ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-15 11:30:46

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3




ᠨᠡᠢᠭᠡᠮ

✦ᠮᠠᠨ᠎ᠤ ᠤᠯᠤᠰ ᠠᠩᠬᠠᠳᠠᠭ᠍ᠴᠢ ᠤᠯᠠᠨ ᠤᠯᠤᠰ ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ᠎ᠶᠢ ᠰᠤᠳᠤᠯᠤᠨ ᠲᠣᠭᠲᠠᠭᠠᠬᠤ᠎ᠶᠢ ᠲᠦᠷᠦᠭᠦᠯᠡᠨ ᠠᠬᠢᠭᠤᠯᠪᠠ᠃  

✦10 ᠰᠠᠷ᠎ᠠ ᠵᠢᠨ 12᠎ᠤᠨ ᠡᠳᠤᠷ᠂ ᠭᠤᠷᠪᠠᠳᠤᠭᠠᠷ ᠡᠭᠡᠯᠵᠢ᠎ᠶᠢᠨ ᠳᠣᠯᠣᠳᠤᠭᠠᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ ᠪᠦᠬᠦ ᠲᠠᠯ᠎ᠠ᠎ᠪᠠᠷ ᠡᠬᠢᠯᠡᠪᠡ᠃

✦ᠤᠢᠷ᠎ᠠ᠎ᠳᠤ ᠪᠥᠬᠥ ᠳᠡᠯᠡᠬᠡᠢ᠎ᠶᠢᠨ ᠡᠵᠡᠩᠨᠡᠯᠲᠡ᠎ᠶᠢᠨ ᠬᠠᠮᠤᠭ᠎ᠤᠨ ᠲᠣᠮᠣ᠌ ᠳᠠᠩ ᠴᠣᠭᠴᠠᠲᠤ ᠣᠶᠤᠨ᠎ᠤ ᠪᠤᠳᠤᠯᠳᠠ᠎ᠶᠢᠨ ᠲᠥᠪ ᠪᠣᠯᠬᠤ ᠳᠤᠮᠳᠠᠳᠤ ᠤᠯᠤᠰ᠎ᠤᠨ ᠰᠢᠯᠵᠢᠮᠡᠯ ᠬᠣᠯᠪᠣᠭᠠᠨ᠎ᠤ ᠣᠶᠤᠨ᠎ᠤ ᠪᠤᠳᠤᠯᠳᠠ᠎ᠶᠢᠨ ᠲᠥᠪ ( ᠬᠥᠬᠡᠬᠣᠲᠠ )᠎ᠤᠨ ᠪᠠᠭᠲᠠᠭᠠᠮᠵᠢ᠎ᠶᠢ ᠥᠷᠭᠡᠳᠬᠡᠬᠦ ᠢᠨᠵᠧᠨᠧᠷᠢᠩ — ᠳᠤᠮᠳᠠᠳᠤ ᠤᠯᠤᠰ᠎ᠤᠨ ᠰᠢᠯᠵᠢᠮᠡᠯ ᠬᠣᠯᠪᠣᠭᠠᠨ ᠎ᠤ ᠬᠥᠬᠡᠬᠣᠲᠠ᠎ᠶᠢᠨ ᠳ᠋ᠠᠢᠲ᠋ᠠ᠎ᠶᠢᠨ ᠲᠥᠪ᠎ᠦᠨ B25᠂ B27 ᠲᠦᠷᠦᠯ ᠵᠤᠢᠯ᠎ᠦᠨ ᠪᠠᠷᠢᠯᠭ᠎ᠠ ᠵᠢᠨ ᠠᠵᠢᠯ᠎ᠢ ᠠᠮᠵᠢᠯᠲᠠ ᠲᠠᠢ ᠳᠠᠭᠤᠰᠬᠠᠪᠠ᠃ ᠲᠤᠰ ᠲᠦᠷᠦᠯ ᠵᠤᠢᠯ ᠨᠢ ᠬᠥᠬᠡᠬᠣᠲᠠ ᠵᠢᠨ ᠬᠣᠷᠢᠨᠭᠡᠷ ᠰᠢᠨ᠎ᠡ ᠲᠣᠭᠣᠷᠢᠭ᠋᠎ᠲᠤ ᠪᠠᠢᠷᠢᠯᠠᠵᠤ᠂ ᠪᠠᠷᠢᠯᠭ᠎ᠠ᠎ᠶᠢᠨ ᠲᠠᠯᠠᠪᠠᠢ ᠨᠢ ᠪᠠᠷᠤᠭ 44500 ᠲᠡᠭᠰᠢ ᠳᠥᠷᠪᠡᠯᠵᠢᠨ ᠮᠧᠲᠷ᠎ᠲᠦ ᠬᠦᠷᠦᠭᠰᠡᠨ ᠪᠠᠢᠨ᠎ᠠ᠃

