ᠲᠡᠷᠢᠭᠦᠨ ᠨᠢᠭᠤᠷ>ᠰᠢᠨ᠎ᠡ ᠬᠦᠳᠡᠭᠡ>ᠪᠠᠶᠠᠵᠢᠯ᠎ᠤᠨ ᠵᠣᠷ

2026-10-29 11:28:40

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

10 ᠰᠠᠷ᠎ᠠ ᠶ᠋ᠢᠨ 23 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠱᠠᠩᠬᠠᠶ ᠳ᠋ᠤ ᠰᠠᠭᠤᠭ᠎ᠠ ᠬᠡᠷᠡᠭ ᠡᠷᠬᠢᠯᠡᠬᠦ᠌ ᠭᠠᠵᠠᠷ᠂ ᠰᠢᠯᠢ ᠶ᠋ᠢᠨ ᠭᠤᠤᠯ ᠠᠶ᠋ᠢᠮᠠᠭ ᠤ᠋ᠨ ᠵᠠᠬᠢᠷᠭ᠎ᠠ ᠡᠴᠡ ᠬᠠᠮᠲᠤᠷᠠᠨ ᠡᠷᠬᠢᠯᠡᠰᠡᠨ ᠦᠪᠦᠷ ᠮᠤᠡᠭᠭᠤᠯ ᠤ᠋ᠨ ᠭᠤᠷᠪᠠᠳᠤᠭᠠᠷ ᠬᠤᠭᠤᠴᠠᠭᠠᠨ ᠤ᠋ ᠬᠠᠯᠠᠭᠤᠨ ᠲᠤᠭᠤᠭ᠎ᠠ ᠶ᠋ᠢᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠴᠦᠡᠭᠴᠢᠡᠭ ᠬᠤᠲᠠ ᠳ᠋ᠦ ᠡᠬᠢᠯᠡᠪᠠ᠃

ᠲᠣᠰ ᠤᠳᠠᠭ᠎ᠠ ᠵᠢᠨ ᠠᠵᠢᠯᠯᠠᠭ᠎ᠠ ᠳ᠋ᠤ ᠪᠦᠲᠦᠭᠡᠭᠳᠡᠬᠦᠨ ᠢ᠋ ᠳᠡᠯᠭᠡᠨ ᠦᠵᠡᠭᠦᠯᠵᠦ᠍ ᠳᠡᠯᠭᠡᠨ ᠪᠣᠷᠣᠯᠠᠭᠤᠯᠬᠤ᠂ ᠣᠷᠣᠨ ᠪᠦᠰᠡ ᠶ᠋ᠢᠨ ᠲᠥᠷᠥᠯ ᠲᠡᠮᠳᠡᠭ ᠢ᠋ ᠲᠠᠨᠢᠯᠴᠠᠭᠤᠯᠬᠤ᠂ ᠠᠵᠤ ᠦᠢᠯᠡᠰ ᠤ᠋ᠨ ᠳᠡᠭᠡᠳᠦ ᠲᠠᠰ ᠤ᠋ᠨ ᠰᠤᠳᠤᠯᠤᠨ ᠶᠠᠷᠢᠯᠴᠠᠬᠤ ᠬᠤᠷᠠᠯ ᠵᠡᠷᠬᠡ ᠵᠢ ᠨᠢᠭᠡ ᠴᠣᠭᠴᠠᠵᠢᠭᠤᠯᠤᠨ ᠶᠠᠪᠤᠭᠳᠠᠭᠤᠯᠵᠤ᠂ ᠦᠪᠤᠷ ᠮᠤᠩᠭᠤᠯ ᠤ᠋ᠨ ᠬᠠᠯᠠᠭᠤᠨ ᠲᠣᠭᠣᠭ᠎ᠠ ᠶ᠋ᠢᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠶ᠋ᠢᠨ ᠦᠷ᠎ᠡ ᠪᠦᠲᠦᠭᠡᠯ ᠢ᠋ ᠪᠥᠬᠥ᠌ ᠲᠠᠯ᠎ᠠ᠂ ᠪᠣᠰᠣᠭ᠎ᠠ ᠴᠣᠭᠴᠠ ᠪᠠᠷ ᠳᠡᠯᠭᠡᠨ ᠦᠵᠡᠭᠦᠯᠦᠨ᠎ᠡ᠃ ᠠᠵᠢᠯᠯᠠᠭ᠎ᠠ ᠶ᠋ᠢᠨ ᠦᠵᠡᠭᠦᠯᠭᠡ ᠶ᠋ᠢᠨ ᠲᠤᠭᠤᠷᠢᠭ ᠤ᠋ᠨ ᠶᠡᠷᠦᠩᠬᠡᠶ ᠲᠠᠯᠠᠪᠠᠶ ᠨᠢ 432 ᠲᠡᠭᠰᠢ ᠳᠥᠷᠪᠡᠯᠵᠢᠨ ᠮᠧᠲ᠋ᠷ᠎ᠲᠤ ᠬᠦᠷᠴᠦ᠍᠂ ᠣᠷᠣᠨ ᠤ᠋ ᠳᠣᠲᠣᠷᠠᠬᠢ ᠮᠠᠯ ᠠᠵᠤ ᠠᠬᠤᠶ ᠲᠠᠷᠢᠶᠠᠯᠠᠡᠭ ᠤ᠋ᠨ 26 ᠠᠵᠤ ᠠᠬᠤᠶ᠋ᠢᠯᠠᠯ ᠢ᠋ ᠵᠣᠬᠢᠶᠠᠨ ᠪᠠᠶ᠋ᠢᠭᠤᠯᠤᠨ ᠣᠷᠣᠯᠴᠠᠭᠤᠯᠵᠤ᠂ ᠦᠬᠡᠷ ᠬᠣᠨᠢᠨ ᠮᠢᠬ᠎ᠠ᠂ ᠠᠮᠲᠠ ᠣᠷᠣᠭᠤᠯᠬᠤ ᠡᠳ᠋ ᠵᠡᠷᠭᠡ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ 200 ᠭᠠᠷᠤᠶ ᠵᠦᠢᠯ ᠤ᠋ᠨ ᠣᠨᠴᠠᠯᠢᠭᠲᠤ᠌ ᠪᠦᠲᠦᠭᠡᠭᠳᠡᠬᠦᠨ ᠢ᠋ ᠲᠥᠪᠯᠡᠷᠡᠭᠦᠯᠦᠨ ᠳᠡᠯᠭᠡᠨ ᠦᠵᠡᠭᠦᠯᠵᠦ ᠪᠠᠢᠨ᠎ᠠ᠃ ᠲᠤᠬᠠᠶ ᠶ᠋ᠢᠨ ᠲᠠᠯᠠᠪᠠᠶ ᠳ᠋ᠤ ᠪᠠᠰᠠ ᠪᠡᠶᠡᠴᠢᠯᠡᠨ ᠣᠶ᠋ᠢᠯᠠᠭᠠᠬᠤ ᠲᠣᠭᠣᠷᠢᠭ ᠲᠣᠬᠢᠷᠠᠭᠤᠯᠵᠤ᠂ ᠬᠠᠯᠠᠭᠤᠨ ᠲᠣᠭᠣᠭ᠎ᠠ ᠭᠠᠷᠭᠠᠬᠤ᠂ ᠲᠤᠬᠠᠶ ᠶ᠋ᠢᠨ ᠲᠠᠯᠠᠪᠤᠷ ᠲᠤ᠌ ᠠᠮᠲᠠᠯᠠᠭᠤᠯᠬᠤ ᠵᠡᠷᠭᠡ ᠬᠡᠯᠪᠡᠷᠢ ᠪᠡᠷ ᠲᠠᠮᠵᠢᠨ ᠴᠦᠩᠴᠢᠩ ᠤ᠋ᠨ ᠬᠣᠲᠠ ᠶ᠋ᠢᠨ ᠠᠷᠠᠳ ᠪᠠ ᠠᠷᠠᠯᠵᠢᠶᠠᠴᠢᠳ ᠲᠦ᠍ ᠲᠠᠯ᠎ᠠ ᠨᠤᠲᠤᠭ ᠤ᠋ᠨ ᠵᠢᠩᠬᠢᠨᠢ ᠬᠠᠯᠠᠭᠤᠨ ᠲᠣᠭᠣᠭ᠎ᠠ ᠶ᠋ᠢᠨ ᠦᠨᠦᠷ ᠠᠮᠲᠠ ᠵᠢ ᠮᠡᠳᠡᠷᠡᠬᠦᠯᠦᠭᠰᠡᠨ ᠪᠠᠢᠨ᠎ᠠ᠃

