ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-15 11:30:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



 

ᠨᠡᠢᠭᠡᠮ

       ✦ᠡᠨᠡ ᠵᠢᠯ᠎ᠦᠨ 9 ᠰᠠᠷ᠎ᠠ᠎ᠶᠢᠨ ᠡᠴᠦᠰ ᠪᠣᠯᠲᠠᠯ᠎ᠠ᠂ ᠮᠠᠨ᠎ᠤ ᠤᠯᠤᠰ᠎ᠤᠨ ᠦᠨᠳᠦᠰᠦᠨ ᠨᠠᠰᠤᠵᠢᠯ ᠎ᠤᠨ ᠠᠰᠠᠷᠠᠮᠵᠢ ᠎ᠶᠢᠨ ᠳᠠᠭᠠᠳᠬᠠᠯ᠎ᠳᠤ  ᠣᠷᠣᠯᠴᠠᠭ᠍ᠰᠡᠨ ᠬᠥᠮᠥᠨ᠎ᠦ ᠲᠣᠭ᠎ᠠ 10.79 ᠳ᠋ᠦᠩᠰᠢᠭᠤᠷ ᠲᠸ᠋ ᠬᠦᠷᠴᠡᠢ᠃  

✦9 ᠰᠠᠷ᠎ᠠ᠎ᠳᠤ ᠪᠥᠬᠥ ᠤᠯᠤᠰ᠎ᠲᠤ ᠨᠡᠶ᠋ᠢᠲᠡ 15 ᠵᠤᠷᠪᠤᠰ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠪᠠᠷᠠᠭᠠᠨ᠎ᠤ ᠲᠡᠭᠡᠭᠡᠪᠦᠷᠢ᠎ᠶᠢᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠭᠡᠭᠡᠵᠦ᠂ ᠭᠠᠷᠠᠭ ᠪᠦᠷᠢ᠎ᠶᠢᠨ ᠢᠷᠡᠵᠦ ᠪᠤᠴᠠᠬᠤ ᠨᠢᠰᠬᠡᠯ᠎ᠦᠨ ᠲᠣᠭ᠎ᠠ 42 ᠪᠣᠯᠪᠠ᠃

✦ᠥᠪᠡᠷᠲᠡᠭᠡᠨ ᠵᠠᠰᠠᠬᠤ ᠣᠷᠣᠨ᠎ᠦ ᠡᠳ᠋᠎ᠦᠨ ᠵᠠᠰᠠᠭ᠎ᠤᠨ ᠲᠢᠩᠬᠢᠮ᠎ᠤᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠡᠴᠡ ᠨᠠᠭᠠᠰᠢ ᠮᠠᠨ᠎ᠤ ᠣᠷᠣᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠶᠤᠯᠲᠠᠢ ᠬᠥᠭᠥᠷᠭᠡ ᠵᠢ ᠥᠭᠡᠷᠡᠴᠢᠯᠡᠨ ᠵᠠᠰᠠᠬᠤ ᠵᠢᠴᠢ ᠲᠣᠰᠬᠣᠨ᠎ᠤ ᠵᠠᠮ ᠬᠠᠷᠢᠯᠴᠠᠭᠠᠨ᠎ᠤ ᠠᠮᠤᠷ ᠲᠦᠪᠰᠢᠨ᠎ᠤ ᠰᠡᠷᠭᠡᠢᠯᠡᠯᠲᠡ᠎ᠶᠢᠨ ᠲᠦᠷᠦᠯ ᠵᠤᠢᠯ᠎ᠤᠨ ᠪᠡᠯᠡ ᠮᠦᠩᠬᠦ ᠵᠢ 2 ᠳ᠋ᠦᠩᠰᠢᠭᠤᠷ 3500 ᠲᠦᠮᠡᠨ ᠲᠥᠭᠥᠷᠢᠭ ᠪᠠᠭᠤᠯᠭᠠᠵᠤ᠂ ᠮᠠᠯᠵᠢᠬᠤ ᠲᠠᠷᠢᠶᠠᠯᠠᠬᠤ ᠣᠷᠣᠨ᠎ᠦ  ᠵᠠᠮ ᠬᠠᠷᠢᠯᠴᠠᠭᠠᠨ᠎ᠤ ᠠᠮᠤᠷ  ᠲᠦᠪᠰᠢᠨ᠎ᠦ  ᠶᠠᠰᠤ ᠴᠢᠨᠠᠷ᠎ᠢ  ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ ᠪᠤᠢ᠃

