2026-10-18 15:21:07



ᠨᠡᠢᠭᠡᠮ
✦ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ᠰᠠᠨᠠᠯ ᠳᠠᠷᠤᠮᠠᠯᠯᠠᠨ ᠲᠠᠷᠬᠠᠭᠠᠵᠤ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢ ᠦᠨᠳᠦᠰᠦᠨ ᠵᠦᠢᠯ᠎ᠢ ᠪᠠᠲᠤᠯᠠᠬᠤ ᠬᠡᠯᠪᠡᠷᠢ᠎ᠶᠢᠨ᠂ ᠲᠦᠭᠡᠮᠡᠯ ᠬᠠᠷᠠᠭᠠᠯᠵᠠᠯᠲᠤ ᠳᠡᠮᠵᠢᠯᠭᠡ᠎ᠶᠢᠨ ᠬᠡᠯᠪᠡᠷᠢ᠎ᠶᠢᠨ᠂ ᠪᠦᠷᠢᠨ ᠵᠠᠬ᠎ᠠ ᠳᠡᠯᠭᠡᠭᠦᠷ᠎ᠦᠨ ᠬᠡᠯᠪᠡᠷᠢᠵᠢᠨᠵᠡᠷᠭᠡ ᠭᠤᠷᠪᠠᠨ ᠲᠥᠷᠥᠯ ᠬᠤᠪᠢᠶᠠᠨ᠂ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠨ᠎ᠡ ᠬᠠᠩᠰᠢ᠎ᠶᠢᠨ ᠪᠦᠷᠢᠯᠳᠦᠬᠦ ᠲᠣᠭᠲᠠᠴᠠ᠎ᠶᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ᠎ᠶᠢᠨ ᠣᠯᠠᠨ ᠶᠠᠩᠵᠤ᠎ᠶᠢᠨ ᠦᠢᠯᠡᠴᠢᠯᠡᠭᠡᠨ᠎ᠦ ᠬᠡᠷᠡᠭᠴᠡᠭᠡ᠎ᠶᠢ ᠬᠠᠩᠭᠠᠨ᠎ᠠ ᠭᠡᠪᠡ᠃
✦ᠤᠢᠷ᠎ᠠ᠎ᠳᠦ ᠤᠯᠤᠰ᠎ᠤᠨ ᠲᠡᠮᠦᠷ ᠵᠠᠮ᠎ᠤᠨ ᠪᠦᠯᠦᠭᠯᠡᠯ ᠪᠥᠬᠥ ᠤᠯᠤᠰ᠎ᠤᠨ ᠲᠡᠮᠦᠷ ᠵᠠᠮ᠎ᠤᠨ ᠭᠠᠯᠲᠤ ᠲᠡᠷᠭᠡᠨ᠎ᠦ ᠳ᠋ᠤᠭᠠᠷ᠎ᠤᠨ ᠥᠭᠡᠷᠡᠴᠢᠯᠡᠯᠲᠡ᠎ᠶᠢᠨ ᠠᠵᠢᠯ᠎ᠢ ᠡᠬᠢᠯᠡᠭᠦᠯᠪᠡ᠃
✦ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ 11 ᠰᠠᠷ᠎ᠠ᠎ᠶᠢᠨ 5 - 10᠎ᠤ ᠡᠳᠦᠷ ᠪᠣᠯᠲᠠᠯ᠎ᠠ ᠱᠠᠩᠬᠠᠢ᠎ᠳᠤ ᠶᠠᠪᠤᠭᠳᠠᠬᠤ᠎ᠪᠡᠷ ᠪᠠᠢᠵᠤ᠂ 162 ᠤᠯᠤᠰ᠂ ᠭᠠᠵᠠᠷ ᠣᠷᠣᠨ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠣᠷᠣᠯᠴᠠᠵᠤ᠂ 4100 ᠭᠠᠷᠤᠢ ᠬᠢᠯᠢ᠎ᠶᠢᠨ ᠭᠠᠳᠠᠨᠠᠬᠢ ᠠᠵᠤ ᠠᠬᠤᠢᠯᠠᠯ ᠦᠵᠡᠰᠬᠦᠯᠡᠩᠳᠦ ᠣᠷᠣᠯᠴᠠᠬᠤ ᠪᠤᠯᠤᠨ᠎ᠠ᠃
✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ ᠲᠦᠷᠪᠡᠨ ᠰᠠᠯᠠᠭ᠎ᠠ ᠮᠥᠴᠢᠷ 30 ᠭᠠᠷᠤᠢ ᠭᠣᠣᠯᠳᠠᠯᠭ᠎ᠠ᠎ᠲᠠᠢ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠢᠯᠠᠯ᠎ᠢ ᠵᠣᠬᠢᠶᠠᠨ ᠪᠠᠢᠭᠤᠯᠤᠨ ᠶᠠᠷᠢᠯᠴᠠᠬᠤ ᠬᠤᠷᠠᠯ ᠬᠢᠵᠦ᠂ ᠮᠠᠰᠢᠨ ᠲᠡᠷᠭᠡᠨ᠎ᠦ ᠦᠢᠯᠡᠳᠬᠦᠨ᠎ᠦ ᠰᠢᠨ᠎ᠡ᠎ᠶᠢ ᠡᠭᠦᠳᠬᠦ ᠵᠢᠷᠤᠭ ᠲᠥᠯᠥᠪᠯᠡᠭᠡ ᠪᠠ ᠰᠤᠳᠤᠯᠤᠨ ᠨᠡᠭᠡᠭᠡᠬᠦ᠎ᠶᠢ ᠰᠢᠯᠭᠠᠨ ᠬᠡᠮᠵᠢᠬᠦ ᠦᠨᠡᠮᠯᠡᠯ᠎ᠦᠨ ᠬᠠᠮᠢᠶᠠᠷᠤᠯᠲᠠ᠎ᠶᠢ ᠴᠢᠩᠭᠠᠳᠬᠠᠪᠠ᠃
✦2026 ᠪᠦᠬᠦ ᠪᠥᠮᠪᠥᠷᠴᠡᠭ᠎ᠦᠨ ᠵᠠᠰᠠᠯᠲᠠ᠎ᠶᠢᠨ ᠶᠠᠷᠢᠶᠠᠨ᠎ᠤ ᠲᠠᠪᠴᠠᠩ (ᠰᠢᠶᠦ᠋ᠩ ᠠᠨ) 10 ᠰᠠᠷ᠎ᠠ᠎ᠶᠢᠨ 23 - 25᠎ᠤ ᠡᠳᠦᠷ ᠪᠣᠯᠲᠠᠯ᠎ᠠ ᠾᠸᠪᠸᠢ ᠮᠤᠵᠢ ᠵᠢᠨ ᠰᠢᠶᠦ᠋ᠩ ᠠᠨ ᠰᠢᠨ᠎ᠡ ᠲᠣᠭᠣᠷᠢᠭ᠋᠎ᠲᠤ ᠶᠠᠪᠤᠭᠳᠠᠬᠤ᠎ᠪᠡᠷ ᠪᠠᠢᠵᠤ᠂ ᠪᠦᠬᠦ ᠪᠥᠮᠪᠥᠷᠴᠡᠭ᠎ᠦᠨ ᠡᠮᠦᠨᠡᠲᠦ ᠣᠷᠣᠨ ᠵᠢᠴᠢ ᠡᠸᠦ᠋ᠷᠦᠫᠡ ᠠᠮᠧᠷᠢᠺᠠ ᠵᠡᠷᠭᠡ 100 ᠰᠢᠬᠠᠮ ᠤᠯᠤᠰ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠬᠤ ᠪᠣᠯᠣᠨ᠎ᠠ᠃