✦ᠳᠡᠯᠡᠬᠡᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠮᠠᠩᠯᠠᠢ ᠰᠢᠯᠭᠠᠷᠠᠭᠤᠯᠬᠤ ᠶᠡᠷᠦᠩᠬᠡᠢ ᠰᠢᠢᠳᠪᠦᠷᠢᠲᠦ ᠤᠷᠤᠯᠳᠤᠭᠠᠨ 16 ᠎ᠤ ᠡᠳᠦᠷ ᠶᠠᠪᠤᠭᠳᠠᠬᠤ ᠪᠣᠯᠣᠨ᠎ᠠ᠃ ᠡᠨᠡ ᠵᠢᠯ᠎ᠦᠨ ᠤᠷᠤᠯᠳᠤᠭᠠᠨ᠎ᠤ ᠬᠡᠪᠴᠢᠶ᠎ᠡ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠲᠠᠪᠤᠨ ᠲᠢᠪ᠎ᠦᠨ 78 ᠤᠯᠤᠰ᠎ᠢ ᠬᠠᠮᠤᠷᠴᠤ᠂ ᠨᠡᠶ᠋ᠢᠲᠡ 3.6 ᠲᠦᠮᠡᠨ ᠦᠷᠢᠰᠦᠯᠳᠦᠭᠴᠢ ᠣᠷᠣᠯᠴᠠᠨ᠎ᠠ᠃

✦ᠬᠠᠲᠤᠨ ᠭᠣᠣᠯ᠎ᠤᠨ ᠣᠰᠤᠨ ᠠᠰᠢᠭ᠍ᠯᠠᠯᠲᠠ᠎ᠶᠢᠨ ᠰᠣᠶᠣᠯ᠎ᠤᠨ ᠮᠦᠽᠧᠢ ᠡᠴᠡ ᠣᠢᠯᠠᠭᠠᠭᠰᠠᠨ᠎ᠢᠶᠠᠷ᠂ ᠲᠦᠷᠦᠭᠦᠬᠡᠨ ᠶᠠᠪᠤᠭᠳᠠᠭᠰᠠᠨ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠮᠦᠽᠧᠢ᠎ᠶᠢᠨ ᠬᠣᠯᠪᠣᠭ᠎ᠠ᠎ᠶᠢᠨ ᠬᠤᠷᠠᠯ ᠵᠢᠴᠢ ᠨᠢᠩᠪᠦ᠋ᠸᠧ᠎ᠶᠢᠨ ᠳᠡᠯᠡᠬᠡᠢ᠎ᠶᠢᠨ ᠤᠰᠤᠯᠠᠯᠲᠠ᠎ᠶᠢᠨ ᠢᠨᠵᠧᠨᠧᠷᠢᠩ ᠎ᠤᠨ ᠦᠨᠡᠲᠦ ᠥᠪ᠎ᠦᠨ ᠮᠦᠽᠧᠢ᠎ᠶᠢᠨ ᠡᠬᠢᠯᠡᠯᠲᠡ᠎ᠶᠢᠨ ᠠᠵᠢᠯᠯᠠᠭ᠎ᠠ ᠳᠡᠭᠡᠷ᠎ᠡ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠰᠣᠶᠣᠯ᠎ᠤᠨ ᠮᠦᠽᠧᠢ ᠵᠡᠷᠭᠡ 9 ᠪᠠᠢᠭᠤᠯᠭ᠎ᠠ ᠨᠢᠭᠡᠴᠢ᠎ᠳᠦ ᠪᠥᠬᠥ ᠳᠡᠯᠡᠬᠡᠢ᠎ᠶᠢᠨ ᠤᠰᠤᠨ᠎ᠤ ᠮᠦᠽᠧᠢ᠎ᠶᠢᠨ ᠬᠣᠯᠪᠣᠭ᠎ᠠ᠎ᠶᠢᠨ ᠭᠡᠰᠢᠭᠦᠨ ᠨᠢᠭᠡᠴᠢ᠎ᠶᠢᠨ ᠫᠠᠢᠰᠠ ᠣᠯᠭᠣᠪᠠ᠃

