ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-17 16:04:47

ᠵᠣᠬᠢᠶᠠᠭ᠍ᠴᠢ᠄ ᠭᠢᠯᠪᠡᠬᠡᠨ ᠣᠩᠱᠢᠭ᠍ᠰᠠᠨ ᠣᠳᠠᠭ᠎ᠠ᠄ 3







ᠨᠡᠢᠭᠡᠮ

✦ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ( APEC ) ᠵᠢᠨ ᠤᠳᠤᠷᠢᠳᠬᠤ ᠬᠥᠮᠥᠰ᠎ᠦᠨ ᠭᠤᠴᠢᠨ ᠭᠤᠷᠪᠠᠳᠤᠭᠠᠷ ᠤᠳᠠᠭᠠᠨ᠎ᠤ ᠠᠯᠪᠠᠨ ᠶᠣᠰᠣᠨ᠎ᠤ ᠪᠤᠰᠤ ᠬᠤᠷᠠᠯ ᠭᠤᠸᠠᠩᠳᠦ᠋ᠩ ᠪᠠ ᠱᠧᠨᠵᠧᠨ᠎ᠳᠦ 11 ᠰᠠᠷ᠎ᠠ᠎ᠶᠢᠨ 18 — 19᠎ᠦ ᠡᠳᠦᠷ ᠪᠣᠯᠲᠠᠯ᠎ᠠ ᠬᠤᠷᠠᠯᠳᠤᠬᠤ ᠪᠣᠯᠣᠨ᠎ᠠ᠃

✦ ᠣᠢᠷ᠎ᠠ᠎ᠳᠤ ᠲᠥᠪ᠎ᠦᠨ ᠢᠨᠲᠧᠷ ᠰᠦᠯᠵᠢᠶᠡᠨ᠎ᠦ ᠠᠮᠤᠷ ᠲᠥᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠵᠥᠪᠯᠡᠯ᠎ᠤᠨ ᠠᠯᠪᠠᠨ ᠭᠡᠷ ᠵᠡᠷᠭᠡ ᠳᠥᠷᠪᠡᠨ ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ 10 ᠰᠠᠷ᠎ᠠ᠎ᠠᠴᠠ ᠡᠬᠢᠯᠡᠨ ᠰᠦᠯᠵᠢᠶᠡᠨ ᠳᠡᠭᠡᠷᠡᠬᠢ ᠴᠡᠷᠢᠭ᠎ᠲᠦ ᠬᠣᠯᠪᠣᠭᠳᠠᠬᠤ ᠵᠣᠬᠢᠰ ᠦᠭᠡᠢ ᠡᠵᠡᠩᠨᠡᠯᠲᠡ ᠪᠣᠷᠣᠯᠠᠭᠤᠯᠤᠯᠲᠠ ᠪᠠ ᠬᠥᠭᠡᠷᠭᠡᠳᠡᠭᠰᠡᠨ ᠮᠡᠳᠡᠭᠡ ᠵᠠᠩᠭᠢ᠎ᠶᠢᠨ ᠲᠤᠰᠬᠠᠢ ᠴᠡᠭᠴᠡᠯᠡᠨ ᠵᠠᠰᠠᠯᠲᠠ᠎ᠶᠢ 2 ᠰᠠᠷ᠎ᠠ᠎ᠶᠢᠨ ᠬᠤᠭᠤᠴᠠᠭ᠎ᠠ᠎ᠲᠠᠢ ᠲᠥᠪᠯᠡᠷᠡᠭᠦᠯᠦᠨ ᠥᠷᠨᠢᠭᠦᠯᠬᠦ᠎ᠪᠡᠷ ᠲᠣᠭᠲᠠᠪᠠ᠃

