠤᠷᠢᠨ + ᠲᠠᠷᠢᠶᠠᠯᠠᠬᠤ ᠡᠷᠦᠬᠡ 》 ᠶ᠋ᠢᠨ ᠵᠠᠭᠪᠤᠷ ᠢ᠋ ᠬᠡᠷᠡᠭᠯᠡᠨ᠂ ᠭᠠᠵᠠᠷ ᠰᠢᠷᠣᠢ ᠵᠢᠨ ᠡᠵᠡᠩᠨᠡᠯᠳᠡ ᠵᠢᠨ ᠡᠷᠬᠡ ᠵᠢ ᠬᠦᠢᠯᠭᠡᠭᠡᠭᠦ᠂ ᠬᠦᠴᠦ ᠶᠠᠪᠤᠬᠤ ᠂ ᠠᠰᠢᠭ ᠬᠤᠪᠢᠶᠬᠠᠥ ᠵᠡᠷᠭᠡ ᠠᠷᠭ᠎ᠠ ᠮᠠᠶᠢᠭ ᠵᠢᠠᠷ ᠳᠠᠮᠵᠢᠨ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