✦ᠤᠢᠷ᠎ᠠ᠎ᠳᠤ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ ᠥᠪᠥᠷ ᠮᠣᠩᠭᠣᠯ᠎ᠤᠨ ᠬᠤᠪᠢᠶᠠᠷᠢ ᠪᠠᠩᠬᠢ 2026 ᠣᠨ᠎ᠤ ᠬᠣᠶᠠᠳᠤᠭᠠᠷ ᠪᠦᠯᠦᠭ᠎ᠦᠨ ᠰᠤᠷᠤᠭ᠍ᠴᠢ᠎ᠶᠢᠨ ᠢᠷᠡᠯᠲᠡ᠎ᠶᠢᠨ ᠭᠠᠵᠠᠷ᠎ᠤᠨ ᠰᠤᠷᠤᠯᠭ᠎ᠠ᠎ᠶᠢ ᠳᠤᠰᠠᠯᠠᠬᠤ ᠢᠲᠡᠭᠡᠮᠵᠢᠲᠦ ᠵᠢᠭᠡᠯᠡᠯᠭᠡ ᠵᠢᠨ ᠮᠦᠩᠬᠦ ᠵᠢ 13.18 ᠳ᠋ᠦᠩᠰᠢᠭᠤᠷ ᠲᠥᠭᠥᠷᠢᠭ ᠪᠠᠭᠤᠯᠭᠠᠵᠤ᠂ 8 ᠰᠠᠷ᠎ᠠ᠎ᠳᠦ ᠪᠠᠭᠤᠯᠭᠠᠭᠰᠠᠨ ᠵᠢᠭᠡᠯᠡᠯᠭᠡ ᠲᠠᠢ᠎ᠪᠠᠨ ᠨᠡᠶ᠋ᠢᠲᠡ 13.42 ᠳ᠋ᠦᠩᠰᠢᠭᠤᠷ ᠲᠥᠭᠥᠷᠢᠭ ᠪᠣᠯᠵᠤ᠂ ᠪᠦᠬᠦ ᠣᠷᠣᠨ᠎ᠤ 103 ᠬᠣᠰᠢᠭᠤ ᠰᠢᠶᠠᠨ ᠬᠤᠲᠠ ᠲᠣᠭᠣᠷᠢᠭ᠋᠎ᠤᠨ ᠭᠡᠷ ᠪᠦᠯᠢ ᠵᠢᠨ ᠠᠮᠢᠳᠤᠷᠠᠯ ᠨᠢ ᠬᠦᠴᠢᠷᠳᠡᠯᠲᠡᠢ 8.63 ᠲᠦᠮᠡᠨ ᠰᠤᠷᠤᠭ᠍ᠴᠢ᠎ᠶᠢ ᠬᠠᠮᠤᠷᠴᠠᠢ᠃

✦ᠳᠤᠮᠳᠠᠳᠤ ᠤᠯᠤᠰ᠎ᠤᠨ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠦᠷᠢᠶᠡᠯᠡᠩ᠎ᠤᠨ ᠠᠩᠬᠠᠳᠤᠭᠠᠷ ᠬᠤᠭᠤᠴᠠᠭᠠᠨ᠎ᠤ ᠡᠪᠡᠰᠦᠨ᠎ᠤ ᠦᠢᠯᠡᠰ᠎ᠦᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠪᠠ ᠵᠣᠯᠭᠠᠭᠤᠯᠬᠤ ᠠᠵᠢᠯᠯᠠᠭ᠎ᠠ 10᠎ᠤ ᠡᠳᠦᠷ ᠲᠦᠩᠯᠢᠶᠣᠣ ᠬᠣᠲᠠ᠎ᠳᠤ ᠶᠠᠪᠤᠭᠳᠠᠪᠠ᠃

