ᠲᠡᠷᠢᠭᠦᠨ ᠨᠢᠭᠤᠷ>ᠰᠢᠨ᠎ᠡ ᠬᠦᠳᠡᠭᠡ>ᠪᠠᠶᠠᠵᠢᠯ᠎ᠤᠨ ᠵᠣᠷ

2026-11-06 16:56:38

ᠵᠣᠬᠢᠶᠠᠭ᠍ᠴᠢ᠄ ᠪᠦᠦ ᠴᠢᠩ ᠱᠧᠩ ᠵᠢᠶᠠ ᠵᠢᠶᠠ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠲᠦᠩᠯᠢᠶᠣᠣ ᠬᠣᠲᠠ ᠶ᠋ᠢᠨ ᠵᠠᠷᠤᠳ ᠬᠣᠰᠢᠭᠤᠨ ᠤ᠋ ᠴᠢᠨᠳᠠᠮᠤᠨᠢ ᠰᠤᠮᠤ ᠶ᠋ᠢᠨ 5130 ᠮᠦ᠍  ᠵᠢᠨ ᠲᠠᠷᠢᠵᠤ ᠤᠷᠭᠤᠭᠤᠯᠬᠤ ᠰᠠᠭᠤᠷᠢᠨ ᠤ᠋ ᠪᠠᠷᠢᠮᠵᠢᠶᠠᠵᠢᠭᠤᠯᠤᠨ ᠲᠠᠷᠢᠭᠰᠠᠨ ᠬᠢᠲᠠᠳ ᠡᠮ ᠦ᠋ᠨ ᠮᠠᠲᠧᠷᠢᠶᠠᠯ ᠬᠤᠷᠢᠶᠠᠯᠳᠠ ᠶ᠋ᠢᠨ ᠬᠤᠭᠤᠴᠠᠭᠠᠨ ᠳ᠋ᠤ ᠤᠷᠤᠵᠤ᠂ ᠲᠠᠷᠢᠶᠠᠨ ᠭᠠᠵᠠᠷ ᠲᠤ᠌ ᠮᠠᠰᠢᠨ ᠲᠷᠠᠺᠲ᠋ᠤᠷ ᠰᠦᠯᠵᠢᠯᠳᠦᠨ᠂ ᠠᠵᠢᠯᠴᠢᠳ ᠬᠤᠷᠳᠤᠨ ᠴᠠᠭᠠᠨ᠂ ᠵᠢᠷᠦ᠋ᠭᠪᠠ᠂ ᠬᠥᠬᠥᠷᠭᠡᠨ᠎ᠡ ᠶ᠋ᠢᠨ ᠦᠨᠳᠦᠰᠦ᠎ᠵᠡᠷᠭᠡ ᠡᠮ ᠤ᠋ᠨ ᠮᠠᠲᠧᠷᠢᠶᠠᠯ ᠢ᠋ ᠬᠤᠷᠢᠶᠠᠬᠤ᠂ ᠬᠠᠲᠠᠭᠠᠬᠤ᠂ ᠢᠯᠭᠠᠨ ᠰᠠᠯᠭᠠᠬᠤ ᠠᠵᠢᠯ ᠢ᠋ ᠵᠡᠷᠭᠡ ᠪᠡᠷ ᠥᠷᠨᠢᠭᠦᠯᠵᠦ᠂ ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ ᠶ᠋ᠢᠡᠷ ᠪᠢᠯᠬᠠᠨ᠎ᠠ᠃




ᠲᠤᠬᠠᠢ ᠶ᠋ᠢᠨ ᠭᠠᠵᠠᠷ ᠤ᠋ᠨ ᠬᠢᠨ ᠡᠯᠡᠰᠦᠷᠬᠡᠭ ᠬᠥᠷᠥᠰᠥ ᠪᠣᠯᠣᠨ ᠠᠭᠤᠷ ᠠᠮᠢᠰᠬᠤᠯ ᠤ᠋ᠨ ᠳᠠᠪᠠᠭᠤᠯᠢᠭ᠋ ᠲᠠᠭᠠᠨ ᠲᠦᠰᠢᠭᠯᠡᠵᠦ᠂ ᠤᠢ ᠰᠢᠭᠤᠢ ᠳ᠋ᠤ ᠡᠮ ᠦ᠋ᠨ ᠮᠠᠲᠧᠷᠢᠶᠠᠯ ᠢ᠋ ᠠᠯᠠᠭᠯᠠᠨ ᠲᠠᠷᠢᠬᠤ ᠵᠠᠭᠪᠤᠷ ᠶ᠋ᠢᠡᠷ ᠰᠤᠯᠠ ᠪᠠᠢᠬᠰᠠᠨ 8460 ᠮᠦ᠍ ᠣᠢᠲᠤ ᠭᠠᠵᠠᠷ ᠢ᠋ ᠠᠮᠢᠯᠠᠭᠤᠯᠥᠨ᠂ ᠪᠠᠷᠢᠮᠵᠢᠶᠠᠵᠢᠭ᠍ᠰᠠᠨ ᠲᠠᠷᠢᠮᠠᠯ ᠤ᠋ᠨ ᠮᠡᠷᠭᠡᠵᠢᠯ ᠢ᠋ ᠳᠡᠯᠭᠡᠷᠡᠭᠦᠯᠵᠦ᠂ ᠠᠮᠢ ᠠᠬᠤᠢ ᠶ᠋ᠢᠨ ᠦᠷ᠎ᠡ ᠠᠰᠢᠭ᠋᠂ ᠠᠵᠤ ᠠᠬᠤᠢ ᠶ᠋ᠢᠨ ᠦᠷ᠎ᠠ ᠠᠰᠢᠭ ᠪᠠ ᠨᠡᠢᠭᠡᠮ ᠤ᠋ᠨ ᠦᠷ᠎ᠠ ᠠᠰᠢᠭ ᠢ᠋ ᠬᠠᠮᠳᠤᠷᠠᠭᠤᠯᠤᠭᠰᠠᠨ ᠠᠷᠠᠳ ᠢ᠋ ᠪᠠᠶᠠᠵᠢᠭᠤᠯᠬᠤ ᠣᠨᠴᠠᠯᠢᠭ᠍ᠲᠤ ᠠᠵᠤ ᠦᠢᠯᠡᠰ ᠢ᠋ ᠬᠥᠭᠵᠢᠭᠥᠯᠵᠤ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面