✦ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ 15᠎ᠤ ᠡᠳᠦᠷ ᠮᠡᠳᠡᠭᠡ ᠨᠡᠢᠲᠡᠯᠡᠵᠦ᠂ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠲᠣᠰᠣᠨ᠎ᠤ ᠦᠨ᠎ᠡ᠎ᠶᠢᠨ ᠬᠤᠪᠢᠷᠠᠯᠲᠠ᠎ᠶᠢᠨ ᠪᠠᠢᠳᠠᠯ᠎ᠢ ᠦᠨᠳᠦᠰᠦᠯᠡᠨ᠂ ᠲᠣᠰ ᠤᠳᠠᠭᠠᠨ᠎ᠤ ᠴᠢᠶᠢᠦ ᠲᠣᠰᠣ᠌᠂ ᠴᠠᠢᠶᠢᠦ ᠲᠣᠰᠣᠨ᠎ᠤ ᠦᠨ᠎ᠡ᠎ᠳᠦ ᠲᠣᠬᠢᠷᠠᠭᠤᠯᠤᠯᠲᠠ ᠬᠢᠬᠦ ᠦᠭᠡᠢ ᠭᠡᠪᠡ᠃

✦ ᠲᠤᠬᠠᠢ᠎ᠶᠢᠨ ᠭᠠᠵᠠᠷ᠎ᠤᠨ ᠴᠠᠭ᠎ᠢᠶᠠᠷ 15᠎ᠤ ᠡᠳᠦᠷ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠲᠠᠷᠢᠶᠠᠯᠠᠩ᠂ ᠠᠮᠤ ᠪᠤᠳᠠᠭᠠᠨ᠎ᠤ ᠰᠢᠰᠲᠧᠮ ᠪᠠ ᠬᠥᠳᠡᠭᠡ ᠲᠣᠰᠬᠣᠨ᠎ᠤ ᠬᠥᠭᠵᠢᠯᠲᠡ᠎ᠶᠢᠨ ᠬᠦᠷᠢᠶᠡᠨ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ《ᠵᠠᠭᠤᠨ ᠭᠠᠷᠮᠠᠭᠠᠢ ᠡᠮᠡᠭᠲᠡᠢ ᠪᠠᠭᠠᠲᠤᠷ》᠎ᠢ ᠬᠥᠬᠢᠭᠦᠯᠦᠨ ᠰᠠᠢᠰᠢᠶᠠᠪᠠ᠃ ᠡᠭᠦᠨ᠎ᠳᠦ ᠮᠠᠨ᠎ᠤ ᠤᠯᠤᠰ᠎ᠤᠨ ᠶᠢᠨ ᠢᠦᠢ ᠵᠧᠨ᠂ ᠳ᠋ᠦᠩ ᠮᠢᠨ ᠹᠠᠩ ᠪᠣᠯᠣᠨ ᠢᠦᠢ᠎ᠶᠢᠨ ᠰᠢᠤ ᠲᠤᠰ ᠢᠷᠠᠭᠤ ᠠᠯᠳᠠᠷ᠎ᠢ ᠬᠦᠷᠲᠡᠪᠡ᠃

✦ ᠤᠢᠷ᠎ᠠ᠎ᠳᠦ ᠰᠤᠷᠭᠠᠨ ᠬᠥᠮᠦᠵᠢᠯ᠎ᠦᠨ ᠶᠠᠮᠤᠨ ᠲᠦᠷᠦᠭᠦᠦ ᠪᠦᠯᠦᠭ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠨᠡᠷᠡᠰ᠎ᠢ ᠨᠡᠢᠲᠡᠯᠡᠵᠤ᠂ ᠡᠭᠦᠨ᠎ᠳᠦ 134 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠣᠷᠣᠨ᠂ 1246 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠰᠤᠷᠭᠠᠭᠤᠯᠢ ᠪᠠᠭᠲᠠᠪᠠ᠃