✦ᠪᠠᠶᠠᠨᠨᠠᠭᠤᠷ ᠬᠤᠲᠠ᠎ᠶᠢᠨ ᠲᠠᠷᠢᠶᠠᠯᠠᠩ ᠮᠠᠯ ᠠᠵᠤ ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠳᠤᠪᠴᠢᠶ᠎ᠠ ᠡᠴᠠ ᠣᠢᠯᠠᠭᠠᠭᠰᠠᠨ ᠎ᠢᠶᠠᠷ᠂ ᠪᠣᠷᠣᠳᠣᠬᠣᠢ᠎ᠶᠢᠨ ᠤᠰᠤᠯᠠᠯᠲᠠ ᠵᠢᠨ ᠣᠷᠣᠨ᠎ᠤ ᠪᠦᠬᠦ ᠶᠠᠪᠤᠴᠠ᠎ᠶᠢ ᠨᠢ ᠮᠠᠰᠢᠨᠴᠢᠯᠠᠭᠰᠠᠨ ᠣᠶᠤᠨᠴᠢ ᠲᠠᠷᠢᠮᠠᠯ᠎ᠤᠨ ᠮᠡᠷᠭᠡᠵᠢᠯ᠎ᠢᠶᠠᠷ ᠳᠠᠷᠢᠭ᠍ᠰᠠᠨ ᠡᠷᠳᠡᠨᠢ ᠰᠢᠰᠢ ᠪᠣᠳᠠᠲᠠᠢ ᠬᠡᠮᠵᠢᠯᠲᠡ᠎ᠪᠡᠷ ᠳᠠᠮᠵᠢᠵᠦ᠂ ᠥᠨᠳᠥᠷ ᠤᠨᠠᠯᠲᠠ᠎ᠶᠢᠨ ᠰᠢᠯᠢᠳᠡᠭ ᠠᠮᠵᠢᠯᠲᠠ᠎ᠶᠢ ᠤᠯᠤᠬᠰᠠᠨ ᠪᠠᠢᠨ᠎ᠠ᠃ ᠪᠣᠷᠣᠳᠣᠬᠣᠢ ᠣᠷᠣᠨ᠎ᠤ ᠭᠣᠣᠯ ᠵᠢᠱ᠌ᠢᠶ᠎ᠡ ᠦᠵᠡᠭᠦᠯᠬᠦ ᠣᠷᠣᠨ᠎ᠤ ᠡᠷᠳᠡᠨᠢ ᠰᠢᠰᠢ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ 1294.87 ᠺᠢᠯᠣᠭ᠌ᠷᠠᠮ᠎ᠳᠤ ᠬᠦᠷᠴᠦ᠂ ᠤᠷᠢᠳᠴᠢᠯᠠᠨ ᠵᠢᠱᠶ᠋ᠭᠰᠡᠨ ᠬᠠᠷᠠᠯᠲᠠ ᠪᠡᠨ ᠳᠠᠪᠠᠭᠤᠯᠤᠨ ᠪᠡᠶᠡᠯᠡᠬᠦᠯᠦᠭᠰᠡᠨ ᠪᠠᠢᠨ᠎ᠠ᠃

✦ᠮᠦᠭᠳᠡᠨ᠎ᠦ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠡᠷᠲᠡᠨ᠎ᠦ ᠠᠮᠢᠳᠤ ᠪᠣᠳᠠᠰ᠎ᠤᠨ ᠳᠡᠭᠡᠳᠦ ᠰᠤᠷᠭᠠᠭᠤᠯᠢ᠎ᠶᠢᠨ ᠵᠣᠬᠢᠶᠠᠨ ᠪᠠᠢᠭᠤᠯᠤᠭᠰᠠᠨ ᠣᠯᠠᠨ ᠤᠯᠤᠰ᠎ᠤᠨ ᠬᠠᠮᠲᠤᠷᠠᠯᠴᠠᠭᠠᠨ᠎ᠤ ᠪᠦᠯᠬᠦᠮ ᠤᠢᠷ᠎ᠠ᠎ᠳᠦ ᠤᠯᠠᠭᠠᠨᠬᠠᠳᠠ ᠬᠤᠲᠠ᠎ᠶᠢᠨ ᠨᠢᠩᠴᠧᠩ ᠰᠢᠶᠠᠨ᠎ᠠᠴᠠ ᠣᠳᠣ᠌᠎ᠠᠴᠠ ᠪᠠᠷᠤᠭ 1.6 ᠳ᠋ᠦᠩᠰᠢᠭᠤᠷ ᠵᠢᠯ᠎ᠦᠨ ᠡᠮᠦᠨᠡᠬᠢ ᠵᠦᠷ᠎ᠦᠨ ᠭᠠᠯᠪᠠ᠎ᠶᠢᠨ ᠭᠠᠵᠠᠷ᠎ᠤᠨ ᠳᠠᠪᠬᠤᠷᠭ᠎ᠠ᠎ᠠᠴᠠ ᠪᠡᠶ᠎ᠡ᠎ᠶᠢᠨ ᠬᠡᠯᠪᠡᠷᠢ᠎ᠪᠡᠷ ᠬᠠᠮᠤᠭ᠎ᠤᠨ ᠲᠣᠮᠣ᠌ ᠪᠠᠭᠠᠨ᠎ᠠ ᠰᠢᠳᠦᠲᠦ ᠠᠷᠢᠶᠠᠲᠠᠨ᠎ᠤ ᠲᠥᠷᠥᠯ᠎ᠦᠨ ᠬᠥᠬᠥᠲᠡᠨ ᠠᠮᠢᠲᠠᠨ᠎ᠦ ᠰᠢᠨ᠎ᠡ ᠲᠥᠷᠥᠯ ᠪᠣᠯᠬᠤ ᠲᠣᠮᠣ᠌ ᠰᠡᠭᠦᠯᠲᠦ ᠠᠷᠢᠶᠠᠲᠠᠨ᠎ᠦ ᠴᠢᠯᠠᠭᠤᠵᠢᠮᠠᠯ᠎ᠢ ᠢᠯᠡᠷᠡᠭᠦᠯᠦᠭᠰᠡᠨ ᠪᠠᠢᠨ᠎ᠠ᠃


ᠠᠵᠤ ᠠᠬᠤᠢ

✦1— 9 ᠰᠠᠷ᠎ᠠ᠎ᠳᠤ ᠂ ᠪᠥᠬᠥ ᠣᠷᠣᠨ᠎ᠤ ᠬᠢᠯᠢ᠎ᠶᠢᠨ ᠠᠷᠠᠳ᠎ᠤᠨ ᠠᠷᠠᠯᠵᠢᠶᠠᠨ ᠎ᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠬᠡᠮᠵᠢᠶ᠎ᠡ 12.05 ᠳ᠋ᠦᠩᠰᠢᠭᠤᠷ ᠲᠥᠭᠥᠷᠢᠭ᠎ᠲᠦ ᠬᠦᠷᠴᠦ᠂ ᠲᠦᠷᠦᠭᠦᠦ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 66.9% ᠪᠠᠷ ᠨᠡᠮᠡᠭᠳᠡᠪᠡ᠃

✦ᠤᠢᠷ᠎ᠠ᠎ᠳᠤ ᠪᠠᠶᠠᠨᠨᠠᠭᠤᠷ ᠬᠤᠲᠠ᠎ᠳᠤ ᠪᠠᠢᠷᠢᠯᠠᠵᠤ ᠪᠦᠬᠦᠢ ᠪᠠᠶᠠᠨ ᠴᠢᠯᠠᠭᠤᠨ ᠲᠣᠰᠣᠨ᠎ᠤ ᠠᠭᠤᠷᠬᠠᠢ᠎ᠶᠢᠨ ᠡᠳᠦᠷ᠎ᠦᠨ ᠭᠠᠷᠤᠯᠲᠠ 5080 ᠲᠣᠨ᠎ᠳᠤ ᠬᠦᠷᠴᠦ᠂ ᠠᠩᠬ᠎ᠠ ᠤᠳᠠᠭ᠎ᠠ 5000 ᠲᠣᠨ᠎ᠤ ᠪᠣᠭᠣᠮᠲᠠ᠎ᠶᠢ ᠳᠠᠪᠠᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃


ᠰᠤᠶᠤᠯ

✦10᠎ᠤ ᠡᠳᠦᠷ ᠶᠠᠪᠤᠭᠳᠠᠭᠰᠠᠨ 2026 ᠣᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶᠢᠨ ᠪᠠᠶᠠᠷ᠎ᠤᠨ ᠭᠠᠴᠠᠭ᠎ᠠ ᠲᠣᠰᠬᠣᠨ᠎ᠤ ᠳᠠᠭᠤᠤ᠎ᠶᠢᠨ ᠤᠷᠤᠯᠳᠤᠭᠠᠨ᠎ᠤ ᠪᠦᠬᠥ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠰᠢᠯᠤᠭᠤᠨ ᠬᠥᠬᠡ ᠬᠣᠰᠢᠭᠤᠨ᠎ᠤ ᠠᠷᠠᠳ᠎ᠤᠨ ᠤᠷᠠᠯᠢᠭ᠋᠎ᠤᠨ ᠪᠠᠬᠠᠲᠠᠳ᠎ᠤᠨ 《ᠥᠯᠵᠡᠢᠲᠦ ᠰᠢᠯᠢ᠎ᠶᠢᠨ ᠭᠣᠣᠯ》 ᠭᠡᠬᠦ ᠪᠦᠲᠦᠭᠡᠯ ᠭᠤᠷᠪᠠᠳᠤᠭᠠᠷ ᠳᠡᠰ᠎ᠤᠨ ᠱᠠᠩᠨᠠᠯ ᠬᠦᠷᠳᠡᠪᠡ᠃

✦11᠎ᠦ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠦᠵᠡᠮᠵᠢ᠎ᠶᠢᠨ ᠵᠢᠷᠤᠭ᠎ᠦᠨ ᠨᠡᠢᠭᠡᠮᠯᠢᠭ᠎ᠦᠨ ᠭᠡᠰᠢᠭᠦᠳ᠎ᠦᠨ ᠰᠢᠯᠢᠳᠡᠭ ᠪᠦᠲᠦᠭᠡᠯ᠎ᠦᠨ ᠦᠵᠡᠭᠦᠯᠭᠡ ᠤᠷᠠᠳ᠎ᠦᠨ ᠡᠮᠦᠨᠡᠲᠦ ᠬᠣᠰᠢᠭᠤᠨ᠎ᠤ ᠰᠣᠶᠣᠯ᠎ᠦᠨ ᠦᠵᠡᠰᠬᠦᠯᠡᠩ᠎ᠦᠨ ᠲᠥᠪ᠎ᠲᠦ ᠡᠬᠢᠯᠡᠵᠦ᠂ ᠥᠷᠭᠡᠨ ᠣᠯᠠᠨ ᠲᠦᠮᠡᠨ᠎ᠳᠦ ᠲᠠᠯ᠎ᠠ ᠨᠤᠲᠤᠭ᠎ᠤᠨ ᠤᠷᠠᠨ ᠵᠢᠷᠤᠭ᠎ᠤᠨ ᠷᠢᠳᠢ ᠰᠢᠳᠢ᠎ᠶᠢ ᠮᠡᠳᠡᠷᠡᠭᠦᠯᠪᠡ᠃

✦11᠎ᠦ ᠡᠳᠦᠷ᠂ ᠪᠠᠷᠠᠭᠤᠨ ᠦᠵᠦᠮᠦᠴᠢᠨ ᠬᠣᠰᠢᠭᠤᠨ᠎ᠤ ᠠᠬᠠᠮᠠᠳ ᠡᠷᠦᠬᠡ᠎ᠶᠢᠨ ᠴᠡᠷᠢᠭ ᠳᠣᠯᠭᠠᠷ᠂  ᠰᠡᠴᠡᠨᠲᠦ ᠨᠠᠷ᠎ᠤᠨ ᠡᠮᠬᠢᠳᠬᠡᠨ ᠨᠠᠢᠷᠠᠭᠤᠯᠤᠭᠰᠠᠨ《ᠥᠪᠥᠷ ᠮᠣᠩᠭᠣᠯ᠎ᠤᠨ ᠠᠢᠮᠠᠭ ᠬᠣᠲᠠ᠎ᠶᠢᠨ ᠠᠬᠠᠮᠠᠳ ᠡᠷᠦᠬᠡ᠎ᠶᠢᠨ ᠴᠡᠷᠢᠭ᠎ᠦᠨ ᠳᠤᠷᠠᠰᠤᠮᠵᠢ》 ᠨᠣᠮ᠎ᠢ ᠲᠠᠷᠬᠠᠭᠠᠬᠤ ᠶᠣᠰᠣᠯᠠᠯ ᠪᠠᠷᠠᠭᠤᠨ ᠦᠵᠦᠮᠦᠴᠢᠨ  ᠬᠣᠰᠢᠭᠤᠨ᠎ᠳᠤ ᠶᠠᠪᠤᠭᠳᠠᠪᠠ᠃

✦12᠎ᠤᠨ ᠡᠳᠦᠷ᠂ ᠣᠲᠣᠭ᠎ᠤᠨ ᠡᠮᠦᠨᠡᠲᠦ ᠬᠣᠰᠢᠭᠤᠨ᠎ᠤ ᠨᠠᠩᠰᠤ ᠪᠠᠯᠭᠠᠰᠤᠨ᠎ᠤ ᠨᠠᠩᠰᠤ ᠭᠠᠴᠠᠭ᠎ᠠ ᠰᠢᠨ᠎ᠡ᠎ᠪᠡᠷ ᠪᠠᠢᠭᠤᠯᠤᠭᠰᠠᠨ ᠠᠯᠪᠠᠯᠠᠬᠤ ᠭᠠᠵᠠᠷ᠎ᠲᠤ᠎ᠪᠠᠨ ᠠᠩᠬᠠᠳᠤᠭᠠᠷ ᠬᠤᠭᠤᠴᠠᠭᠠᠨ᠎ᠤ ᠮᠠᠯᠴᠢᠳ᠎ᠤᠨ ᠨᠠᠭᠠᠳᠤᠮ ᠵᠢᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠣᠶᠣᠯ ᠲᠠᠮᠢᠷ᠎ᠤᠨ ᠠᠵᠢᠯᠯᠠᠭ᠎ᠠ᠎ᠵᠢ ᠠᠮᠵᠢᠯᠲᠠ᠎ᠲᠠᠢ ᠶᠠᠪᠤᠭᠳᠠᠭᠤᠯᠵᠠᠢ᠃


ᠳᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠨᠢᠦ᠋ ᠶᠣᠷᠺ᠎ᠤᠨ ᠬᠤᠯᠪᠤᠭ᠎ᠠ ᠵᠢᠨ ᠣᠷᠣᠨ ᠨᠤᠲᠤᠭ᠎ᠤᠨ ᠰᠢᠭᠦᠭᠴᠢ 11᠎ᠦ ᠣᠷᠣᠢ᠂ ᠲᠸᠷᠠᠮᠫᠦ᠋ ᠵᠢᠨ ᠵᠠᠰᠠᠭ᠎ᠤᠨ ᠣᠷᠳᠣᠨ᠎ᠳ᠋ᠦ ᠶᠡᠷᠦᠩᠬᠡᠢᠯᠡᠭᠴᠢ᠎ᠶᠢᠨ ᠵᠠᠰᠠᠭ ᠶᠠᠪᠤᠭᠤᠯᠬᠤ ᠵᠥᠪᠯᠡᠬᠦ ᠵᠦᠢᠯ᠎ᠢ ᠤᠬᠠᠭᠤᠯᠬᠤ᠎ᠪᠠᠷ ᠵᠣᠷᠢᠯᠭ᠎ᠠ ᠪᠣᠯᠭᠠᠭᠰᠠᠨ ᠲᠧᠯᠸᠢᠰ᠎ᠦᠨ ᠵᠠᠷ᠎ᠢ ᠦᠷᠭᠦᠯᠵᠢᠯᠡᠨ ᠨᠡᠪᠲᠡᠷᠡᠭᠦᠯᠬᠦ᠎ᠪᠡᠨ ᠵᠤᠬᠰᠤᠭᠠᠬᠤ ᠵᠠᠷᠯᠢᠭ ᠪᠠᠭᠤᠯᠭᠠᠪᠠ᠃

✦ᠠᠷᠠᠳ᠎ᠤᠨ ᠡᠳᠤᠷ᠎ᠤᠨ ᠰᠤᠨᠢᠨ᠎ᠤ ᠮᠡᠳᠡᠭᠡ ᠵᠢ ᠦᠨᠳᠦᠰᠦᠯᠡᠪᠡᠯ᠂ ᠴᠢᠯᠠᠭᠤᠨ ᠲᠣᠰᠣ᠌ ᠭᠠᠷᠭᠠᠬᠤ ᠤᠯᠤᠰ ᠎ᠤᠨ ᠵᠣᠬᠢᠶᠠᠨ ᠪᠠᠢᠭᠤᠯᠤᠯᠲᠠ (ᠧᠦ᠋ᠫᠧᠺ) 2026 ᠣᠨ᠎ᠤ ᠪᠥᠬᠥ ᠳᠡᠯᠡᠬᠡᠢ᠎ᠶᠢᠨ ᠡᠳᠦᠷ ᠳᠤᠮᠳᠠᠴᠢ᠎ᠶᠢᠨ ᠴᠢᠯᠠᠭᠤᠨ ᠲᠣᠰᠣᠨ᠎ᠤ ᠬᠡᠷᠡᠭᠴᠡᠭᠡ᠎ᠶᠢᠨ ᠨᠡᠮᠡᠭᠳᠡᠯ᠎ᠢ ᠵᠢᠯ᠎ᠦᠨ ᠡᠬᠢᠨ᠎ᠳᠦ 140 ᠲᠦᠮᠡᠨ ᠰᠠᠭᠤᠯᠠᠭ᠎ᠠ᠎ᠪᠠᠢᠬᠰᠠᠨ ᠡᠴᠡ 40 ᠲᠦᠮᠡᠨ ᠰᠠᠭᠤᠯᠠᠭ᠎ᠠ ᠪᠣᠯᠭᠠᠨ ᠪᠠᠭᠤᠷᠠᠭᠤᠯᠪᠠ᠃


ᠦᠢᠯᠡᠴᠢᠯᠡᠭᠡ 

✦ᠲᠦᠩᠯᠢᠶᠤᠤ ᠬᠤᠳᠠ ᠵᠢᠨ ᠬᠤᠷᠴᠢᠨ ᠲᠤᠭᠤᠷᠢᠭ᠎ᠤᠨ ᠳᠦᠷᠪᠡᠳᠦᠭᠡᠷ ᠠᠷᠠᠳ᠎ᠤᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ 

 

ᠲᠠᠨ᠎ᠤ ᠲᠤᠰᠠ᠎ᠳᠤ

✦ᠪᠤᠷᠴᠠᠭ᠎ᠤᠨ ᠡᠭᠡᠳᠡᠩ᠎ᠢᠶᠡᠷ ᠦᠨᠢᠶᠡᠨ ᠰᠦ᠎ᠶᠢ ᠣᠷᠣᠯᠠᠭᠤᠯᠵᠤ ᠪᠣᠯᠬᠤ ᠦᠭᠡᠢ᠃ ᠬᠡᠳᠦᠢᠪᠡᠷ ᠡᠨᠡ ᠬᠣᠶᠠᠷ ᠵᠦᠢᠯ᠎ᠦᠨ ᠢᠳᠡᠭᠡᠨ᠎ᠳᠦ ᠪᠦᠷ ᠺᠠᠯᠼ ᠡᠯᠧᠮᠧᠨ᠋ᠲ ᠠᠭᠤᠯᠳᠠᠭ ᠪᠣᠯᠪᠠᠴᠤ ᠪᠤᠷᠴᠠᠭ᠎ᠤᠨ ᠤᠭᠤᠷᠠᠭ ᠳᠣᠲᠣᠷᠠᠬᠢ ᠺᠠᠯᠼ ᠨᠢ ᠦᠨᠢᠶᠡᠨ ᠰᠦᠨ ᠳᠣᠲᠣᠷᠠᠬᠢ ᠺᠠᠯᠼ᠎ᠠᠴᠠ ᠳᠣᠣᠷ᠎ᠠ ᠪᠠᠢᠳᠠᠭ ᠪᠤᠯᠬᠤᠷ ᠢᠳᠡᠷ ᠥᠲᠡᠯᠦᠭᠡ ᠨᠠᠰᠤᠨ᠎ᠤ ᠬᠥᠮᠥᠰ ᠬᠠᠰᠢᠯᠠ ᠦᠨᠢᠶᠡᠨ ᠰᠦ ᠢᠯᠡᠭᠦᠬᠡᠨ ᠤᠤᠭᠤᠬᠤ ᠨᠢ ᠢᠯᠡᠭᠦᠦ ᠰᠢᠮ᠎ᠡ ᠲᠡᠵᠢᠭᠡᠯ ᠨᠥᠬᠥᠪᠦᠷᠢᠯᠡᠳᠡᠭ᠃

ᠵᠠᠯᠭᠠᠭᠠᠳ 《ᠡᠵᠢ ᠵᠢᠨ ᠪᠤᠷᠤ ᠠᠶᠠᠭ᠎ᠠ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠶᠠᠨᠭ ᠸᠧᠨ ᠭᠤᠸᠠᠩ

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面