ᠲᠡᠷᠢᠭᠦᠨ ᠨᠢᠭᠤᠷ>ᠰᠢᠨ᠎ᠡ ᠬᠦᠳᠡᠭᠡ>ᠪᠠᠶᠠᠵᠢᠯ᠎ᠤᠨ ᠵᠣᠷ

2026-08-31 16:38:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠡᠯᠡᠰᠦᠨ ᠤ᠋ ᠠᠵᠤ ᠦᠢᠯᠡᠰ ᠤ᠋ᠨ ᠬᠥᠭᠵᠢᠯᠲᠡ ᠵᠢᠨ ᠪᠠᠢᠷᠢᠯᠠᠭᠤᠯᠤᠯᠲᠠ ᠳ᠋ᠤ᠌ ᠰᠠᠭᠤᠷᠢᠯᠠᠵᠤ᠂ ᠠᠮᠢ ᠠᠬᠤᠢ ᠵᠢᠨ ᠵᠠᠰᠠᠨ ᠰᠡᠷᠭᠦᠭᠡᠯᠳᠠ ᠬᠢᠭᠡᠳ ᠡᠪᠡᠰᠦᠨ ᠦᠷ᠎ᠡ ᠵᠢᠨ ᠦᠢᠯᠡᠰ ᠢ᠋ ᠬᠦᠭᠵᠢᠬᠦᠯᠤᠨ᠂ ᠤᠷᠤᠨ ᠨᠤᠲᠤᠭ ᠤ᠋ᠨ ᠤᠷᠭᠤᠮᠠᠯ ᠤ᠋ᠨ ᠦᠷ᠎ᠡ ᠵᠢᠨ ᠢᠷᠡᠯᠳᠡ ᠪᠡᠷ ᠭᠣᠣᠯ ᠪᠣᠯᠭᠠᠵᠤ᠂ ᠡᠯᠡᠰᠦ ᠵᠢ ᠵᠠᠰᠠᠬᠤ ᠬᠢᠭᠡᠳ ᠠᠵᠤ ᠦᠢᠯᠡᠰ ᠤ᠋ᠨ ᠬᠠᠮᠵᠢᠯᠴᠠᠨ ᠬᠠᠮᠲᠤ ᠪᠠᠷ ᠤᠷᠤᠭᠰᠢᠯᠠᠬᠤ ᠪᠣᠬᠢᠷᠲᠤᠯ ᠥᠬᠡᠢ ᠬᠥᠭᠵᠢᠯᠲᠡ ᠵᠢᠨ ᠵᠠᠮ ᠢ᠋ ᠰᠦᠪᠡᠭᠴᠢᠯᠡᠪᠡ ᠃

ᠮᠧᠩ ᠼᠤᠤ ᠪᠦᠯᠦᠭᠯᠡᠯ ᠵᠢᠡᠷ ᠲᠥᠯᠦᠭᠡᠯᠡᠭᠦᠯᠦᠭᠰᠡᠨ ᠭᠠᠵᠠᠷ ᠤᠷᠤᠨ ᠤ᠋ ᠠᠵᠤ ᠠᠬᠤᠢᠯᠠᠯ ᠨᠢ ᠤᠷᠤᠨ ᠨᠤᠲᠤᠭ ᠤ᠋ᠨ ᠡᠯᠡᠰᠦᠨ ᠤ᠋ ᠤᠷᠭᠤᠮᠠᠯ ᠤ᠋ᠨ ᠡᠬᠢ ᠪᠠᠶᠠᠯᠢᠭ ᠢ᠋ ᠬᠠᠮᠠᠭᠠᠯᠠᠨ ᠠᠰᠢᠭᠯᠠᠬᠤ ᠵᠢ ᠭᠦᠨᠵᠡᠭᠡᠢᠷᠡᠭᠦᠯᠵᠦ᠂ 2300 ᠭᠠᠷᠤᠢ ᠵᠦᠢᠯ ᠤ᠋ᠨ 6.5 ᠲᠦᠮᠡᠨ ᠬᠤᠪᠢ ᠤᠷᠤᠨ ᠨᠤᠲᠤᠭ ᠤ᠋ᠨ ᠤᠷᠭᠤᠮᠠᠯ ᠤ᠋ᠨ ᠦᠷ᠎ᠡ ᠡᠳ᠋ ᠤ᠋ᠨ ᠡᠬᠢ ᠪᠠᠶᠠᠯᠢᠭ ᠢ᠋ ᠴᠤᠭᠯᠠᠭᠤᠯᠤᠨ ᠬᠠᠳᠠᠭᠠᠯᠠᠵᠤ᠂ ᠮᠡᠳᠡᠯᠭᠡ ᠵᠢᠨ ᠦᠮᠴᠢᠯᠡᠯ ᠤ᠋ᠨ ᠡᠷᠭᠡ ᠲᠠᠢ 111 ᠡᠪᠡᠰᠦᠨ ᠤ᠋ ᠡᠭᠦᠯᠳᠡᠷ ᠢ᠋ ᠰᠣᠩᠭᠣᠨ ᠪᠣᠢᠵᠢᠭᠤᠯᠵᠤ ᠂ 25 ᠡᠭᠦᠯᠳᠡᠷ ᠨᠢ ᠤᠯᠤᠰ ᠤ᠋ᠨ 《ᠤᠮᠠᠷᠠᠲᠤ ᠵᠢᠨ ᠭᠤᠷᠪᠠᠨ ᠤᠷᠤᠨ 》 ᠤ᠋ ᠢᠨᠵᠧᠨᠧᠷᠢᠩ ᠤ᠋ᠨ ᠰᠢᠯᠢᠳᠡᠭ ᠡᠭᠦᠯᠳᠡᠷ ᠤ᠋ᠨ ᠲᠠᠨᠢᠯᠴᠠᠭᠤᠯᠭ᠎ᠠ ᠵᠢᠨ ᠭᠠᠷᠴᠠᠭ ᠲᠤ᠌ ᠰᠣᠩᠭᠣᠭᠳᠠᠪᠠ᠃ ᠳᠤᠰ ᠠᠵᠤ ᠠᠬᠤᠢᠯᠠᠯ ᠠᠮᠢ ᠠᠬᠤᠢ ᠵᠢᠨ ᠳᠤᠰᠬᠠᠢ ᠨᠠᠢᠷᠠᠯᠭ᠎ᠠ ᠲᠠᠢ ᠦᠷ᠎ᠡ ᠵᠢ ᠰᠤᠳᠤᠯᠤᠨ ᠨᠡᠭᠡᠭᠡᠵᠦ ᠡᠷᠴᠢᠮᠳᠠᠢ ᠳᠡᠯᠭᠡᠷᠡᠭᠦᠯᠵᠤ᠂ ᠲᠠᠴᠢᠷ ᠡᠯᠡᠰᠦᠷᠬᠡᠭ ᠭᠠᠵᠠᠷ ᠤ᠋ᠨ ᠦᠷ᠎ᠡ ᠵᠢᠨ ᠡᠳᠡᠭᠡᠷᠡᠯᠲᠡ ᠵᠢᠨ ᠨᠣᠷᠮ᠎ᠠ ᠵᠢ 15% — 20% ᠪᠡᠷ ᠳᠡᠭᠡᠭᠰᠢᠯᠡᠭᠦᠯᠵᠦ᠂ 90% ᠪᠡᠷ ᠤᠰᠤ ᠠᠷᠪᠢᠯᠠᠬᠤ ᠵᠢ ᠪᠡᠶᠡᠯᠡᠭᠦᠯᠪᠡ ᠃

ᠡᠭᠦᠨ ᠤ᠋ ᠬᠠᠮᠲᠤ ᠠᠵᠤ ᠦᠢᠯᠡᠰ ᠤ᠋ᠨ ᠬᠡᠯᠬᠢᠶ᠎ᠡ ᠵᠢ ᠤᠷᠲᠤᠳᠬᠠᠨ᠂ ᠡᠯᠡᠰᠤᠨ ᠪᠤᠷᠭᠠᠰᠤ᠂ ᠨᠠᠢᠯᠵᠠᠭᠤᠷ ᠬᠠᠷᠭᠠᠨ᠎ᠠ ᠵᠡᠷᠭᠡ ᠵᠢ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ ᠳ᠋ᠤ ᠬᠡᠷᠡᠭᠯᠡᠵᠦ᠍ ᠪᠠᠶ᠋ᠢᠭᠰᠠᠨ ᠡᠴᠡ ᠪᠡᠨ ᠤᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠡᠳ᠋ᠰᠢᠭᠦᠯᠦᠯᠲᠡ᠎ᠪᠡᠷ ᠳᠠᠮᠵᠢᠨ ᠴᠡᠪᠡᠷ ᠡᠨᠧᠷᠭᠢ ᠵᠢᠨ ᠠᠮᠢᠳᠤ ᠪᠣᠳᠠᠰ ᠤ᠋ᠨ ᠮᠥᠬᠥᠯᠢᠭ ᠪᠣᠯᠭᠠᠨ ᠬᠤᠪᠢᠷᠠᠭᠤᠯᠤᠨ ᠭᠠᠳᠠᠭᠰᠢ ᠪᠣᠷᠣᠯᠠᠭᠤᠯᠵᠤ ᠤᠷᠤᠯᠭ᠎ᠠ ᠡᠬᠦᠳᠬᠦ ᠪᠤᠯᠵᠠᠢ᠃ ᠮᠤᠤᠠᠤᠰᠤ ᠵᠢᠨ ᠡᠯᠡᠰᠦᠷᠬᠡᠭ ᠭᠠᠵᠠᠷ ᠤ᠋ᠨ ᠥᠷᠥᠴᠡᠨ ᠳ᠋ᠦ ᠪᠠᠶ᠋ᠢᠷᠢᠯᠠᠵᠤ ᠪᠠᠢᠭ᠎ᠠ ᠦᠦᠰᠢᠨ ᠬᠤᠰᠢᠭᠤ 500 ᠭᠠᠷᠤᠢ ᠲᠦᠮᠡᠨ ᠮᠦ᠍ ᠡᠯᠡᠰᠦᠨ ᠳ᠋ᠦ ᠤᠷᠭᠤᠬᠤ ᠪᠤᠳᠠ ᠮᠣᠳᠣᠨ ᠤ᠋ ᠡᠬᠢ ᠪᠠᠶᠠᠯᠢᠭ ᠲᠠᠶ ᠶᠤᠮ᠃ ᠲᠤᠰ ᠬᠤᠰᠢᠭᠤᠨ ᠤ᠋ ᠭᠠᠯᠠᠭᠤᠳᠤ ᠪᠠᠯᠭᠠᠰᠤᠨ ᠳ᠋ᠤ ᠪᠠᠢᠭ᠎ᠠ ᠥᠪᠥᠷ ᠮᠣᠩᠭᠣᠯ ᠤ᠋ᠨ ᠮᠣᠳᠣᠲᠤ᠌ ᠮᠠᠯ ᠠᠵᠤ ᠠᠬᠤᠢ ᠲᠠᠷᠢᠶᠠᠯᠠᠩ ᠤ᠋ᠨ ᠨᠡᠭᠡᠭᠡᠨ ᠬᠥᠭᠵᠢᠭᠦᠯᠦᠯᠲᠡ ᠵᠢᠨ ᠬᠢᠵᠠᠭᠠᠷᠲᠤ᠌ ᠺᠣᠮᠫᠠᠨᠢ᠎ᠡᠳᠦᠷ ᠪᠦᠷᠢ 80 ᠭᠠᠷᠤᠢ ᠲᠣᠨ ᠪᠤᠷᠭᠠᠰᠤ ᠵᠢᠨ ᠲᠦᠭᠦᠬᠡᠢ ᠮᠠᠲ᠋ᠧᠷᠢᠶᠠᠯ ᠢ᠋ ᠪᠣᠯᠪᠠᠰᠤᠷᠠᠭᠤᠯᠵᠤ 60 ᠭᠠᠷᠤᠢ ᠲᠣᠨ ᠠᠮᠢᠳᠤ ᠪᠣᠳᠠᠰ ᠤ᠋ᠨ ᠮᠥᠬᠥᠯᠢᠭ ᠦᠢᠯᠡᠳᠪᠦᠷᠢᠯᠡᠵᠦ᠍᠂ ᠡᠷᠭᠢᠨ ᠲᠣᠭᠣᠷᠢᠨ ᠤ᠋ ᠪᠠᠨ ᠮᠠᠯᠴᠢᠨ ᠲᠠᠷᠢᠶᠠᠴᠢᠳ ᠲᠦ᠍ ᠠᠵᠢᠯ ᠣᠯᠭᠣᠵᠤ᠂ ᠰᠠᠷ᠎ᠠ ᠵᠢᠨ ᠬᠦᠯᠦᠰᠤ ᠤᠯᠭᠤᠮᠵᠢ ᠨᠢ 6000 ᠲᠥᠭᠥᠷᠢᠭ ᠣᠷᠴᠢᠮ ᠬᠦᠷᠴᠤ ᠪᠤᠢ ᠃

