ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-20 11:11:05

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3




ᠨᠡᠢᠭᠡᠮ

✦ ᠮᠠᠨ᠎ᠤ ᠤᠯᠤᠰ ᠨᠢᠭᠡᠨᠲᠡ 1775 ᠵᠦᠢᠯ᠎ᠦᠨ ᠢᠳᠡᠭᠡᠨ᠎ᠦ ᠠᠮᠤᠷ ᠲᠦᠪᠰᠢᠨ᠎ᠦ ᠤᠯᠤᠰ᠎ᠤᠨ ᠪᠠᠷᠢᠮᠵᠢᠶ᠎ᠠ᠎ᠶᠢ ᠨᠡᠢᠲᠡᠯᠡᠪᠡ᠃

✦ ᠲᠦᠷᠦᠭᠦᠦ ᠭᠤᠷᠪᠠᠨ ᠤᠯᠠᠷᠢᠯ᠎ᠳᠤ ᠠᠷᠠᠳ᠎ᠤᠨ ᠰᠢᠭᠦᠬᠦ ᠬᠣᠷᠢᠶ᠎ᠠ ᠡᠯ᠎ᠡ ᠲᠥᠷᠥᠯ᠎ᠦᠨ ᠬᠡᠷᠡᠭ᠎ᠢ 3271.25 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠪᠡ᠃

✦ 10 ᠰᠠᠷ᠎ᠠ᠎ᠶᠢᠨ 17᠎ᠤ ᠡᠳᠦᠷ ᠨᠡᠢᠲᠡᠯᠡᠭᠰᠡᠨ 《ᠳᠤᠮᠳᠠᠳᠤ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠠᠭᠠᠨ ᠭᠠᠳᠠᠷᠲᠤ ᠪᠢᠴᠢᠭ》᠎ᠢ ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠡᠴᠡ ᠲᠡᠭᠦᠰᠦᠭᠰᠡᠨ ᠰᠤᠷᠤᠭ᠍ᠴᠢ 582.04 ᠲᠦᠮᠡ ᠬᠦᠷᠴᠦ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠡᠴᠡ ᠲᠡᠭᠦᠰᠦᠭᠰᠡᠨ ᠰᠤᠷᠤᠭ᠍ᠴᠢ 521.82 ᠲᠦᠮᠡ᠎ᠳᠦ ᠬᠦᠷᠦᠭᠰᠡᠨ ᠪᠠᠢᠨ᠎ᠠ᠃

✦ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠤᠯᠤᠰ᠎ᠤᠨ ᠲᠡᠮᠦᠷ ᠵᠠᠮ᠎ᠤᠨ ᠬᠢᠨ ᠠᠶᠠᠨᠴᠢᠳ᠎ᠢ ᠨᠡᠶ᠋ᠢᠲᠡ 37.1 ᠳ᠋ᠦᠩᠰᠢᠭᠤᠷ ᠬᠥᠮᠥᠨ ᠤᠳᠠᠭ᠎ᠠ ᠬᠦᠷᠭᠡᠵᠦ᠂ ᠠᠳᠠᠯᠢ ᠬᠤᠭᠤᠴᠠᠭᠠᠨ᠎ᠤ ᠬᠢ᠎ᠡᠴᠡ 4.8%᠎ᠪᠠᠷ ᠨᠡᠮᠡᠭᠳᠡᠵᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ ᠎ᠢ ᠡᠭᠦᠳᠴᠡᠢ᠃

✦ ᠤᠢᠷ᠎ᠠ᠎ᠳᠤ ᠤᠯᠤᠰ᠎ᠤᠨ ᠺᠢᠨᠣ᠋ ᠵᠢᠨ ᠳᠤᠪᠴᠢᠶ᠎ᠠ᠂ ᠪᠡᠶ᠎ᠡ ᠵᠢᠨ ᠳᠠᠮᠢᠷ᠎ᠤᠨ ᠶᠡᠷᠤᠩᠬᠡᠢ ᠳᠤᠪᠴᠢᠶ᠎ᠠ ᠬᠠᠮᠳᠤᠷᠠᠨ 《〈ᠺᠢᠨᠣ᠋ ᠦᠵᠡᠬᠦ᠎ᠶᠢᠨ ᠬᠠᠮᠲᠤ ᠪᠡᠶ᠎ᠡ᠎ᠪᠠᠨ ᠴᠢᠭᠢᠷᠠᠭᠵᠢᠭᠤᠯᠬᠤ〉 ᠠᠵᠢᠯᠯᠠᠭ᠎ᠠ ᠥᠷᠨᠢᠭᠦᠯᠵᠦ᠂ ᠺᠢᠨᠣ᠋ ᠪᠣᠯᠣᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠣᠣᠰ ᠴᠢᠭᠯᠡᠯ᠎ᠢᠶᠡᠷ ᠬᠥᠭᠵᠢᠭᠦᠯᠬᠦ᠎ᠶᠢ ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠪᠠ᠃