✦2026 ᠣᠨ᠎ᠤ ᠪᠠᠶᠠᠨᠨᠠᠭᠤᠷ ᠬᠣᠲᠠ᠎ᠶᠢᠨ《ᠨᠠᠰᠤᠲᠠᠨ᠎ᠢ ᠬᠦᠨᠳᠦᠯᠡᠬᠦ ᠰᠠᠷ᠎ᠠ》ᠵᠢᠨ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠤᠷᠴᠢᠮᠬᠠᠨ ᠪᠠᠶᠠᠨᠨᠠᠭᠤᠷ ᠬᠣᠲᠠ᠎ᠶᠢᠨ ᠰᠣᠶᠣᠯ ᠦᠵᠡᠰᠬᠦᠯᠡᠩ᠎ᠦᠨ ᠲᠠᠯᠠᠪᠠᠢ᠎ᠳᠤ ᠶᠠᠪᠤᠭᠳᠠᠵᠤ᠂ ᠪᠠᠶᠠᠨᠨᠠᠭᠤᠷ᠎ᠬᠤᠲᠠ ᠵᠢᠨ ᠨᠠᠰᠤᠲᠠᠨ᠎ᠢᠶᠠᠨ ᠬᠦᠨᠳᠦᠯᠡᠵᠦ ᠨᠠᠰᠤᠲᠠᠨ᠎ᠢᠶᠠᠨ ᠬᠠᠢᠷᠠᠯᠠᠬᠤ ᠰᠢᠷᠢᠰ ᠠᠵᠢᠯᠯᠠᠭ᠎ᠠ᠎ᠶᠢᠨ ᠬᠥᠰᠢᠭᠡ᠎ᠶᠢ ᠰᠡᠬᠦᠪᠡ᠃

✦9᠎ᠦ ᠡᠳᠦᠷ᠂ ᠬᠠᠭᠤᠴᠢᠨ ᠪᠠᠷᠭᠤ ᠬᠣᠰᠢᠭᠤᠨ᠎ᠤ ᠪᠠᠷᠭᠤ ᠬᠠᠳᠬᠤᠮᠠᠯ᠎ᠤᠨ ᠪᠦᠯᠬᠦᠮ᠎ᠦᠨ ᠬᠢᠨ᠎ᠦ ᠤᠷᠠᠯᠠᠨ ᠪᠦᠲᠦᠭᠡᠭᠰᠡᠨ 《ᠪᠠᠷᠭᠤ᠎ᠶᠢᠨ ᠵᠠᠰᠠᠯ》 ᠪᠦᠲᠦᠭᠡᠯ᠎ᠢᠶᠡᠨ《ᠬᠥᠯᠥᠨ ᠪᠦᠶ᠋ᠷ᠎ᠦᠨ ᠡᠳᠦᠷ᠎ᠦᠨ ᠰᠣᠨᠢᠨ》 ( ᠮᠣᠩᠭᠣᠯ ᠬᠡᠪᠯᠡᠯ )᠎ᠦ ᠬᠡᠪᠯᠡᠯ ᠡᠬᠢᠯᠡᠭᠰᠡᠨ 80 ᠵᠢᠯ᠎ᠦᠨ ᠣᠢ᠎ᠶᠢᠨ ᠪᠠᠶᠠᠷ᠎ᠲᠤ ᠪᠡᠯᠡᠭᠯᠡᠬᠦ ᠠᠵᠢᠯᠯᠠᠭ᠎ᠠ ᠶᠠᠪᠤᠭᠳᠠᠵᠤ᠂ ᠤᠯᠠᠮᠵᠢᠯᠠᠯᠲᠤ ᠰᠣᠶᠣᠯ᠎ᠤᠨ ᠭᠠᠢᠬᠠᠮᠰᠢᠭ᠋᠎ᠢᠶᠠᠷ᠎ᠢᠶᠠᠨ ᠨᠠᠶᠠᠨ ᠵᠢᠯ ᠪᠠᠳᠮᠠᠯᠠᠭᠰᠠᠨ ᠮᠤᠩᠭᠤᠯ ᠰᠣᠨᠢᠨ᠎ᠤ᠎ᠪᠠᠨ ᠣᠢ᠎ᠶᠢᠨ ᠪᠠᠶᠠᠷ᠎ᠢ ᠪᠡᠯᠭᠡᠯᠡᠭᠰᠡᠨ ᠪᠠᠢᠨ᠎ᠠ ᠃

✦9᠎ᠦ ᠡᠳᠦᠷ᠂ ᠪᠣᠷᠣᠳᠣᠬᠣᠢ᠎ᠶᠢᠨ ᠰᠣᠶᠣᠯ᠎ᠤᠨ ᠰᠤᠳᠤᠯᠭᠠᠨ᠎ᠤ ᠲᠥᠪ ᠪᠣᠷᠣᠳᠣᠬᠣᠢ ᠳᠡᠭᠡᠳᠦ ᠰᠤᠷᠭᠠᠭᠤᠯᠢ᠎ᠳᠤ ᠪᠠᠢᠭᠤᠯᠤᠭᠳᠠᠪᠠ᠃