✦ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠥᠪᠡᠷᠲᠡᠭᠡᠨ ᠵᠠᠰᠠᠬᠤ ᠣᠷᠣᠨ᠎ᠤ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠰᠤᠳᠤᠯᠭᠠᠨ ᠬᠢᠭᠡᠳ ᠠᠬᠢᠭᠤᠯᠬᠤ ᠲᠥᠪ ( ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ) ᠲᠤ᠌ ᠨᠠᠢᠳᠠᠵᠤ ᠪᠣᠳᠠᠲᠠᠢ ᠵᠣᠬᠢᠶᠠᠨ ᠪᠠᠢᠭᠤᠯᠵᠤ ᠬᠡᠷᠡᠭᠵᠢᠭᠦᠯᠦᠭᠰᠡᠨ 2026 ᠣᠨ᠎ᠤ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠪᠠᠷᠢᠮᠵᠢᠶ᠎ᠠ᠎ᠶᠢᠨ ᠳᠠᠪᠲᠠᠨ ᠰᠢᠯᠭᠠᠬᠤ ᠠᠵᠢᠯ ᠡᠬᠢᠯᠡᠵᠤ᠂ 17᠎ᠤ ᠡᠳᠦᠷ ᠪᠣᠯᠲᠠᠯ᠎ᠠ ᠶᠠᠪᠤᠭᠳᠠᠬᠤ ᠪᠤᠯᠤᠨ᠎ᠠ᠃

✦ 10 ᠰᠠᠷ᠎ᠠ᠎ᠳᠦ᠂ ᠥᠪᠡᠷᠲᠡᠭᠡᠨ ᠵᠠᠰᠠᠬᠤ ᠤᠷᠤᠨ᠎ᠤ ᠰᠤᠷᠭᠠᠨ ᠬᠥᠮᠥᠵᠢᠯ᠎ᠤᠨ ᠲᠢᠩᠬᠢᠮ᠎ᠡᠴᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠶᠡᠬᠡ ᠳᠡᠭᠡᠳᠦ ᠰᠤᠷᠭᠠᠭᠤᠯᠢ ᠲᠠᠢ ᠬᠠᠮᠲᠤᠷᠠᠨ᠂ 2027 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠤᠨ ᠰᠤᠷᠭᠠᠭᠤᠯᠢ᠎ᠵᠢᠨ ᠬᠦᠷᠢᠶᠡᠨ᠎ᠤ ᠠᠵᠢᠯᠲᠠᠨ ᠡᠯᠰᠡᠬᠦ ᠠᠵᠢᠯᠯᠠᠭ᠎ᠠ᠎ᠵᠢ 30 ᠰᠢᠬᠠᠮ ᠤᠳᠠᠭ᠎ᠠ ᠲᠥᠪᠯᠡᠷᠡᠭᠦᠯᠦᠨ ᠡᠷᠬᠢᠯᠡᠬᠦ ᠪᠡᠷ ᠪᠤᠢ᠃

✦ 15᠎ᠤ ᠡᠳᠦᠷ᠂ ᠬᠠᠳᠤᠨ ᠭᠣᠣᠯ᠎ᠤᠨ ᠰᠠᠨ ᠱᠧᠩ ᠬᠦᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠣᠢᠲᠤ ᠬᠡᠰᠡᠭ᠎ᠦᠨ ᠶᠡᠷᠦᠩᠬᠡᠢ ᠭᠣᠣᠯ ᠰᠤᠪᠠᠭ᠎ᠤᠨ ᠤᠰᠤᠨ ᠬᠠᠭᠠᠯᠲᠠ᠎ᠵᠢ ᠨᠡᠭᠡᠭᠡᠨ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ 2026 ᠣᠨ᠎ᠤ ᠨᠠᠮᠤᠷ᠎ᠤᠨ ᠤᠰᠤᠯᠠᠯᠲᠠ᠎ᠶᠢᠨ ᠠᠵᠢᠯ ᠎ᠢ  ᠪᠦᠬᠦ ᠲᠠᠯ᠎ᠠ᠎ᠪᠠᠷ ᠡᠬᠢᠯᠡᠬᠦᠯᠵᠡᠢ᠂ ᠲᠤᠰ ᠤᠳᠠᠭᠠᠨ᠎ᠤ ᠡᠬᠢᠨ᠎ᠦ ᠤᠷᠤᠰᠬᠠᠯ᠎ᠤᠨ ᠬᠡᠮᠵᠢᠶ᠎ᠡ ᠨᠢ ᠰᠧᠺᠦ᠋ᠨ᠋ᠳ᠋ ᠪᠦᠷᠢ 100 ᠪᠣᠰᠣᠭ᠎ᠠ ᠳᠥᠷᠪᠡᠯᠵᠢᠨ ᠮᠸᠲᠷ ᠪᠤᠯᠤᠨ᠎ᠠ᠃

✦ ᠣᠢᠷ᠎ᠠ᠎ᠳᠤ ᠠᠯᠠᠱᠠ ᠠᠢᠮᠠᠭ᠎ᠲᠦ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠲᠦᠷᠭᠡᠨ ᠭᠤᠪᠢᠭᠤᠯᠭ᠎ᠠ ᠬᠦᠷᠭᠡᠭᠴᠢ ᠵᠡᠷᠭᠡ ᠭᠡᠷ᠎ᠦᠨ ᠭᠠᠳᠠᠨᠠᠬᠢ ᠬᠥᠳᠡᠯᠮᠦᠷᠢᠴᠢᠳ᠎ᠲᠦ ᠠᠮᠠᠷᠠᠬᠤ ᠭᠠᠵᠠᠷ ᠬᠠᠩᠭᠠᠨ ᠦᠢᠯᠡᠴᠢᠯᠡᠬᠦ ᠳᠡᠯᠭᠡᠭᠦᠷ ᠰᠢᠨ᠎ᠠ ᠪᠡᠷ 31  ᠨᠡᠮᠡᠭᠳᠡᠪᠡ᠃

✦ 16᠎ᠤ ᠡᠳᠦᠷ᠂ ᠰᠢᠯᠢᠩᠬᠤᠲᠠ᠎ᠵᠢᠨ ᠬᠤᠷᠠᠯ ᠦᠵᠡᠰᠬᠦᠯᠡᠩ᠎ᠤᠨ ᠲᠥᠪ᠎ᠲᠦ ᠰᠢᠨ᠎ᠡ᠎ᠪᠡᠷ ᠪᠠᠢᠭᠤᠯᠤᠭᠰᠠᠨ ᠲᠠᠸᠠᠷ᠎ᠤᠨ ᠤᠷᠤᠨ ᠰᠠᠭᠤᠴᠠ᠎ᠵᠢᠨ ᠪᠤᠷᠤᠯᠠᠭᠤᠯᠭ᠎ᠠ᠎ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠂ 18᠎ᠤ ᠡᠳᠦᠷ ᠪᠤᠯᠲᠠᠯ᠎ᠠ ᠶᠠᠪᠤᠭᠳᠠᠨ᠎ᠠ᠃


ᠠᠵᠤ ᠠᠬᠤᠢ

✦ᠮᠠᠨ᠎ᠤ ᠤᠯᠤᠰ᠎ᠤᠨ ᠭᠠᠳᠠᠭᠠᠳᠤ᠎ᠶᠢᠨ ᠬᠤᠳᠠᠯᠳᠤᠭᠠᠴᠢᠨ᠎ᠤ ᠰᠢᠭᠤᠳ ᠪᠡᠯᠡ ᠣᠷᠣᠭᠤᠯᠤᠯᠲᠠ᠎ᠶᠢᠨ ᠡᠷᠬᠡ ᠠᠰᠢᠭ᠋᠎ᠤᠨ ᠬᠠᠳᠠᠭᠠᠯᠠᠯᠲᠠ 26.8 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ 6 ᠵᠢᠯ ᠳᠠᠷᠠᠭᠠᠯᠠᠨ ᠨᠡᠮᠡᠭᠳᠡᠯ᠎ᠵᠢᠡᠨ ᠪᠠᠲᠤᠯᠠᠵᠤ᠂ ᠪᠦᠬᠦ ᠳᠡᠯᠡᠬᠡᠢ᠎ᠵᠢᠨ ᠬᠣᠶᠠᠳᠤᠭᠠᠷ᠎ᠲᠤ ᠵᠢᠭᠰᠠᠭᠠᠭᠳᠠᠵᠠᠢ᠃


ᠰᠣᠶᠣᠯ 

✦15᠎ᠤ᠎ᠡᠳᠦᠷ᠂ ᠤᠯᠠᠭᠠᠨᠬᠠᠳᠠ ᠨᠢᠭᠡᠳᠦᠭᠡᠷ ᠳᠤᠮᠳᠠᠳᠤ ᠰᠤᠷᠭᠠᠭᠤᠯᠢ᠎ᠳᠦ 《ᠦᠯᠡᠮᠵᠢ ᠬᠥᠭᠵᠢᠯ ᠲᠠᠢ ᠨᠠᠶᠠᠨ ᠵᠢᠯ᠎ᠵᠢᠡᠨ ᠦᠵᠦᠭ ᠪᠢᠷ᠎ᠵᠢᠡᠷ ᠤᠷᠠᠯᠠᠨ ᠵᠢᠷᠤᠭᠯᠠᠶ᠎ᠠ》 ᠭᠡᠬᠦ ᠭᠤᠤᠯ ᠰᠡᠳᠦᠪᠲᠦ ᠪᠠᠭᠰᠢ ᠰᠤᠷᠤᠭᠴᠢᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ ᠶᠠᠪᠤᠭᠳᠠᠪᠠ᠃


ᠳᠡᠯᠡᠬᠡᠢ

✦ ᠠᠮᠧᠷᠢᠺᠠ᠎ᠶᠢᠨ ᠵᠠᠭᠤᠴᠢᠯᠠᠭᠤᠷ᠎ᠤᠨ ᠤᠢᠷ᠎ᠠ᠎ᠵᠢᠨ ᠬᠤᠭᠤᠴᠠᠭᠠᠨ᠎ᠤ ᠮᠡᠳᠡᠭᠡ᠎ᠶᠢ ᠦᠨᠳᠦᠰᠦᠯᠡᠪᠡᠯ᠂ ᠠᠮᠧᠷᠢᠺᠠ᠎ᠶᠢᠨ ᠨᠢᠭᠤᠴᠠ ᠮᠡᠳᠡᠭᠡᠨ᠎ᠦ ᠨᠢᠭᠡᠨ ᠲᠤᠰᠢᠶᠠᠯᠲᠠᠨ ᠦᠺᠷᠠᠢᠨ᠎ᠤ ᠠᠮᠧᠷᠢᠺᠠ᠎ᠳᠤ ᠰᠠᠭᠤᠭ᠎ᠠ ᠡᠯᠴᠢᠨ ᠰᠠᠢᠳ᠎ᠤᠨ ᠶᠠᠮᠤᠨ᠎ᠳᠤ ᠰᠠᠨᠠᠭᠤᠯᠬᠤ᠎ᠳᠠᠭᠠᠨ᠂ ᠣᠷᠣᠰ᠎ᠤᠨ ᠡᠨᠧᠷᠭᠢ᠎ᠶᠢᠨ ᠰᠤᠷᠪᠤᠯᠵᠢ᠎ᠶᠢᠨ ᠲᠥᠬᠦᠭᠡᠷᠦᠮᠵᠢ ᠬᠡᠷᠪᠡ ᠦᠺᠷᠠᠢᠨ᠎ᠤ ᠨᠡᠩ ᠣᠯᠠᠨ ᠳᠠᠭᠠᠷᠢᠯᠲᠠ᠎ᠳᠤ ᠤᠴᠠᠷᠠᠬᠤ᠎ᠳᠤ ᠬᠦᠷᠪᠡᠯ ᠠᠮᠧᠷᠢᠺᠠ ᠦᠺᠷᠠᠢᠨ᠎ᠲᠠᠢ ᠪᠤᠶ ᠪᠦᠬᠦᠢ ᠨᠢᠭᠤᠴᠠ ᠮᠡᠳᠡᠭᠡ᠎ᠶᠢ ᠬᠠᠮᠲᠤ᠎ᠪᠠᠷ ᠡᠳ᠋ᠯᠡᠬᠦ᠎ᠪᠡᠨ ᠵᠣᠭᠰᠣᠬᠤ ᠪᠣᠯᠣᠨ᠎ᠠ ᠭᠡᠵᠡᠢ᠃

✦ ᠲᠤᠬᠠᠢ᠎ᠶᠢᠨ ᠭᠠᠵᠠᠷ᠎ᠤᠨ ᠴᠠᠭ᠎ᠢᠶᠠᠷ 15᠎ᠤ ᠡᠳᠦᠷ᠂ ᠣᠯᠠᠨ ᠤᠯᠤᠰ᠎ᠤᠨ ᠵᠣᠭᠣᠰᠤᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ ( IMF ) ᠬᠠᠮᠤᠭ᠎ᠤᠨ ᠰᠢᠨ᠎ᠡ ᠨᠢᠭᠡ ᠬᠤᠭᠤᠴᠠᠭᠠᠨ᠎ᠤ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠪᠠᠷᠠᠯᠠᠯ᠎ᠤᠨ ᠮᠡᠳᠡᠭᠦᠯᠦᠯᠲᠡ᠎ᠶᠢ ᠨᠡᠢᠲᠡᠯᠡᠵᠦ᠂ ᠵᠢᠱ᠌ᠢᠯᠲᠡ᠎ᠪᠡᠷ 2026 ᠣᠨ᠎ᠳᠤ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠨᠡᠮᠡᠭᠳᠡᠯ 4.8% ᠪᠠᠢᠵᠤ᠂ ᠲᠣᠰ ᠪᠠᠢᠭᠤᠯᠤᠮᠵᠢ᠎ᠶᠢᠨ ᠡᠨᠡ ᠵᠢᠯ᠎ᠦᠨ 4 ᠰᠠᠷ᠎ᠠ᠎ᠳᠤ ᠵᠢᠱ᠌ᠢᠭᠰᠡᠨ᠎ᠡᠴᠡ 4.4% ᠥᠨᠳᠥᠷ ᠪᠠᠢᠨ᠎ᠠ ᠭᠡᠪᠡ᠃

✦ ᠹᠷᠠᠨᠼᠢ᠎ᠶᠢᠨ ᠨᠡᠢᠰᠯᠡᠯ ᠬᠤᠲᠠ ᠫᠠᠷᠢᠰ 2032 ᠣᠨ᠎ᠠᠴᠠ ᠡᠮᠦᠨ᠎ᠡ 2 ᠳ᠋ᠦᠩᠰᠢᠭᠤᠷ ᠡᠸᠦ᠋ᠷᠤ᠋ ᠵᠣᠭᠣᠰ ᠵᠠᠷᠤᠴᠠᠭᠤᠯᠵᠤ ᠤᠳᠤᠬᠠᠨ᠎ᠤ ᠳᠤᠭᠤᠢ ᠲᠡᠷᠭᠡᠨ᠎ᠦ ᠵᠠᠮ᠎ᠢ ᠥᠷᠭᠡᠳᠬᠡᠨ ᠪᠠᠢᠭᠤᠯᠵᠤ᠂ ᠨᠡᠩ ᠤᠯᠠᠨ ᠬᠥᠮᠥᠨ ᠳᠤᠭᠤᠢ ᠲᠡᠷᠭᠡ ᠤᠨᠤᠵᠤ ᠭᠠᠳᠠᠭ᠍ᠰᠢ ᠭᠠᠷᠬᠤ᠎ᠳᠤ ᠲᠦᠬᠦᠮ ᠦᠵᠡᠭᠦᠯᠬᠦ᠎ᠪᠡᠷ ᠲᠥᠯᠥᠪᠯᠡᠵᠦ ᠪᠠᠢᠨ᠎ᠠ᠃


ᠦᠢᠯᠡᠴᠢᠯᠡᠭᠡ 

✦ ᠥᠪᠥᠷ ᠮᠣᠩᠭᠣᠯ᠎ᠤᠨ ᠡᠨᠧᠷᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠠᠵᠢᠯᠲᠠᠨ ᠡᠯᠰᠡᠵᠦ ᠪᠤᠢ᠃ 


ᠲᠠᠨ᠎ᠤ ᠲᠤᠰᠠ᠎ᠳᠤ 

✦ ᠵᠢᠭᠠᠰᠤᠨ ᠮᠢᠬᠠᠨ᠎ᠳᠤ ᠬᠡᠳᠦᠢᠪᠡᠷ ᠤᠭᠤᠷᠠᠭ ᠡᠯᠪᠡᠭ ᠠᠭᠤᠯᠤᠭᠳᠠᠳᠠᠭ ᠪᠣᠯᠪᠠᠴᠤ᠂ ᠢᠳᠡᠭᠡᠨ᠎ᠦ ᠰᠢᠷᠬᠡᠭᠯᠢᠭ ᠡᠳ᠋᠂ ᠸᠢᠲ᠋ᠠᠮᠢᠨ C ᠵᠡᠷᠭᠡ ᠴᠢᠬᠤᠯᠠ ᠰᠢᠮ᠎ᠡ ᠲᠡᠵᠢᠭᠡᠯᠲᠦ ᠪᠤᠳᠠᠰ᠂ ᠨᠡᠭᠦᠷᠡᠰᠦ ᠤᠰᠤᠨ᠎ᠤ ᠨᠢᠭᠡᠳᠪᠦᠷᠢ᠎ᠶᠢᠨ ᠠᠭᠤᠯᠤᠭᠳᠠᠴᠠ ᠨᠢ ᠴᠥᠬᠡᠨ ᠪᠠᠢᠳᠠᠭ᠃ ᠡᠢᠮᠦ᠎ᠡᠴᠡ ᠬᠥᠬᠡ ᠨᠣᠭᠣᠭ᠎ᠠ ᠪᠤᠶᠤ ᠮᠥᠭᠥ᠎ᠶᠢᠨ ᠲᠥᠷᠥᠯ ᠵᠢᠴᠢ ᠭᠣᠣᠯ ᠢᠳᠡᠭᠡᠨ᠂ ᠬᠣᠯᠢᠮᠠᠭ ᠠᠮᠤ ᠪᠤᠳᠠᠭ᠎ᠠ᠎ᠲᠠᠢ ᠬᠠᠮᠲᠤ ᠢᠳᠡᠪᠡᠯ ᠬᠠᠮᠤᠭ᠎ᠤᠨ ᠰᠠᠢᠨ ᠪᠠᠢᠵᠤ᠂ ᠰᠢᠮ᠎ᠡ ᠲᠡᠵᠢᠭᠡᠯ᠎ᠢ ᠲᠡᠩᠴᠡᠭᠦᠷᠢᠲᠡᠢ᠎ᠪᠡᠷ ᠪᠠᠲᠤᠯᠠᠵᠤ ᠴᠢᠳᠠᠨ᠎ᠠ᠃ 

ᠵᠠᠯᠭᠠᠭᠠᠳ《ᠵᠠᠯᠠᠭᠤ ᠨᠠᠰᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠭᠢᠯᠪᠡᠬᠡᠨ

  • ᠨᠡᠪᠲᠡᠷᠡᠭᠦᠯᠦᠭᠴᠢ᠄

    ᠭᠢᠯᠪᠡᠬᠡᠨ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面