10 ᠰᠠᠷ᠎ᠠ ᠶ᠋ᠢᠨ 23 ᠤ᠋ ᠦᠳᠡ ᠶ᠋ᠢᠨ ᠬᠣᠶ᠋ᠢᠨ᠎ᠠ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠬᠠᠯᠠᠭᠤᠨ ᠲᠣᠭᠣᠭ᠎ᠠ ᠶ᠋ᠢᠨ ᠲᠥᠷᠥᠯ ᠲᠡᠮᠳᠡᠭᠲᠦ ᠠᠵᠤ ᠦᠢᠯᠡᠰ ᠤ᠋ᠨ ᠲᠠᠨᠢᠯᠴᠠᠭᠤᠯᠭ᠎ᠠ ᠶ᠋ᠢᠨ ᠬᠤᠷᠠᠯ ᠳ᠋ᠦ ᠥᠪᠥᠷ ᠮᠣᠩᠭᠣᠯ᠂ ᠴᠦᠩᠴᠢᠩ ᠬᠣᠶᠠᠷ ᠭᠠᠵᠠᠷ ᠤ᠋ᠨ ᠮᠠᠯ ᠠᠵᠤ ᠠᠬᠤᠶ ᠲᠠᠷᠢᠶᠠᠯᠠᠡᠭ ᠤ᠋ᠨ ᠠᠵᠢᠯ ᠲᠥᠷᠥᠯ ᠤ᠋ᠨ ᠡᠲᠡᠭᠡᠳ᠂ ᠨᠠᠷᠠᠲᠤ᠌ ᠢᠳᠡᠭᠡᠨ ᠤᠮᠳᠠᠭᠠᠨ ᠤ᠋ ᠠᠵᠤ ᠠᠬᠤᠶ᠋ᠢᠯᠠᠯ᠂ ᠬᠠᠩᠭᠠᠯᠭ᠎ᠠ ᠶ᠋ᠢᠨ ᠬᠡᠯᠬᠢᠶ᠎ᠡ ᠶ᠋ᠢᠨ ᠳᠠᠭᠠᠭᠤᠯᠤᠭᠴᠢ ᠠᠵᠤ ᠠᠬᠤᠶ᠋ᠢᠯᠠᠯ ᠤ᠋ᠨ ᠲᠦᠯᠦᠬᠡᠯᠡᠭᠴᠢᠳ ᠪᠤᠯᠤᠨ ᠠᠵᠢᠯ ᠲᠥᠷᠥᠯ ᠤ᠋ᠨ ᠲᠤᠰᠬᠠᠶ ᠮᠡᠷᠭᠡᠵᠢᠯᠲᠡᠳ ᠵᠢᠴᠢ ᠡᠵᠡᠩᠨᠡᠨ ᠪᠣᠷᠣᠯᠠᠭᠤᠯᠬᠤ ᠠᠷᠠᠯᠵᠢᠶᠠᠴᠢᠳ ᠬᠦᠷᠦᠯᠴᠡᠨ ᠢᠷᠡᠵᠤ᠂ ᠦᠪᠤᠷ ᠮᠤᠩᠭᠤᠯ ᠤ᠋ᠨ ᠥᠪᠡᠷᠮᠢᠴᠡ ᠮᠠᠯ ᠠᠵᠤ ᠠᠬᠤᠶ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠲᠤ᠌ ᠰᠠᠭᠤᠷᠢᠯᠠᠨ ᠦᠬᠡᠷ ᠬᠣᠨᠢᠨ ᠮᠢᠬᠠᠨ ᠤ᠋ ᠪᠥᠬᠥ᠌ ᠠᠵᠤ ᠦᠢᠯᠡᠰ ᠤ᠋ᠨ ᠬᠡᠯᠬᠢᠶ᠎ᠡ ᠵᠢ ᠪᠠᠷᠢᠮᠵᠢᠶᠠᠵᠢᠭᠤᠯᠤᠨ ᠲᠠᠰ ᠳᠡᠪᠰᠢᠭᠦᠯᠬᠦ᠌᠂ ᠲᠥᠷᠥᠯ ᠲᠡᠮᠳᠡᠭᠵᠢᠭᠦᠯᠦᠨ ᠬᠦᠭᠵᠢᠬᠦᠯᠬᠦ᠂ ᠵᠠᠬ᠎ᠠ ᠳᠡᠯᠭᠡᠭᠦᠷ ᠢ᠋ ᠥᠷᠭᠡᠳᠬᠡᠬᠦ ᠲᠤᠭᠤᠷᠢᠨ ᠳ᠋ᠤ ᠭᠦᠨᠵᠡᠭᠡᠶ ᠰᠣᠯᠢᠯᠴᠠᠭ᠎ᠠ ᠥᠷᠨᠢᠭᠦᠯᠵᠦ᠍᠂ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠬᠠᠮᠲᠤᠷᠠᠯᠴᠠᠭᠠᠨ ᠤ᠋ ᠰᠢᠨ᠎ᠡ ᠬᠠᠭᠤᠳᠠᠰᠤ ᠵᠢ ᠬᠠᠮᠲᠤ ᠪᠠᠷ ᠰᠦᠪᠡᠭᠴᠢᠯᠡᠪᠡ᠃ ᠲᠠᠨᠢᠯᠴᠠᠭᠤᠯᠭ᠎ᠠ ᠶ᠋ᠢᠨ ᠭᠣᠭᠴᠣᠭᠠᠨ ᠳ᠋ᠤ᠂ ᠲᠦᠩᠯᠢᠶᠣᠤ ᠬᠣᠲᠠ᠂ ᠰᠢᠯᠢ ᠶ᠋ᠢᠨ ᠭᠤᠤᠯ ᠠᠶ᠋ᠢᠮᠠᠭ᠂ ᠪᠠᠶᠠᠨᠨᠠᠭᠤᠷ ᠬᠣᠲᠠ ᠶ᠋ᠢᠨ ᠬᠢᠨ ᠲᠠᠨᠢᠯᠴᠠᠭᠤᠯᠭ᠎ᠠ ᠬᠢᠵᠦ᠂ ᠡᠯ᠎ᠡ ᠠᠶ᠋ᠢᠮᠠᠭ ᠬᠣᠲᠠ ᠶ᠋ᠢᠨ ᠬᠠᠯᠠᠭᠤᠨ ᠲᠣᠭᠣᠭᠠᠨ ᠤ᠋ ᠠᠵᠤ ᠦᠢᠯᠡᠰ ᠤ᠋ᠨ ᠵᠦᠷᠢᠶᠡᠴᠢᠯᠡᠭᠰᠡᠨ᠂ ᠤᠨᠴᠠᠯᠢᠬᠵᠢᠭᠰᠠᠨ ᠬᠥᠭᠵᠢᠯᠲᠡ ᠶ᠋ᠢᠨ ᠳᠠᠪᠠᠭᠤᠯᠢᠭ ᠢ᠋ ᠭᠦᠢᠴᠡᠳ ᠢᠯᠡᠷᠡᠭᠦᠯᠪᠡ᠃

ᠤᠢᠯᠠᠭᠠᠭᠰᠠᠨ ᠵᠢᠡᠷ᠂ ᠲᠤᠰ ᠤᠳᠠᠭ᠎ᠠ ᠵᠢᠨ ᠠᠵᠢᠯᠯᠠᠭ᠎ᠠ 10 ᠰᠠᠷ᠎ᠠ ᠶ᠋ᠢᠨ 25 ᠤ᠋ ᠡᠳᠦᠷ ᠪᠤᠯᠲᠠᠯ᠎ᠠ ᠶᠠᠪᠤᠭᠳᠠᠵᠤ᠂ ᠬᠠᠩᠭᠠᠯᠭ᠎ᠠ ᠬᠡᠷᠡᠭᠴᠡᠭᠡ ᠦᠢᠯᠡᠳᠪᠦᠷᠢᠯᠡᠯ ᠪᠤᠷᠤᠯᠠᠭᠤᠯᠭ᠎ᠠ ᠵᠢ ᠤᠨᠤᠴᠠᠲᠠᠢ ᠵᠤᠯᠭᠠᠭᠤᠯᠬᠤ ᠲᠠᠪᠴᠠᠡᠭ ᠬᠠᠡᠭᠭᠠᠨ᠂ ᠲᠤᠬᠠᠢ ᠶ᠋ᠢᠨ ᠲᠠᠯᠠᠪᠠᠢ ᠳ᠋ᠦ ᠨᠢᠭᠡ ᠪᠦᠯᠦᠭ ᠴᠢᠨᠠᠷ ᠰᠠᠶ᠋ᠢᠲᠠᠶ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠬᠠᠮᠲᠤᠷᠠᠯᠴᠠᠭ᠎ᠠ ᠵᠢᠴᠢ ᠠᠵᠤ ᠦᠢᠯᠡᠰ ᠤ᠋ᠨ ᠲᠦᠷᠦᠯ ᠵᠦᠢᠯ ᠤ᠋ᠨ ᠰᠠᠨᠠᠮᠵᠢ ᠶ᠋ᠢᠨ ᠭᠡᠷ᠎ᠡ ᠲᠤᠭᠲᠠᠬᠤ ᠵᠢ ᠠᠬᠢᠭᠤᠯᠵᠤ᠂ ᠦᠵᠡᠭᠦᠯᠭᠡ ᠪᠡᠷ ᠪᠤᠷᠤᠯᠠᠭᠤᠯᠭ᠎ᠠ ᠵᠢ ᠠᠬᠢᠭᠤᠯᠤᠨ᠂ ᠪᠤᠷᠤᠯᠠᠭᠤᠯᠭ᠎ᠠ ᠪᠡᠷ ᠦᠢᠯᠡᠳᠪᠦᠷᠢᠯᠡᠯ ᠢ᠋ ᠠᠬᠢᠭᠤᠯᠬᠤ ᠵᠢ ᠪᠡᠶᠡᠯᠡᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面