✦ᠣᠢᠷ᠎ᠠ᠎ᠶᠢᠨ ᠡᠳᠦᠷ ᠰᠥᠨᠢᠳ ᠵᠡᠭᠦᠨ ᠬᠣᠰᠢᠭᠤᠨ᠎ᠤ ᠪᠠᠶᠠᠠᠠᠠᠭᠤᠯᠠ ᠰᠤᠮᠤᠨ᠎ᠤ ᠷᠠᠰᠢᠶᠠᠨᠪᠤᠯᠠᠭ ᠭᠠᠴᠠᠭᠠᠨ᠎ᠤ ᠬᠣᠢᠴᠢ ᠦᠶ᠎ᠡ᠎ᠶᠢᠨ ᠬᠢᠨ᠎ᠢ ᠬᠠᠯᠠᠮᠵᠢᠯᠠᠬᠤ ᠵᠥᠪᠯᠡᠯ᠎ᠠᠴᠠ ᠰᠤᠷᠤᠭ᠍ᠴᠢ᠎ᠶᠢ ᠵᠣᠷᠢᠭ᠍ᠵᠢᠭᠤᠯᠤᠨ ᠲᠡᠳᠬᠦᠬᠦ ᠠᠵᠢᠯᠯᠠᠭ᠎ᠠ ᠶᠠᠪᠤᠭᠳᠠᠭᠤᠯᠵᠤ᠂ 13 ᠣᠶᠤᠲᠠᠨ᠂ 26 ᠥᠨᠳᠥᠷ ᠳᠤᠮᠳᠠᠳᠤ᠎ᠶᠢᠨ ᠰᠤᠷᠤᠭ᠍ᠴᠢ᠎ᠳᠤ ᠳᠤᠰᠠᠯᠠᠮᠵᠢ᠎ᠶᠢᠨ ᠮᠥᠩᠭᠥ ᠭᠠᠷᠳᠠᠭᠤᠯᠵᠠᠢ᠃ ᠣᠢᠯᠠᠭᠠᠭᠰᠠᠨ᠎ᠢᠶᠠᠷ᠂ ᠷᠠᠰᠢᠶᠠᠨᠪᠤᠯᠠᠭ ᠭᠠᠴᠠᠭᠠᠨ᠎ᠤ ᠬᠣᠢᠴᠢ ᠦᠶ᠎ᠡ᠎ᠶᠢᠨ ᠬᠢᠨ᠎ᠢ ᠬᠠᠯᠠᠮᠵᠢᠯᠠᠬᠤ ᠵᠥᠪᠯᠡᠯ ᠨᠢ 2007 ᠣᠨ᠎ᠳᠤ ᠪᠠᠢᠭᠤᠯᠤᠭᠳᠠᠭᠰᠠᠨ᠎ᠠᠴᠠ ᠣᠳᠣ᠌ ᠪᠣᠯᠲᠠᠯ᠎ᠠ ᠨᠢᠭᠡᠨᠲᠡ 918 ᠰᠤᠷᠤᠭ᠍ᠴᠢ᠎ᠶᠢ ᠳᠠᠮᠵᠢᠨ ᠲᠡᠳᠬᠦᠵᠦ᠂ ᠨᠡᠢᠲᠡ 714000 ᠲᠥᠭᠥᠷᠢᠭ᠎ᠦᠨ ᠳᠤᠰᠠᠯᠠᠮᠵᠢ᠎ᠶᠢᠨ ᠮᠥᠩᠭᠥ ᠪᠡᠷ ᠳᠤᠰᠠᠯᠠᠬᠰᠠᠨ ᠪᠠᠢᠨ᠎ᠠ᠃