✦ ᠤᠢᠷ᠎ᠠ᠎ᠳᠤ ᠬᠤᠸᠠ ᠸᠸᠢ ᠵᠢᠨ ᠬᠤᠷᠢᠨᠭᠡᠷ᠎ᠲᠡᠬᠢ᠎ᠳ᠋ᠠᠢᠲ᠋ᠠ ᠵᠢᠨ ᠲᠦᠪ᠎ᠤᠨ ᠨᠢᠭᠡᠳᠦᠭᠡᠷ ᠬᠤᠭᠤᠴᠠᠭᠠᠨ᠎ᠤ ᠡᠮᠦᠨ᠎ᠡ ᠲᠤᠭᠤᠷᠢᠭ᠎ᠤᠨ 3᠎ᠳᠤᠭᠠᠷ ᠨᠤᠮᠸᠷᠲᠤ ᠪᠠᠷᠢᠯᠭ᠎ᠠ ᠠᠵᠢᠯ ᠳᠠᠭᠤᠰᠪᠠ᠃ ᠡᠨᠡ ᠪᠤᠯ ᠬᠤᠸᠠ ᠸᠸᠢ ᠵᠢᠨ ᠤᠮᠠᠷᠠᠳᠤ ᠤᠷᠤᠨ᠎ᠳᠤ ᠪᠠᠢᠷᠢᠰᠢᠭᠤᠯᠤᠬᠰᠠᠨ ᠠᠩᠬᠠᠳᠠᠬᠴᠢ 3D᠎ᠳ᠋ᠠᠢᠲ᠋ᠠ ᠵᠢᠨ ᠲᠦᠪ ᠪᠤᠯᠤᠨ᠎ᠠ᠃

✦ ᠤᠢᠷ᠎ᠠ᠎ᠳᠤ ᠰᠥᠨᠢᠳ ᠬᠣᠨᠢᠨ᠎ᠦ ᠲᠦᠷᠭᠡᠨ ᠦᠷᠡᠵᠢᠯᠲᠡ᠎ᠶᠢᠨ ᠰᠢᠨ᠎ᠡ ᠡᠭᠦᠯᠳᠡᠷ᠎ᠦᠨ ᠰᠢᠰᠲᠧᠮ᠎ᠦᠨ ᠪᠣᠢᠵᠢᠭᠤᠯᠤᠯᠲᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠢᠨᠠᠨ ᠲᠣᠭᠲᠠᠭᠠᠵᠤ ᠦᠨᠡᠯᠡᠬᠦ ᠬᠤᠷᠠᠯ ᠠᠮᠵᠢᠯᠲᠠ᠎ᠲᠠᠢ ᠥᠨᠳᠥᠷᠯᠡᠪᠡ᠃ ᠤᠯᠤᠰ᠎ᠤᠨ ᠳᠣᠲᠣᠭᠠᠳᠤ᠎ᠶᠢᠨ ᠡᠷᠬᠡ ᠰᠦᠷᠲᠦ 9 ᠲᠤᠰᠬᠠᠢ ᠮᠡᠷᠭᠡᠵᠢᠯᠲᠡᠨ᠎ᠢᠶᠡᠷ ᠪᠦᠷᠢᠯᠳᠦᠭᠰᠡᠨ ᠬᠢᠨᠠᠨ ᠲᠣᠭᠲᠠᠭᠠᠬᠤ ᠳᠤᠭᠤᠢᠯᠠᠩ ᠲᠤᠬᠠᠢ᠎ᠶᠢᠨ ᠭᠠᠵᠠᠷ ᠲᠤᠨᠢ ᠬᠢᠨᠠᠨ ᠲᠣᠭᠲᠠᠭᠠᠯᠲᠠ᠎ᠶᠢ ᠪᠠᠲᠤᠯᠠᠭᠰᠠᠨ ᠪᠠᠢᠨ᠎ᠠ᠃