ᠡᠯᠡᠰᠤ ᠮᠠᠩᠬ᠎ᠠ ᠨᠢ ᠠᠮᠢ ᠠᠬᠤᠢ ᠵᠢᠨ 《ᠡᠷᠡᠭᠦᠯ ᠪᠤᠰᠤ ᠡᠳ᠋ ᠬᠦᠷᠦᠩᠭᠡ》 ᠪᠢᠰᠢ᠂ ᠬᠠᠷᠢᠨ ᠪᠤᠬᠢᠷᠳᠤᠯ ᠦᠭᠡᠢ ᠬᠦᠭᠵᠢᠯᠳᠡ ᠵᠢᠨ 《ᠰᠢᠮᠡᠳᠤ ᠬᠦᠷᠦᠰᠤ》 ᠪᠤᠯᠤᠭᠰᠠᠨ ᠢ᠋ ᠪᠠᠶᠠᠨᠨᠠᠭᠤᠷ ᠬᠤᠳᠠ ᠵᠢᠨ ᠱᠧᠩ ᠮᠦ᠍ ᠳᠡᠭᠡᠳᠤ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤ᠋ᠨ ᠠᠮᠢ ᠠᠬᠤᠢ ᠵᠢᠨ ᠡᠪᠡᠰᠤᠨ ᠤ᠋ ᠦᠢᠯᠡᠰ ᠤ᠋ᠨ ᠬᠢᠵᠠᠭᠠᠷᠳᠤ ᠺᠤᠮᠫᠠᠨᠢ (ᠳᠤᠷᠤᠭᠰᠢ 《ᠱᠧᠩ ᠮᠦ᠍ ᠡᠪᠡᠰᠤᠨ ᠤ᠋ ᠦᠢᠯᠡᠰ》 ᠭᠡᠵᠤ ᠲᠦᠭᠦᠮᠴᠢᠯᠡᠨ᠎ᠡ) ᠬᠡᠷᠡᠴᠢᠯᠡᠨ᠎ᠡ ᠃

ᠤᠯᠠᠭᠠᠨᠪᠤᠬ᠎ᠠ ᠵᠢᠨ ᠡᠯᠡᠰᠤᠨ ᠳ᠋ᠦ᠍ ᠱᠧᠩ ᠮᠦ᠍ ᠡᠪᠡᠰᠤᠨ ᠤ᠋ ᠦᠢᠯᠡᠰ ᠨᠢ 46 ᠲᠦᠮᠡᠨ ᠮᠦ᠍ ᠣᠷᠭᠠᠨᠢᠭ ᠲᠠᠷᠢᠮᠠᠯ ᠤ᠋ᠨ ᠰᠠᠭᠤᠷᠢᠨ ᠢ᠋ ᠪᠠᠢᠭᠤᠯᠵᠤ᠂ ᠴᠠᠷᠭᠠᠰᠤ᠂ ᠨᠣᠬᠠᠢ ᠵᠢᠨ ᠬᠣᠰᠢᠭᠤ ᠵᠡᠷᠭᠡ ᠡᠪᠡᠰᠦ ᠪᠣᠷᠳᠣᠭ᠎ᠠ ᠵᠢ ᠬᠡᠪᠴᠢᠶᠡᠵᠢᠬᠦᠯᠦᠨ ᠲᠠᠷᠢᠵᠤ᠂ 200 ᠭᠠᠷᠤᠢ ᠲᠡᠭᠰᠢ ᠳᠥᠷᠪᠡᠯᠵᠢᠨ ᠺᠢᠯᠣᠮᠧᠲ᠋ᠷ ᠡᠯᠡᠰᠦ ᠮᠠᠩᠬ᠎ᠠ ᠵᠢ ᠨᠣᠭᠣᠭᠠᠷᠠᠭᠤᠯᠵᠤ᠂ ᠰᠠᠭᠤᠷᠢᠨ ᠳ᠋ᠡᠬᠢ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 85% ᠳ᠋ᠤ᠌ ᠬᠦᠷᠴᠦ᠂ ᠣᠷᠣᠨ ᠪᠦᠰᠡ ᠵᠢᠨ ᠰᠠᠯᠬᠢᠨ ᠤ᠋ ᠬᠤᠷᠳᠤᠴᠠ ᠵᠢ ᠪᠠᠭᠤᠷᠠᠭᠤᠯᠵᠤ᠂ ᠰᠦᠯ ᠰᠠᠢᠲᠠᠢ ᠲᠡᠵᠢᠭᠡᠯ ᠡᠪᠡᠰᠦ ᠵᠢ ᠪᠠᠲᠤᠯᠠᠭᠰᠠᠨ ᠰᠠᠭᠠᠯᠢ ᠵᠢᠨ ᠦᠨᠢᠶ᠎ᠡ᠂ ᠮᠢᠬᠠᠨ᠎ᠤ ᠬᠣᠨᠢ ᠵᠢ ᠲᠡᠵᠢᠭᠡᠨ ᠦᠷᠡᠵᠢᠭᠦᠯᠬᠦ ᠳ᠋ᠤ ᠲᠡᠵᠢᠭᠡᠯ ᠪᠣᠷᠳᠣᠭ᠎ᠠ ᠵᠢᠨ ᠬᠠᠩᠭᠠᠯᠭ᠎ᠠ ᠵᠢ ᠪᠠᠲᠤᠯᠠᠵᠤ᠂ 《ᠡᠪᠡᠰᠤ ᠪᠡᠯᠴᠢᠭᠡᠷ — ᠮᠠᠯ ᠤᠨᠤᠭ᠎ᠠ — ᠤᠷᠭᠠᠨᠢᠭ ᠪᠣᠷᠳᠣᠭᠤᠷ — ᠭᠠᠵᠠᠷ ᠳᠠᠷᠢᠶ᠎ᠠ 》 ᠶ᠋ᠢᠨ ᠣᠷᠭᠠᠨᠢᠭ ᠤᠷᠴᠢᠯ ᠤ᠋ᠨ ᠬᠡᠯᠬᠢᠶ᠎ᠡ ᠵᠢ ᠪᠦᠷᠢᠯᠳᠦᠭᠦᠯᠵᠠᠢ ᠃

ᠤᠳᠤ ᠦᠪᠦᠷ ᠮᠤᠩᠭᠤᠯ ᠤ᠋ᠨ ᠡᠯᠡᠰᠤ᠎ᠵᠢ ᠵᠠᠰᠠᠬᠤ ᠰᠢᠨ᠎ᠠ ᠠᠵᠦ ᠦᠢᠯᠡᠰ ᠦᠷᠨᠢᠬᠦᠨ ᠬᠦᠭᠵᠢᠵᠦ᠂ ᠡᠯᠡᠰᠤ ᠮᠠᠡᠭᠬ᠎ᠠ᠎ᠵᠢ ᠨᠤᠭᠤᠭᠠᠷᠠᠭᠤᠯᠬᠤ᠎ᠵᠢᠨ ᠬᠠᠮᠳᠤ ᠠᠷᠠᠳ ᠤᠯᠠᠨ᠎ᠤ ᠠᠰᠢᠭ ᠤᠷᠤᠯᠭ᠎ᠠ᠎ᠵᠢ ᠨᠠᠮᠡᠭᠳᠡᠬᠦᠯᠤᠨ᠂ 《ᠡᠯᠡᠰᠤ᠎ᠵᠢ ᠵᠠᠰᠠᠬᠤ + ᠨᠤᠭᠤᠭᠠᠷᠠᠭᠤᠯᠤᠯᠳᠠ᠎ᠵᠢ ᠬᠠᠮᠠᠭᠠᠯᠠᠬᠤ + ᠤᠷᠤᠯᠭ᠎ᠠ᠎ᠵᠢ ᠨᠡᠮᠡᠭᠳᠡᠬᠦᠯᠬᠦ 》 ᠰᠠᠢᠨ ᠤᠷᠴᠢᠯ᠎ᠢ ᠪᠤᠢ ᠪᠤᠯᠭᠠᠵᠤ᠂ ᠮᠠᠨ᠎ᠤ ᠤᠯᠤᠰ᠎ᠤᠨ ᠤᠮᠠᠷᠠᠳᠤ᠎ᠵᠢᠨ ᠴᠢᠬᠤᠯᠠ ᠠᠮᠢ ᠠᠬᠤᠢ᠎ᠵᠢᠨ ᠠᠮᠤᠷ ᠲᠦᠪᠰᠢᠨ᠎ᠤ ᠬᠠᠯᠬᠠᠪᠴᠢ᠎ᠵᠢ ᠪᠠᠳᠤ ᠴᠤᠭᠴᠠᠯᠠᠬᠤ᠎ᠳᠤ ᠬᠦᠴᠤᠨ ᠴᠢᠳᠠᠯ᠎ᠵᠢᠡᠨ ᠨᠠᠮᠠᠷᠢᠯᠡᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面