ᠠᠵᠤ ᠠᠬᠤᠢ

✦ᠠᠬᠤᠢ ᠳᠠᠯᠠᠪᠠᠢ ᠵᠢᠨ ᠬᠡᠷᠡᠭᠯᠡᠭᠡ᠎ᠶᠢᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠭᠤᠷᠪᠠᠳᠤᠭᠠᠷ ᠤᠯᠠᠷᠢᠯ᠎ᠳᠤ ᠮᠠᠨ᠎ᠤ ᠤᠯᠤᠰ᠎ᠤᠨ ᠡᠯ᠎ᠡ ᠲᠦᠷᠦᠯ᠎ᠦᠨ ᠬᠡᠷᠡᠭᠯᠡᠭᠡ᠎ᠶᠢᠨ ᠲᠣᠭᠠᠴᠠᠭ᠎ᠠ᠎ᠶᠢᠨ ᠵᠣᠭᠣᠰᠤᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 2.6% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠬᠣᠶᠠᠳᠤᠭᠠᠷ ᠤᠯᠠᠷᠢᠯ᠎ᠤᠨ ᠬᠢ᠎ᠡᠴᠡ 0.7% ᠪᠡᠷ ᠳᠡᠭᠡᠭᠰᠢᠯᠡᠪᠡ᠃

✦10᠎ᠤ ᠡᠳᠦᠷ᠂ ᠳᠤᠮᠳᠠᠳᠤ ᠤᠯᠤᠰ᠎ᠤᠨ ᠠᠩᠭᠢ 2026 ᠣᠨ᠎ᠤ ᠳᠡᠯᠡᠬᠡᠢ᠎ᠶᠢᠨ ᠵᠠᠯᠠᠭᠤᠴᠤᠳ᠎ᠤᠨ ᠥᠲᠥᠨ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠬᠣᠯᠢᠮᠠᠭ ᠪᠦᠯᠬᠦᠮ᠎ᠦᠨ ᠰᠢᠢᠳᠪᠦᠷᠢᠲᠦ ᠤᠷᠤᠯᠳᠤᠭᠠᠨ᠎ᠳᠤ ᠮᠠᠯᠠᠢᠰᠢᠶ᠎ᠠ᠎ᠶᠢᠨ ᠠᠩᠭᠢ᠎ᠶᠢ ᠢᠯᠠᠵᠤ ᠮᠠᠩᠯᠠᠢᠯᠠᠪᠠ᠃

✦ᠣᠢᠷ᠎ᠠ᠎ᠳᠤ 2026 ᠣᠨ᠎ᠤ ᠳᠤᠮᠳᠠᠳᠤ ᠣᠷᠣᠰ ᠮᠣᠩᠭᠣᠯ᠎ᠤᠨ ᠬᠢᠯᠢ ᠳᠠᠭᠠᠤ᠎ᠶᠢᠨ ᠬᠣᠰᠢᠭᠤ ᠰᠢᠶᠠᠨ᠎ᠤ ᠬᠥᠯ ᠪᠥᠮᠪᠥᠭᠡ᠎ᠶᠢᠨ ᠤᠷᠢᠯᠭ᠎ᠠ᠎ᠶᠢᠨ ᠤᠷᠤᠯᠳᠤᠭᠠᠨ ᠰᠢᠨ᠎ᠡ ᠪᠠᠷᠭᠤ ᠪᠠᠷᠠᠭᠤᠨ ᠬᠣᠰᠢᠭᠤᠨ᠎ᠳᠤ ᠬᠦᠭᠵᠢᠶᠡᠨ ᠳᠠᠢ ᠰᠠᠢᠬᠠᠨ ᠶᠠᠪᠤᠭᠳᠠᠯ᠎ᠠ᠃