✦ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠶᠢᠨ ᠮᠡᠳᠡᠭᠡᠵᠢ ᠦᠨᠳᠦᠰᠦᠯᠡᠪᠡᠯ᠂ ᠪᠥᠬᠥ ᠤᠯᠤᠰ᠎ᠤᠨ ᠠᠮᠤ ᠪᠤᠳᠠᠭᠠᠨ᠎ᠤ ᠵᠢᠯ᠎ᠦᠨ ᠤᠨᠠᠯᠲᠠ ᠬᠣᠶᠠᠷ ᠵᠢᠯ ᠳᠠᠷᠠᠭᠠᠯᠠᠨ 1.4 ᠲᠦᠮᠡᠨ ᠳ᠋ᠦᠩᠰᠢᠭᠤᠷ ᠵᠢᠩ᠎ᠢ ᠳᠠᠪᠠᠵᠤ᠂ ᠬᠥᠮᠥᠨ ᠳᠤᠮᠳᠠᠴᠢ᠎ᠳᠦ ᠨᠤᠭᠲᠠᠭᠰᠠᠨ ᠠᠮᠤ ᠪᠤᠳᠠᠭ᠎ᠠ᠎ᠵᠢᠨ ᠬᠡᠮᠵᠢᠶ᠎ᠡ 500 ᠺᠢᠯᠣᠭ᠌ᠷᠠᠮ᠎ᠢ ᠳᠠᠪᠠᠭᠰᠠᠨ ᠪᠥᠭᠡᠳ ᠳᠡᠯᠡᠬᠡᠢ᠎ᠶᠢᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠠᠢᠨ᠎ᠠ᠃
✦ᠲᠦᠷᠦᠭᠦᠬᠡᠨ ᠥᠪᠥᠷ ᠮᠣᠩᠭᠣᠯ᠎ᠤᠨ ᠪᠠᠩᠬᠢ᠎ᠶᠢᠨ ᠮᠠᠨᠵᠤᠤᠷ ᠰᠠᠯᠪᠤᠷᠢ ᠪᠠᠩᠬᠢ ᠠᠩᠬᠠᠨ᠎ᠤ ᠮᠧᠬᠠᠨᠢᠭ᠋᠎ᠤᠨ ᠰᠡᠯᠪᠢᠭ ᠲᠣᠨᠣᠭ᠎ᠤᠨ ᠭᠠᠳᠠᠭᠠᠳᠤ ᠭᠠᠷᠭᠠᠯᠲᠠ᠎ᠶᠢᠨ ᠲᠥᠷᠥᠯ ᠵᠦᠢᠯ᠎ᠦᠨ ᠳ᠋ᠣᠯᠯᠠᠷ᠎ᠤᠨ ᠭᠠᠳᠠᠭᠠᠳᠤ ᠭᠤᠪᠢᠭᠤᠯᠭ᠎ᠠ ᠵᠢ ᠳᠥᠭᠥᠮ ᠳᠥᠲᠡ ᠪᠣᠯᠭᠠᠬᠤ ᠲᠤᠬᠠᠢᠯᠠᠭᠰᠠᠨ ᠠᠵᠢᠯ ᠢ ᠨᠠᠢᠳᠠᠪᠤᠷᠢᠵᠢᠭᠤᠯᠪᠠ᠃
✦15᠎ᠤ ᠡᠳᠦᠷ᠂《ᠬᠥᠬᠡᠬᠣᠲᠠ᠎ᠶᠢᠨ ᠠᠮᠢᠳᠤ ᠪᠣᠳᠠᠰ ᠦᠢᠯᠡᠳᠬᠦ ᠠᠵᠤ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠬᠤ ᠳᠦᠷᠢᠮ 》 ᠢ ᠬᠡᠷᠡᠭᠵᠢᠭᠦᠯᠪᠡ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ ᠦᠢᠯᠡᠳᠬᠦ ᠬᠦᠷᠢᠶᠡᠨ᠎ᠳᠡᠬᠢ ᠠᠩᠬᠠᠳᠠᠭ᠍ᠴᠢ ᠣᠷᠣᠨ ᠨᠤᠲᠤᠭ᠎ᠤᠨ ᠴᠢᠨᠠᠷᠲᠠᠢ ᠳᠦᠷᠢᠮ ᠲᠣᠭᠲᠠᠭᠠᠯ ᠪᠣᠯᠣᠨ᠎ᠠ᠃
✦ᠲᠦᠷᠦᠭᠦᠬᠡᠨ ᠥᠪᠡᠷᠲᠡᠭᠡᠨ ᠵᠠᠰᠠᠬᠤ ᠤᠷᠤᠨ᠎ᠤ ᠰᠤᠷᠤᠭᠴᠢ ᠡᠯᠰᠡᠬᠦ ᠰᠢᠯᠭᠠᠯᠲᠠ᠎ᠵᠢᠨ ᠵᠥᠪᠯᠡᠯ᠎ᠤᠨ ᠠᠯᠪᠠᠨ ᠭᠡᠷ ᠮᠡᠳᠡᠭᠳᠡᠯ ᠨᠡᠢᠲᠡᠯᠡᠵᠦ᠂ ᠮᠠᠨ᠎ᠤ ᠤᠷᠤᠨ᠎ᠤ 2027 ᠤᠨ᠎ᠤ ᠡᠩ᠎ᠤᠨ ᠶᠡᠬᠡ ᠳᠡᠭᠡᠳᠦ ᠰᠤᠷᠭᠠᠭᠤᠯᠢ᠎ᠵᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠠᠵᠢᠯ ᠢ ᠪᠠᠢᠷᠢᠯᠠᠭᠤᠯᠪᠠ᠃ ᠲᠤᠰ ᠤᠳᠠᠭᠠᠨ᠎ᠤ ᠰᠤᠷᠤᠭᠴᠢ ᠡᠯᠰᠡᠬᠦ ᠰᠢᠯᠭᠠᠯᠲᠠ᠎ᠵᠢᠨ ᠨᠡᠷ᠎ᠡ ᠮᠡᠳᠡᠭᠦᠯᠬᠦ ᠠᠵᠢᠯ 10 ᠰᠠᠷ᠎ᠠ᠎ᠵᠢᠨ 19᠎ᠤ ᠡᠳᠦᠷ᠎ᠤᠨ 9 ᠴᠠᠭ - 30᠎ᠤ ᠡᠳᠦᠷ᠎ᠤᠨ 18 ᠴᠠᠭ ᠪᠤᠯᠲᠠᠯ᠎ᠠ ᠶᠠᠪᠤᠭᠳᠠᠬᠤ ᠪᠤᠯᠤᠨ᠎ᠠ᠃
ᠠᠵᠤ ᠠᠬᠤᠢ
✦ᠤᠢᠷ᠎ᠠ᠎ᠳᠦ ᠡᠳ᠋᠎ᠦᠨ ᠵᠠᠰᠠᠭ᠎ᠤᠨ ᠶᠠᠮᠤᠨ ᠭᠤᠷᠪᠠᠳᠠᠭᠢ ᠤᠳᠠᠭᠠᠨ᠎ᠤ 2026 ᠣᠨ᠎ᠤ ᠣᠷᠳᠣ᠌ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ ( ᠲᠠᠪᠤᠳᠤᠭᠠᠷ ᠬᠤᠭᠤᠴᠠᠭ᠎ᠠ ) ᠵᠢ 200 ᠳ᠋ᠦᠩᠰᠢᠭᠤᠷ ᠲᠥᠭᠥᠷᠢᠭ ᠦᠷᠭᠦᠯᠵᠢᠯᠡᠨ ᠲᠠᠷᠬᠠᠭᠠᠪᠠ᠃ ᠢᠩᠭᠢᠭᠡᠳ ᠡᠨᠡ ᠵᠢᠯ᠎ᠤᠨ ᠣᠷᠳᠣ᠌ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶᠢᠨ ᠲᠠᠷᠬᠠᠭᠠᠯᠲᠠ ᠳᠠᠭᠤᠰᠴᠤ᠂ ᠲᠠᠷᠬᠠᠭᠠᠯᠲᠠ᠎ᠶᠢᠨ ᠬᠡᠪᠴᠢᠶ᠎ᠡ ᠨᠢ 1.3 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠃
✦ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠵᠢᠨ ᠤᠢᠷ᠎ᠠ᠎ᠳᠦ ᠨᠡᠢᠲᠡᠯᠡᠭᠰᠡᠨ ᠮᠡᠳᠡᠭᠦᠯᠦᠯᠲᠡ᠎ᠵᠢ ᠦᠨᠳᠦᠰᠦᠯᠡᠪᠡᠯ᠂ 2025 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠤᠨ ᠭᠡᠷ᠎ᠦᠨ ᠭᠠᠳᠠᠨᠠᠬᠢ ᠬᠥᠳᠡᠯᠭᠡᠭᠡᠨ᠎ᠳᠦ ᠣᠷᠣᠯᠴᠠᠭᠰᠠᠨ ᠬᠥᠮᠥᠨ᠎ᠦ ᠲᠣᠭ᠎ᠠ 5 ᠳ᠋ᠦᠩᠰᠢᠭᠤᠷ᠎ᠢ ᠳᠠᠪᠠᠵᠤ᠂ ᠭᠡᠷ᠎ᠦᠨ ᠭᠠᠳᠠᠨᠠᠬᠢ ᠬᠥᠳᠡᠯᠭᠡᠭᠡᠨ᠎ᠦ ᠬᠠᠮᠢᠶ᠎ᠠ ᠪᠦᠬᠦᠢ ᠠᠵᠤ ᠦᠢᠯᠡᠰ᠎ᠦᠨ ᠶᠡᠷᠦᠩᠬᠡᠢ ᠬᠡᠪᠴᠢᠶ᠎ᠡ ᠪᠠᠷᠤᠭ 3.17 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠃
ᠲᠠᠮᠢᠷ
✦2026 ᠣᠨ᠎ᠤ ᠪᠥᠬᠥ ᠤᠯᠤᠰ᠎ᠤᠨ ᠵᠠᠯᠠᠭᠤᠴᠤᠳᠤᠨᠨᠢᠳᠤᠷᠭᠠᠨ ᠲᠠᠮᠢᠷ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ( ᠬᠥᠬᠡ ᠳᠤᠭᠤᠢᠯᠠᠩ ) 10 ᠰᠠᠷ᠎ᠠ᠎ᠶᠢᠨ 10 - 16᠎ᠤ ᠡᠳᠦᠷ ᠪᠣᠯᠲᠠᠯ᠎ᠠ ᠭᠤᠸᠠᠩᠳᠦ᠋ᠩ ᠮᠤᠵᠢ᠎ᠶᠢᠨ ᠾᠦᠢ ᠵᠧᠦ ᠬᠣᠲᠠ᠎ᠳᠤ ᠶᠠᠪᠤᠭᠳᠠᠵᠤ᠂ ᠮᠠᠨ᠎ᠤ ᠤᠷᠤᠨ᠎ᠤ ᠲᠥᠯᠥᠭᠡᠯᠡᠭᠴᠢ᠎ᠵᠢᠨ ᠠᠩᠭᠢ 1 ᠠᠯᠲᠠᠨ ᠮᠧᠳᠠᠯ ᠪᠠ 1 ᠮᠥᠩᠭᠥᠨ ᠮᠧᠳᠠᠯ ᠬᠦᠷᠲᠡᠵᠡᠢ᠃
ᠳᠡᠯᠡᠬᠡᠢ
✦ᠰᠢᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠷᠠᠮᠫᠦ᠋ ᠠᠮᠧᠷᠢᠺᠠ᠎ᠶᠢᠨ ᠵᠠᠭᠤᠴᠢᠯᠠᠭᠤᠷ ᠤ᠋ᠨ ᠰᠣᠷᠪᠤᠯᠵᠢᠯᠠᠭ᠎ᠠ᠎ᠶᠢ ᠬᠦᠯᠢᠶᠡᠬᠦ᠎ᠳᠡᠭᠡᠨ᠂ ᠠᠮᠧᠷᠢᠺᠠ ᠢᠷᠠᠨ᠎ᠳᠤ ᠴᠥᠮ᠎ᠡ᠎ᠶᠢᠨ ᠵᠡᠪᠰᠡᠭ ᠬᠡᠷᠡᠭᠯᠡᠬᠦ ᠦᠭᠡᠢ ᠭᠡᠵᠦ ᠢᠯᠡᠷᠬᠡᠢᠯᠡᠵᠡᠢ᠃
ᠦᠢᠯᠡᠴᠢᠯᠡᠭᠡ
✦ᠪᠠᠶᠠᠨᠨᠠᠭᠤᠷ ᠬᠤᠲᠠ᠎ᠵᠢᠨ ᠯᠢᠨᠾᠧ ᠲᠣᠭᠣᠷᠢᠭ᠋᠎ᠤᠨ ᠡᠬᠡ ᠨᠢᠯᠬᠠᠰ᠎ᠤᠨ ᠡᠷᠡᠭᠦᠯᠵᠢᠯ᠎ᠦᠨ ᠬᠣᠷᠢᠶ᠎ᠠ ᠠᠵᠢᠯᠲᠠᠨ ᠡᠯᠰᠡᠬᠦ᠎ᠪᠡᠷ ᠪᠤᠢ᠃
✦ᠥᠪᠥᠷ ᠮᠤᠩᠭᠤᠯ᠎ᠤᠨ ᠪᠡᠶ᠎ᠡ᠎ᠵᠢᠨ ᠲᠠᠮᠢᠷ᠎ᠤᠨ ᠤᠷᠳᠤᠨ᠂ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠪᠡᠶ᠎ᠡ᠎ᠵᠢᠨ ᠲᠠᠮᠢᠷ᠎ᠤᠨ ᠲᠠᠯᠠᠪᠠᠢ ᠤᠷᠳᠤᠨ᠎ᠤ ᠦᠢᠯᠡᠴᠢᠯᠡᠭᠡᠨ᠎ᠤ ᠲᠥᠪ(ᠬᠠᠭᠤᠴᠢᠨ ᠪᠡᠶ᠎ᠡ᠎ᠵᠢᠨ ᠲᠠᠮᠢᠷ᠎ᠤᠨ ᠤᠷᠳᠤᠨ)᠎ᠤᠨ ᠬᠡᠰᠡᠭ ᠲᠠᠯᠠᠪᠠᠢ ᠤᠷᠳᠤᠨᠢ 18᠎ᠤ ᠡᠳᠦᠷ ᠪᠦᠬᠦᠯᠢ 60 ᠨᠠᠰᠤᠨ᠎ᠡᠴᠡ ᠳᠡᠭᠡᠭᠰᠢᠬᠢ ᠨᠠᠰᠤᠲᠠᠢᠴᠤᠳ᠎ᠲᠦ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠬᠦ᠎ᠪᠡᠷ ᠪᠤᠢ᠃
ᠲᠠᠨ᠎ᠤ ᠲᠤᠰᠠ᠎ᠳᠤ
✦ᠮᠠᠨ᠎ᠤ ᠤᠯᠤᠰ᠎ᠤᠨ ᠨᠢᠭᠡᠨ ᠰᠤᠳᠤᠯᠭᠠᠨ᠎ᠳᠦ ᠢᠯᠡᠷᠡᠭᠦᠯᠦᠭᠰᠡᠨ ᠵᠢᠡᠷ᠂ ᠡᠳᠦᠷ ᠪᠦᠷᠢ ᠥᠷᠯᠥᠭᠡ᠎ᠶᠢᠨ ᠬᠣᠭᠣᠯᠠᠨ᠎ᠠᠴᠠ ᠡᠮᠦᠨ᠎ᠡ ᠡᠭᠡᠳᠡᠭᠰᠡᠨ ᠰᠦ ᠤᠤᠭᠤᠪᠠᠯ᠂ ᠢᠨᠰᠦ᠋ᠯᠢᠨᠤ ᠲᠦᠪᠰᠢᠨ᠂ ᠡᠯᠢᠭᠡᠨᠦ ᠥᠭᠡᠬᠦ᠂ ᠴᠢᠰᠤᠨ᠎ᠤ ᠥᠭᠡᠬᠦ᠂ ᠦᠷᠪᠢᠰᠦᠯ᠎ᠦᠨ ᠬᠢᠷᠢ ᠲᠦᠪᠰᠢᠨ ᠵᠡᠷᠭᠡ ᠣᠯᠠᠨ ᠵᠦᠢᠯ᠎ᠦᠨ ᠡᠷᠡᠭᠦᠯ ᠮᠡᠨᠳᠦ᠎ᠶᠢᠨ ᠭᠦᠢᠴᠡᠳᠬᠡᠯ ᠲᠣᠭ᠎ᠠ ᠢᠯᠡᠳᠲᠡ ᠰᠠᠢᠵᠢᠷᠠᠨ᠎ᠠ᠃
ᠵᠠᠯᠭᠠᠭᠠᠳ 《ᠨᠠᠨᠳᠢᠩᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠭᠢᠯᠪᠡᠬᠡᠨ
-
ᠨᠡᠪᠲᠡᠷᠡᠭᠦᠯᠦᠭᠴᠢ᠄
ᠭᠢᠯᠪᠡᠬᠡᠨ
-
ᠮᠡᠷᠭᠡᠵᠢᠯ᠄
ᠬᠤ᠌ ᠰᠠᠷᠠᠨ᠎ᠠ
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