✦ ᠤᠢᠷ᠎ᠠ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠠᠯᠪᠠᠨ ᠲᠢᠩᠬᠢᠮ ᠡᠴᠡ 2025 ᠣᠨ᠎ᠤ 《ᠮᠠᠨ᠎ᠤ ᠭᠡᠷ᠎ᠦᠨ ᠡᠭᠦᠳᠡᠨ᠎ᠳᠠᠬᠢ ᠲᠡᠷᠡ ᠵᠠᠮ》 ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠶᠢᠨ ᠦᠷ᠎ᠡ ᠪᠦᠲᠦᠮᠵᠢ᠎ᠪᠠᠷ ᠲᠣᠪᠣᠢᠮ᠎ᠠ ᠵᠠᠮ ᠱᠤᠭᠤᠮ ᠪᠠ ᠪᠠᠢᠭᠤᠯᠭ᠎ᠠ ᠨᠢᠭᠡᠴᠢ᠎ᠶᠢ ᠬᠥᠬᠢᠭᠦᠯᠦᠨ ᠰᠠᠢᠰᠢᠶᠠᠪᠠ᠃ ᠡᠭᠦᠨ᠎ᠳᠦ ᠰᠢᠯᠢ ᠵᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》 ᠨᠢ ᠦᠷ᠎ᠡ ᠪᠦᠲᠦᠮᠵᠢ ᠪᠡᠷ ᠲᠣᠪᠣᠢᠮ᠎ᠠ ᠵᠠᠮ ᠱᠤᠭᠤᠮ᠎ᠢᠶᠠᠷ ᠦᠨᠡᠯᠡᠭᠳᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠨᠢ ᠵᠣᠬᠢᠶᠠᠨ ᠪᠠᠢᠭᠤᠯᠤᠯᠲᠠ᠎ᠶᠢᠨ ᠦᠷ᠎ᠡ ᠪᠦᠲᠦᠮᠵᠢ᠎ᠪᠡᠷ ᠲᠣᠪᠣᠢᠮ᠎ᠠ ᠪᠠᠢᠭᠤᠯᠭ᠎ᠠ ᠨᠢᠭᠡᠴᠢ ᠎ᠪᠡᠷ ᠦᠨᠡᠯᠡᠭᠳᠡᠭᠰᠡᠨ ᠪᠠᠢᠨ᠎ᠠ᠃

✦ ᠤᠢᠷ᠎ᠠ᠎ᠳᠤ ᠣᠷᠳᠣᠰ ᠬᠣᠲᠠ᠎ᠶᠢᠨ ᠱᠤᠸᠠᠩ ᠰᠢᠨ ᠬᠢᠮᠢ᠎ᠶᠢᠨ ᠠᠵᠤ ᠦᠢᠯᠡᠳᠪᠦᠷᠢ᠎ᠶᠢᠨ ᠰᠡᠭᠦᠯ᠎ᠦᠨ ᠬᠡᠢ᠎ᠶᠢ ᠶᠡᠷᠦᠩᠬᠡᠢᠯᠡᠨ ᠠᠰᠢᠭ᠍ᠯᠠᠬᠤ ᠵᠢᠯ᠎ᠳᠦ 20 ᠲᠦᠮᠡᠨ ᠲᠣᠨ ᠨᠡᠭᠦᠷᠡᠰᠦ ᠬᠦᠴᠢᠯ᠎ᠦᠨ ᠬᠣᠶᠠᠷ ᠮᠧᠲ᠋ᠢᠯᠲᠦ ᠡᠰᠲᠧᠷ ᠎ᠢ ᠢᠵᠢ ᠪᠦᠷᠢᠯᠳᠦᠭᠦᠯᠦᠭᠰᠡᠨ ᠵᠢᠯ᠎ᠳᠦ 6 ᠲᠦᠮᠡᠨ ᠲᠣᠨ ᠨᠡᠭᠦᠷᠡᠰᠦ ᠬᠦᠴᠢᠯ᠎ᠦᠨ ᠮᠧᠲ᠋ᠢᠯ ᠡᠰᠲᠧᠷ ᠂ ᠨᠡᠭᠦᠷᠡᠰᠦ ᠬᠦᠴᠢᠯ᠎ᠦᠨ ᠬᠣᠶᠠᠷ ᠡᠲ᠋ᠢᠯᠳᠦ ᠡᠰᠲᠧᠷ ᠦᠢᠯᠡᠳᠪᠦᠷᠢᠯᠡᠬᠦ ᠲᠥᠷᠥᠯ ᠵᠦᠢᠯ ᠠᠰᠢᠭ᠍ᠯᠠᠯᠲᠠ᠎ᠳᠤ ᠣᠷᠣᠵᠠᠢ᠃ ᠲᠤᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠬᠠᠳᠠᠭᠠᠯᠠᠬᠤ ᠵᠢᠴᠢ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ᠎ᠶᠢᠨ ᠴᠠᠬᠢᠯᠭᠠᠨ ᠵᠠᠳᠠᠯᠤᠯ᠎ᠤᠨ ᠰᠢᠩᠭᠡᠨ᠎ᠦ ᠠᠭᠤᠰᠬᠠᠭ᠍ᠴᠢ᠎ᠶᠢᠨ ᠬᠦᠷᠢᠶᠡᠨ᠎ᠦ ᠬᠣᠭᠣᠰᠤᠨ᠎ᠢ ᠨᠥᠬᠥᠪᠦᠷᠢᠯᠡᠪᠡ᠃

ᠠᠵᠤ ᠠᠬᠤᠢ

✦ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ᠂ ᠭᠠᠭᠴᠠᠮᠣᠳᠤ ᠬᠢᠯᠢ᠎ᠶᠢᠨ ᠪᠣᠭᠣᠮᠲᠠ᠎ᠶᠢᠨ ᠪᠠᠷᠠᠭ᠎ᠠ ᠵᠥᠭᠡᠭᠡᠪᠦᠷᠢᠯᠡᠭᠰᠡᠨ ᠬᠡᠮᠵᠢᠶ᠎ᠡ 3815.6 ᠲᠦᠮᠡᠨ ᠲᠣᠨ᠎ᠳᠤ ᠬᠦᠷᠴᠦ᠂ ᠠᠷᠠᠯᠵᠢᠶᠠᠨ᠎ᠦ ᠥᠷᠲᠡᠭ 645 ᠳ᠋ᠦᠩᠰᠢᠭᠤᠷ ᠲᠥᠭᠥᠷᠢᠭ᠎ᠲᠦ ᠬᠦᠷᠴᠦ᠂ ᠴᠥᠮ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠴᠡᠢ᠃

 ᠰᠣᠶᠣᠯ

✦ 10 ᠰᠠᠷ᠎ᠠ᠎ᠶᠢᠨ 17᠎ᠦ ᠡᠳᠦᠷ᠂ ᠰᠢᠷ᠎ᠠ ᠮᠥᠷᠡᠨ ᠎ᠦ ᠰᠠᠪᠠ ᠭᠠᠵᠠᠷ᠎ᠦᠨ ᠠᠮᠠᠨ ᠤᠯᠠᠮᠵᠢᠯᠠᠯ᠎ᠤᠨ ᠰᠣᠶᠣᠯ᠎ᠤᠨ ᠠᠭᠤᠰᠤᠯᠴᠠᠭᠠᠨ᠎ᠤ ᠰᠤᠳᠤᠯᠭᠠᠨ ᠬᠢᠭᠡᠳ 2026 ᠣᠨ ᠎ᠤ ᠣᠪᠣᠭ ᠂ ᠭᠡᠷ᠎ᠦᠨ ᠴᠠᠳᠢᠭ᠋᠎ᠤᠨ ᠰᠤᠳᠤᠯᠭᠠᠨ᠎ᠤ ᠬᠤᠷᠠᠯ ᠤᠯᠠᠭᠠᠨᠬᠠᠳᠠ ᠬᠤᠲᠠ᠎ᠳᠤ ᠶᠠᠪᠤᠭᠳᠠᠪᠠ᠃

✦ ᠤᠢᠷ᠎ᠠ᠎ᠳᠤ ᠲᠦᠩᠯᠢᠶᠣᠣ ᠬᠤᠲᠠ᠎ᠶᠢᠨ ᠶᠢᠰᠦᠳᠦᠭᠡᠷ ᠬᠤᠭᠤᠴᠠᠭᠠᠨ᠎ᠤ ᠤᠳᠠᠨᠲᠠᠯ᠎ᠠ᠎ᠶᠢᠨ《ᠪᠠᠲᠤᠴᠠᠭᠠᠨ》 ᠎ᠢ ᠰᠣᠨᠢᠷᠬᠠᠬᠤ ᠰᠢᠷᠢᠰ ᠠᠵᠢᠯᠯᠠᠭ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠤᠳᠠᠨᠲᠠᠯ᠎ᠠ᠎ᠶᠢᠨ ᠪᠠᠲᠤᠴᠠᠭᠠᠨ᠎ᠤ ᠣᠢ ᠰᠢᠭᠤᠢ᠎ᠶᠢᠨ ᠴᠡᠴᠡᠷᠯᠢᠭ᠎ᠲᠦ ᠶᠠᠪᠤᠭᠳᠠᠵᠤ᠂ ᠲᠥᠷᠪᠡᠨ ᠵᠦᠭ ᠨᠠᠢ᠍ᠮᠠᠠ ᠵᠣᠪᠬᠢᠰ᠎ᠤᠨ ᠵᠢᠭᠤᠯᠴᠢᠯᠠᠭᠰᠠᠳ᠎ᠲᠤ ᠪᠠᠲᠤᠴᠠᠭᠠᠨ᠎ᠤ ᠭᠤᠶᠤ ᠦᠵᠡᠮᠵᠢ ᠵᠢ ᠰᠣᠨᠢᠷᠬᠠᠭᠤᠯᠪᠠ᠃

✦ ᠤᠢᠷ᠎ᠠ᠎ᠳᠤ ᠤᠷᠠᠳ᠎ᠤᠨ ᠬᠣᠢᠲᠤ ᠬᠣᠰᠢᠭᠤᠨ᠎ᠤ ᠴᠤᠠᠠᠠᠦ᠋ᠨᠳᠤᠷ ᠪᠠᠯᠭᠠᠰᠤᠨ᠎ᠤ ᠰᠢᠨᠠᠠᠣᠰᠤ ᠭᠠᠴᠠᠭᠠᠨ᠎ᠤ ᠮᠠᠯᠴᠢᠨ᠂ ᠨᠤᠮᠤ᠎ᠶᠢᠨ ᠳᠠᠷᠬᠠᠨ ᠬᠠᠪᠤᠷ᠎ᠠ᠂ ᠭᠡᠷᠭᠡᠢ ᠨᠠᠷᠠᠨᠮᠠᠨᠳᠤᠯ᠎ᠠ ᠬᠣᠶᠠᠷ᠎ᠠᠴᠠ 《ᠤᠷᠠᠨ ᠤᠷᠠᠳ》 ᠤᠯᠠᠮᠵᠢᠯᠠᠯᠲᠤ ᠨᠤᠮᠤ ᠰᠤᠮᠤ᠎ᠶᠢᠨ ᠦᠢᠯᠡᠳᠪᠦᠷᠢ ᠪᠠᠢᠭᠤᠯᠤᠭᠳᠠᠭᠰᠠᠨ 10 ᠵᠢᠯ᠎ᠦᠨ ᠣᠢ᠎ᠶᠢᠨ ᠡᠪᠡᠷ ᠨᠤᠮᠤ᠎ᠶᠢᠨ ᠮᠢᠯᠢᠶᠠᠯᠭ᠎ᠠ᠎ᠶᠢᠨ ᠪᠠᠶᠠᠷ ᠨᠠᠭᠠᠳᠤᠮ ᠵᠢᠴᠢ ᠡᠩᠬᠦᠷᠡᠢ ᠥᠬᠢᠨ ᠪᠠᠶᠠᠷᠰᠠᠢᠬᠠᠨ᠎ᠤ ᠥᠷᠪᠥᠭᠡ ᠬᠥᠨᠳᠡᠬᠦ ᠨᠠᠢᠷ᠎ᠤᠨ ᠨᠤᠮᠤ ᠰᠤᠮᠤ᠎ᠶᠢᠨ ᠣᠷᠤᠯᠳᠤᠭᠠᠨ᠎ᠢᠶᠠᠨ ᠴᠤᠠᠠᠠᠦ᠋ᠨᠳᠤᠷ ᠪᠠᠯᠭᠠᠰᠤᠨ᠎ᠳᠤ ᠶᠠᠪᠤᠭᠳᠠᠭᠤᠯᠵᠤ᠂ ᠬᠣᠯᠠ ᠣᠢᠷ᠎ᠠ᠎ᠡᠴᠡ ