ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-19 11:12:41

ᠵᠣᠬᠢᠶᠠᠭ᠍ᠴᠢ᠄ ᠭᠢᠯᠪᠡᠬᠡᠨ ᠣᠩᠱᠢᠭ᠍ᠰᠠᠨ ᠣᠳᠠᠭ᠎ᠠ᠄ 3





ᠨᠡᠢᠭᠡᠮ

✦ 17᠎ᠤ ᠡᠳᠦᠷ᠂ ᠮᠠᠨ᠎ᠤ ᠤᠯᠤᠰ᠎ᠤᠨ ᠲᠦᠷᠦᠭᠦᠯᠡᠨ ᠰᠤᠳᠤᠯᠤᠨ ᠦᠢᠯᠡᠳᠦᠭᠰᠡᠨ ᠠᠩᠬᠠᠳᠠᠭ᠍ᠴᠢ ᠣᠯᠠᠨ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ ᠪᠣᠯᠬᠤ《ᠳᠡᠯᠡᠬᠡᠢ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ᠎ᠶᠢᠨ ᠪᠣᠷᠣ᠌ ᠲᠥᠯᠥᠪ》 ᠎ᠢ ᠨᠡᠢᠲᠡᠯᠡᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠠᠮᠲᠤ᠎ᠶᠢᠨ ᠥᠷᠲᠡᠭ᠎ᠦᠨ ᠬᠥᠭᠡᠭᠡᠴᠡᠯᠳᠦᠯ᠎ᠢ ᠵᠥᠪᠳᠡᠯᠴᠡᠨ ᠲᠣᠳᠣᠷᠬᠠᠢᠯᠠᠵᠤ᠂ ᠬᠥᠮᠥᠨ ᠬᠥᠮᠥᠵᠢᠭᠦᠯᠬᠦ ᠰᠢᠰᠲᠧᠮ᠎ᠦᠨ ᠪᠠᠢᠭᠤᠯᠤᠯᠲᠠ᠎ᠶᠢᠨ ᠴᠢᠭᠯᠡᠯ ᠬᠢᠭᠡᠳ ᠢᠵᠢ ᠪᠦᠷᠢᠳᠦᠭᠰᠡᠨ ᠵᠠᠰᠠᠯᠲᠠ᠎ᠶᠢᠨ ᠪᠠᠲᠤᠯᠠᠭ᠎ᠠ᠎ᠶᠢᠨ ᠠᠷᠭ᠎ᠠ ᠵᠠᠮ᠎ᠢ ᠳᠤᠷᠠᠳᠤᠨ ᠭᠠᠷᠭᠠᠪᠠ᠃

✦ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ  ᠬᠠᠮᠤᠭ᠎ᠤᠨ ᠰᠢᠨ᠎ᠡ ᠲᠠᠷᠢᠶᠠᠯᠠᠩ᠎ᠤᠨ ᠪᠠᠢᠳᠠᠯ᠎ᠤᠨ ᠲᠣᠬᠢᠷᠠᠭᠤᠯᠤᠯᠲᠠ᠎ᠶᠢ ᠦᠨᠳᠦᠰᠦᠯᠡᠪᠡᠯ᠂ ᠪᠥᠬᠥ ᠤᠯᠤᠰ᠎ᠤᠨ ᠨᠠᠮᠤᠷ᠎ᠤᠨ ᠠᠮᠤ ᠪᠤᠳᠠᠭ᠎ᠠ᠎ᠶᠢᠨ ᠬᠤᠷᠢᠶᠠᠯᠲᠠ ᠲᠤᠯᠤᠭᠠᠨ ᠬᠤᠪᠢ᠎ᠵᠢ ᠳᠠᠪᠠᠵᠤ᠂ ᠡᠪᠦᠯ᠎ᠦᠨ ᠪᠤᠭᠤᠳᠠᠢ᠎ᠶᠢᠨ ᠲᠠᠷᠢᠮᠠᠯ ᠨᠢᠭᠡ ᠬᠤᠪᠢ᠂ ᠡᠪᠦᠯ᠎ᠦᠨ ᠰᠢᠯᠢᠮᠳᠡᠭ᠎ᠦᠨ ᠲᠠᠷᠢᠮᠠᠯ ᠭᠤᠷᠪᠠᠨ ᠬᠤᠪᠢ᠎ᠵᠢ ᠳᠠᠪᠠᠵᠠᠢ᠃

✦ ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠦᠵᠡᠰᠬᠦᠯᠡᠩ᠎ᠦᠨ ᠡᠭᠦᠳᠡᠨ ᠪᠢᠯᠧᠲ᠎ᠢ 19᠎ᠦ ᠡᠳᠦᠷ᠎ᠡᠴᠡ ᠡᠬᠢᠯᠡᠨ ᠬᠤᠳᠠᠯᠳᠤᠨ᠎ᠡ᠃

✦ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠷᠬᠠᠭᠠᠯᠲᠠ᠎ᠶᠢᠨ ᠬᠥᠬᠡ ᠭᠠᠳᠠᠷᠲᠤ ᠪᠢᠴᠢᠭ 2026》᠎ᠵᠢ ᠳᠦᠷᠦᠭᠦᠬᠡᠨ ᠨᠡᠢᠲᠡᠯᠡᠪᠡ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠢᠶ᠎ᠠ ᠪᠦᠬᠦᠢ ᠲᠠᠷᠬᠠᠭᠠᠯᠲᠠ᠎ᠶᠢᠨ ᠶᠡᠷᠦᠩᠬᠡᠢ ᠬᠡᠮᠵᠢᠶ᠎ᠡ ᠶᠡᠬᠡ ᠎ᠪᠡᠷ ᠨᠡᠮᠡᠭᠳᠡᠵᠦ᠂ ᠪᠥᠬᠥ ᠰᠦᠯᠵᠢᠶᠡᠨ᠎ᠦ ᠮᠡᠳᠡᠭᠡ ᠵᠠᠩᠭᠢ ᠨᠡᠶ᠋ᠢᠲᠡ 2.81 ᠳ᠋ᠦᠩᠰᠢᠭᠤᠷ ᠵᠤᠷᠪᠤᠰ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 252.21% ᠪᠡᠷ ᠨᠡᠮᠡᠭᠳᠡᠪᠡ᠃

✦ 16᠎ᠤ ᠡᠳᠦᠷ᠂ ᠤᠯᠤᠰ᠎ᠤᠨ ᠶᠡᠬᠡ ᠲᠢᠶᠠᠲᠷ᠎ᠤᠨ ᠪᠠᠯᠧᠲ ᠪᠥᠵᠢᠭ᠎ᠦᠨ ᠪᠦᠯᠬᠦᠮ ᠪᠠᠢᠭᠤᠯᠤᠭᠳᠠᠪᠠ᠃ ᠡᠨᠡ ᠪᠣᠯ ᠪᠡᠭᠡᠵᠢᠩ᠎ᠦᠨ ᠠᠩᠬᠠᠨ᠎ᠤ ᠬᠣᠲᠠ᠎ᠶᠢᠨ ᠬᠠᠷᠢᠶ᠎ᠠ᠎ᠵᠢᠨ ᠪᠠᠯᠧᠲ ᠪᠥᠵᠢᠭ᠎ᠦᠨ ᠪᠦᠯᠬᠦᠮ ᠪᠣᠯᠣᠨ᠎ᠠ᠃

✦ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠮᠠᠨ᠎ᠤ ᠤᠷᠤᠨ ᠨᠢᠭᠡᠨᠲᠡ ᠡᠮ᠎ᠦᠨ ᠪᠥᠬᠥ ᠲᠥᠷᠥᠯ ᠵᠦᠢᠯ᠂ ᠪᠥᠬᠥ ᠬᠡᠯᠬᠢᠶᠡᠨ᠎ᠦ ᠮᠡᠳᠡᠭᠡ ᠵᠠᠩᠭᠢᠴᠢᠯᠠᠯᠲᠠ᠎ᠶᠢᠨ ᠮᠥᠷᠳᠡᠨ ᠪᠠᠢᠴᠠᠭᠠᠬᠤ ᠠᠵᠢᠯ᠎ᠢ ᠪᠥᠬᠥ ᠣᠷᠣᠨ ᠪᠦᠰᠡ᠎ᠪᠡᠷ ᠨᠠᠢᠳᠠᠪᠤᠷᠢᠵᠢᠭᠤᠯᠬᠤ᠎ᠵᠢ ᠪᠡᠶᠡᠯᠡᠭᠦᠯᠵᠡᠢ᠃