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠵᠠᠰᠠᠭ᠎ᠤᠨ ᠣᠷᠳᠣᠨ᠎ᠤ ᠨᠡᠢᠲᠡᠯᠡᠭᠰᠡᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠬᠢᠨ ᠴᠠᠢᠶᠢᠦ ᠲᠣᠰᠣᠨ᠎ᠤ ᠭᠠᠳᠠᠭᠠᠳᠤ ᠭᠠᠷᠭᠠᠯᠲᠠ᠎ᠶᠢ ᠴᠠᠭᠠᠵᠠᠯᠠᠬᠤ ᠬᠡᠰᠡᠭ ᠠᠷᠭ᠎ᠠ᠎ᠪᠠᠨ ᠬᠦᠴᠦᠨ ᠦᠭᠡᠢ ᠪᠣᠯᠭᠠᠪᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠨᠡᠭᠦᠳᠡᠯ ᠠᠷᠠᠳ᠎ᠤᠨ ᠵᠣᠬᠢᠶᠠᠨ ᠪᠠᠢᠭᠤᠯᠤᠯᠲᠠ᠎ᠶᠢᠨ ᠨᠡᠢᠲᠡᠯᠡᠭᠰᠡᠨ᠎ᠢᠶᠡᠷ᠂ 350 ᠬᠥᠮᠥᠨ ᠲᠡᠭᠡᠭᠡᠭᠰᠡᠨ ᠨᠡᠭᠦᠳᠡᠯ ᠠᠷᠠᠳ᠎ᠤᠨ ᠣᠩᠭᠣᠴᠠ ᠵᠢᠪᠦ᠋ᠲ᠋ᠢ᠎ᠶᠢᠨ ᠳᠠᠯᠠᠶ ᠳᠠᠭᠠᠤ ᠤᠷᠤᠨ᠎ᠳᠤ ᠬᠥᠷᠪᠡᠵᠦ᠂ ᠨᠠᠭᠠᠲᠤ ᠵᠠᠬ᠎ᠠ᠎ᠳᠠᠭᠠᠨ 109 ᠬᠥᠮᠥᠨ ᠡᠨᠳᠡᠵᠦ᠂ 110 ᠭᠠᠷᠤᠢ ᠬᠥᠮᠥᠨ ᠰᠤᠷᠠᠭ ᠦᠭᠡᠢ ᠪᠣᠯᠵᠠᠢ᠃

 

ᠦᠢᠯᠡᠴᠢᠯᠡᠭᠡ

✦ᠳᠤᠮᠳᠠᠳᠤ ᠤᠯᠤᠰ᠎ᠤᠨ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠦᠷᠢᠶᠡᠯᠡᠩ ᠠᠵᠢᠯᠳᠠᠨ ᠡᠯᠰᠡᠵᠤ ᠪᠤᠢ᠃ 

 ᠲᠠᠨ᠎ᠤ ᠳᠤᠰᠠ᠎ᠳᠤ

✦ᠪᠣᠯᠭᠣᠭᠰᠠᠨ ᠴᠠᠭᠠᠨ ᠨᠣᠭᠣᠭ᠎ᠠ᠂ ᠭᠣᠭᠣᠳ ᠵᠡᠷᠭᠡ ᠨᠢ ᠬᠣᠨᠤᠭ ᠥᠨᠵᠢᠪᠡᠯ ᠲᠡᠭᠦᠨ᠎ᠳᠦ ᠠᠭᠤᠯᠤᠭᠳᠠᠬᠤ ᠠᠽᠣᠲ ᠬᠦᠴᠢᠯ᠎ᠦᠨ ᠳᠠᠪᠤᠰᠤ ᠨᠢ ᠳᠤᠲᠠᠭᠤ ᠠᠽᠣᠲ ᠬᠦᠴᠢᠯ᠎ᠦᠨ ᠳᠠᠪᠤᠰᠤ ᠪᠣᠯᠵᠤ ᠬᠤᠪᠢᠷᠠᠳᠠᠭ᠃ ᠳᠤᠲᠠᠭᠤ ᠠᠽᠣᠲ ᠬᠦᠴᠢᠯ᠎ᠦᠨ ᠳᠠᠪᠤᠰᠤ ᠪᠣᠯ ᠥᠮᠡᠨ ᠡᠪᠡᠳᠴᠢᠨ ᠡᠭᠦᠰᠬᠡᠳᠡᠭ ᠪᠣᠳᠠᠰ  ᠪᠣᠯᠬᠣᠷ ᠬᠣᠨᠣᠭ ᠥᠨᠵᠢᠭᠰᠡᠨ ᠪᠤᠶᠤ ᠤᠳᠠᠭᠠᠨ ᠲᠠᠯᠪᠢᠭ᠍ᠰᠠᠨ ᠴᠠᠭᠠᠨ ᠨᠣᠭᠣᠭ᠎ᠠ᠂ ᠭᠣᠭᠣᠳ᠎ᠵᠡᠷᠭᠡ ᠵᠢ ᠢᠳᠡᠬᠦ ᠦᠭᠡᠢ ᠪᠣᠯ ᠰᠠᠢᠨ᠃

 ᠵᠠᠯᠭᠠᠭᠠᠳ《ᠢᠵᠢᠯᠢᠰᠢᠨ ᠳᠠᠭᠤᠯᠠᠬᠤ ᠳᠠᠪᠢᠯᠠᠩ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面