✦ 15 - 17᠎ᠤ ᠡᠳᠦᠷ ᠪᠣᠯᠲᠠᠯ᠎ᠠ᠂ 2026 ᠣᠨ᠎ᠤ ᠳᠡᠯᠡᠬᠡᠢ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠬᠤᠷᠠᠯ ᠲᠢᠶᠠᠨᠵᠢᠨ᠎ᠳᠤ ᠶᠠᠪᠤᠭᠳᠠᠵᠤ᠂ ᠬᠤᠷᠠᠯ ᠳᠡᠭᠡᠷ᠎ᠡ ᠳᠤᠮᠳᠠᠳᠤ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠤᠰᠬᠠᠢ ᠰᠡᠳᠦᠪᠲᠦ ᠦᠵᠡᠰᠬᠦᠯᠡᠩ᠎ᠢ ᠡᠷᠭᠢᠯᠡᠪᠡ᠃ ᠡᠭᠦᠨ᠎ᠳᠦ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠣᠰ ᠤᠳᠠᠭᠠᠨ᠎ᠤ ᠲᠤᠰᠬᠠᠢ ᠰᠡᠳᠦᠪᠲᠦ ᠦᠵᠡᠰᠬᠦᠯᠡᠩ᠎ᠳᠦ ᠤᠷᠤᠯᠴᠠᠵᠤ᠂ ᠮᠠᠨ᠎ᠤ ᠤᠷᠤᠨ᠎ᠤ ᠴᠣᠷ᠎ᠤᠨ ᠭᠠᠭᠴᠠ ᠦᠵᠡᠰᠬᠦᠯᠡᠩ᠎ᠳᠦ ᠣᠷᠣᠯᠴᠠᠭᠰᠠᠨ ᠳᠡᠭᠡᠳᠦ ᠰᠤᠷᠭᠠᠭᠤᠯᠢ ᠪᠣᠯᠪᠠ᠃

✦ ᠤᠢᠷ᠎ᠠ᠎ᠳᠦ ᠰᠤᠷᠭᠠᠨ ᠬᠥᠮᠥᠵᠢᠯ᠎ᠤᠨ ᠶᠠᠮᠤᠨ᠎ᠤ ᠠᠯᠪᠠᠨ ᠲᠢᠩᠬᠢᠮ᠎ᠡᠴᠡ ᠭᠤᠷᠪᠠᠳᠤᠭᠠᠷ ᠪᠥᠯᠥᠭ᠎ᠤᠨ ᠪᠦᠬᠦ ᠤᠯᠤᠰ᠎ᠤᠨ ᠰᠤᠷᠤᠯᠴᠠᠬᠤ ᠬᠡᠯᠪᠡᠷᠢ᠎ᠵᠢᠨ ᠬᠤᠲᠠ᠎ᠵᠢᠨ ᠰᠦᠯᠵᠢᠶᠡᠨ᠎ᠤ ᠪᠦᠷᠢᠯᠳᠦᠭᠦᠨ ᠬᠤᠲᠠ᠎ᠵᠢᠨ ᠨᠡᠷᠡᠰ᠎ᠢ ᠨᠡᠢᠲᠡᠯᠡᠪᠡ᠃ ᠡᠭᠦᠨ᠎ᠳᠦ ᠮᠠᠨ᠎ᠤ ᠤᠷᠤᠨ᠎ᠤ ᠬᠦᠬᠡᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠤᠯᠠᠭᠠᠨᠬᠠᠳᠠ ᠬᠤᠲᠠ ᠰᠤᠩᠭᠤᠭᠳᠠᠪᠠ᠃

✦ ᠰᠢᠯᠢ᠎ᠶᠢᠨ ᠭᠣᠣᠯ ᠠᠢᠮᠠᠭ᠎ᠤᠨ ᠰᠢᠯᠤᠭᠤᠨ ᠬᠥᠬᠡ ᠬᠣᠰᠢᠭᠤᠨ᠎ᠤ ᠰᠠᠩ᠎ᠤᠨ ᠲᠡᠯᠡᠶ᠎ᠵᠢᠨ ᠭᠠᠯᠲᠤ ᠲᠡᠷᠭᠡᠨ᠎ᠤ ᠰᠢᠨ᠎ᠡ ᠥᠷᠲᠡᠭᠡ᠎ᠵᠢ ᠵᠢᠱ᠌ᠢᠯᠲᠡ᠎ᠪᠡᠷ 10 ᠰᠠᠷ᠎ᠠ᠎ᠶᠢᠨ ᠰᠡᠭᠦᠯᠴᠢ᠎ᠪᠡᠷ ᠠᠰᠢᠭ᠍ᠯᠠᠯᠲᠠ᠎ᠳᠤ ᠣᠷᠣᠭᠤᠯᠬᠤ᠎ᠪᠡᠷ ᠪᠤᠢ᠃

ᠠᠵᠤ ᠠᠬᠤᠢ

✦ ᠠᠵᠢᠯ ᠲᠥᠷᠥᠯ᠎ᠦᠨ ᠪᠠᠢᠴᠠᠭᠠᠯᠲᠠ᠎ᠵᠢᠨ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠭᠡᠷ᠎ᠦᠨ ᠭᠠᠳᠠᠨᠠᠬᠢ ᠬᠥᠳᠡᠯᠭᠡᠭᠡᠨ᠎ᠳᠦ ᠣᠷᠣᠯᠴᠠᠭᠰᠠᠨ ᠬᠥᠮᠥᠨ᠎ᠦ ᠲᠣᠭ᠎ᠠ ᠨᠢᠭᠡᠨᠲᠡ 5 ᠳ᠋ᠦᠩᠰᠢᠭᠤᠷ᠎ᠢ ᠳᠠᠪᠠᠵᠤ᠂ ᠭᠡᠷ᠎ᠦᠨ ᠭᠠᠳᠠᠨᠠᠬᠢ ᠬᠥᠳᠡᠯᠭᠡᠭᠡᠨ᠎ᠦ ᠬᠠᠮᠢᠶ᠎ᠠ ᠪᠦᠬᠦᠢ ᠠᠵᠤ ᠦᠢᠯᠡᠰ᠎ᠦᠨ ᠶᠡᠷᠦᠩᠬᠡᠢ ᠬᠡᠮᠵᠢᠶ᠎ᠡ ᠪᠠᠷᠤᠭ 3.17 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠃

ᠰᠣᠶᠣᠯ

✦ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠭᠡᠷᠡᠯ ᠵᠢᠷᠤᠭ᠎ᠤᠨ ᠠᠯᠲᠠᠨ ᠬᠥᠷᠥᠭ ᠱᠠᠩᠨᠠᠯ ᠬᠦᠷᠲᠡᠭᠰᠡᠨ ᠦᠷ᠎ᠡ ᠳ᠋ᠦᠩ᠎ᠢ 10 ᠰᠠᠷ᠎ᠠ᠎ᠶᠢᠨ 29᠎ᠦ ᠡᠳᠦᠷ ᠨᠡᠢᠲᠡᠯᠡᠬᠦ᠎ᠪᠡᠷ ᠪᠤᠢ᠃

ᠲᠠᠮᠢᠷ

✦ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ᠎ᠤᠨ ᠤᠢᠷ᠎ᠠ᠎ᠵᠢᠨ ᠡᠳᠦᠷ᠎ᠤᠨ ᠮᠡᠳᠡᠭᠡ᠎ᠵᠢ ᠦᠨᠳᠦᠰᠦᠯᠡᠪᠡᠯ᠂ ᠵᠡᠮᠳᠡᠭᠴᠦᠳ᠎ᠦᠨ᠎ᠨᠢᠳᠤᠷᠭᠠᠨ ᠲᠡᠮᠡᠴᠡᠭᠡᠨ᠎ᠤ ᠡᠮᠡᠭᠲᠡᠢ ᠲᠠᠮᠢᠷᠴᠢᠨ ᠯᠢ ᠢᠦᠢ ᠵᠢᠶᠧ ᠪᠣᠯᠣᠨ ᠵᠡᠮᠳᠡᠭᠴᠦᠳ᠎ᠦᠨ ᠬᠦᠨᠳᠦ ᠡᠷᠭᠦᠬᠦ ᠡᠷᠡᠭᠲᠡᠢ ᠲᠠᠮᠢᠷᠴᠢᠨ ᠶᠠᠨ ᠫᠠᠨ ᠫᠠᠨ ᠶᠠᠫᠤᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠬᠢᠯᠡᠬᠦ ᠶᠣᠰᠣᠯᠠᠯ᠎ᠳᠡᠬᠢ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠤᠭ᠍ᠴᠢ᠎ᠪᠡᠷ ᠰᠤᠩᠭᠤᠭᠳᠠᠪᠠ᠃

ᠳᠡᠯᠡᠬᠡᠢ

✦ ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 16᠎ᠤ ᠡᠳᠦᠷ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠨᠢᠭᠡᠨ ᠵᠠᠰᠠᠭ ᠵᠠᠬᠢᠷᠭᠠᠨ᠎ᠤ ᠵᠠᠷᠯᠢᠭ᠋᠎ᠲᠤ ᠭᠠᠷ᠎ᠤᠨ ᠥᠰᠥᠭ ᠵᠢᠷᠤᠵᠤ᠂ ᠠᠮᠧᠷᠢᠺᠠ᠎ᠶᠢᠨ ᠤᠯᠤᠰ᠎ᠤᠨ ᠬᠤᠷᠠᠯ᠎ᠠᠴᠠ ᠪᠠᠲᠤᠯᠠᠭᠰᠠᠨ ᠣᠷᠣᠰ᠎ᠤᠨ ᠠᠵᠤ ᠠᠬᠤᠢ᠎ᠳᠤ ᠴᠢᠭᠯᠡᠭᠦᠯᠦᠭᠰᠡᠨ ᠰᠢᠨ᠎ᠡ ᠨᠢᠭᠡᠨ ᠡᠭᠡᠯᠵᠢ᠎ᠶᠢᠨ ᠶᠡᠬᠡ ᠬᠡᠪᠴᠢᠶᠡᠨ᠎ᠦ ᠵᠠᠯᠬᠠᠭᠠᠯ᠎ᠤᠨ ᠠᠷᠭ᠎ᠠ ᠬᠡᠮᠵᠢᠶ᠎ᠡ᠎ᠶᠢ ᠲᠦᠷ ᠬᠣᠢᠰᠢᠯᠠᠭᠤᠯᠪᠠ᠃

✦ ᠲᠤᠬᠠᠢ᠎ᠶᠢᠨ ᠭᠠᠵᠠᠷ᠎ᠤᠨ ᠴᠠᠭ᠎ᠢᠶᠠᠷ 17᠎ᠤ ᠡᠳᠦᠷ ᠶᠧᠵᠢᠫᠲ᠎ᠦᠨ ᠶᠡᠷᠦᠩᠬᠡᠢᠯᠡᠭᠴᠢ ᠰᠠᠶ᠋ᠢᠰᠢ ᠢᠯᠡᠷᠬᠡᠢᠯᠡᠬᠦ᠎ᠳᠡᠭᠡᠨ᠂ ᠶᠧᠵᠢᠫᠲ᠎ᠦᠨ ᠬᠢᠨ ᠰᠠᠦᠢ᠍ᠳᠢ ᠠᠷᠠᠪ᠎ᠤᠨ ᠭᠤᠶᠤᠴᠢᠯᠠᠯ ᠶᠣᠰᠣᠭᠠᠷ ᠠᠮᠤᠷ ᠲᠦᠪᠰᠢᠨ᠎ᠦ ᠬᠠᠮᠠᠭᠠᠯᠠᠯᠲᠠ ᠬᠠᠩᠭᠠᠬᠤ᠎ᠵᠢ ᠵᠥᠪᠰᠢᠶᠡᠷᠡᠬᠦ᠎ᠵᠢᠨ ᠬᠠᠮᠲᠤ ᠵᠥᠪᠯᠡᠯᠭᠡᠨ᠎ᠦ ᠬᠤᠷᠠᠯ᠎ᠠᠴᠠ ᠡᠷᠬᠡ ᠣᠯᠭᠣᠬᠤ᠎ᠶᠢ ᠭᠤᠶᠤᠴᠢᠯᠠᠵᠠᠢ ᠭᠡᠪᠡ᠃

✦ ᠤᠢᠷ᠎ᠠ᠎ᠳᠦ ᠰᠠᠦ᠋ᠳᠢ ᠠᠷᠠᠪ᠎ᠤᠨ 2027 ᠣᠨ᠎ᠤ ᠠᠽᠢᠶ᠎ᠠ ᠲᠢᠪ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠵᠣᠬᠢᠶᠠᠨ ᠪᠠᠶ᠋ᠢᠭᠤᠯᠬᠤ ᠺᠣᠮᠢᠰ ᠢᠯᠡᠷᠬᠡᠢᠯᠡᠬᠦ᠎ᠳᠡᠭᠡᠨ᠂ 2027 ᠣᠨ᠎ᠤ ᠡᠬᠢ᠎ᠪᠡᠷ ᠰᠠᠦ᠋ᠳᠢ ᠠᠷᠠᠪ᠎ᠲᠤ ᠶᠠᠪᠤᠭᠳᠠᠬᠤ ᠠᠽᠢᠶ᠎ᠠ ᠲᠢᠪ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠡᠯ᠎ᠡ ᠵᠦᠢᠯ᠎ᠦᠨ ᠵᠣᠬᠢᠶᠠᠨ ᠪᠠᠢᠭᠤᠯᠤᠯᠲᠠ᠎ᠶᠢᠨ ᠪᠡᠯᠡᠳᠬᠡᠯ ᠠᠵᠢᠯ᠎ᠢ ᠶᠠᠭ ᠲᠣᠭᠲᠠᠭᠰᠠᠨ ᠶᠣᠰᠣᠭᠠᠷ ᠠᠬᠢᠭᠤᠯᠵᠤ ᠪᠠᠢᠨ᠎ᠠ ᠭᠡᠵᠡᠢ᠃

ᠦᠢᠯᠡᠴᠢᠯᠡᠭᠡ

✦ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠳᠥᠷᠪᠡᠳᠦᠭᠡᠷ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃ 

ᠲᠠᠨ᠎ᠤ ᠲᠤᠰᠠ᠎ᠳᠤ

✦ ᠵᠢᠮ᠎ᠡ ᠶᠣᠰᠣ᠌᠎ᠲᠠᠢ ᠠᠵᠢᠯᠯᠠᠵᠤ ᠠᠮᠠᠷᠠᠬᠤ ᠨᠢ ᠭᠡᠳᠡᠰᠦᠨ᠎ᠤ ᠠᠵᠢᠯᠯᠠᠭ᠎ᠠ᠎ᠳᠦ ᠲᠤᠰᠠᠲᠠᠢ ᠪᠠᠢᠵᠤ᠂ ᠡᠪᠡᠳᠴᠢᠨ᠎ᠢ ᠡᠰᠡᠷᠭᠦᠴᠡᠬᠦ ᠴᠢᠳᠠᠪᠤᠷᠢ᠎ᠶᠢ ᠳᠡᠭᠡᠭᠰᠢᠯᠡᠭᠦᠯᠳᠡᠭ᠃ ᠵᠢᠮ᠎ᠡ ᠶᠤᠰᠤ᠎ᠲᠠᠢ ᠬᠥᠳᠡᠯᠭᠡᠭᠡᠨ ᠬᠢᠬᠦ ᠨᠢ᠎ᠴᠤ ᠭᠡᠳᠡᠰᠦᠨ᠎ᠦ ᠭᠦᠷᠪᠡᠯᠵᠡᠨ ᠬᠥᠳᠡᠯᠬᠦ᠎ᠶᠢ ᠲᠦᠷᠭᠡᠳᠬᠡᠵᠦ᠂ ᠪᠡᠶ᠎ᠡ᠎ᠳᠡᠬᠢ ᠬᠣᠣᠷᠲᠤ ᠡᠳ᠋᠎ᠢ ᠭᠠᠳᠠᠭᠰᠢᠯᠠᠭᠤᠯᠬᠤ᠎ᠪᠠᠷ ᠪᠠᠷᠠᠬᠤ ᠦᠭᠡᠢ᠂ ᠪᠠᠰᠠ ᠤᠷᠮ᠎ᠠ ᠰᠡᠳᠬᠢᠯᠭᠡ᠎ᠶᠢ ᠰᠠᠢᠵᠢᠷᠠᠭᠤᠯᠬᠤ᠎ᠳᠦ ᠰᠠᠢᠨ ᠪᠠᠢᠳᠠᠭ᠃ 

ᠵᠠᠯᠭᠠᠭᠠᠳ 《ᠮᠤᠷᠢᠲᠠᠢ ᠢᠷᠡᠭᠡᠳᠦᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠭᠢᠯᠪᠡᠬᠡᠨ

  • ᠨᠡᠪᠲᠡᠷᠡᠭᠦᠯᠦᠭᠴᠢ᠄

    ᠭᠢᠯᠪᠡᠬᠡᠨ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面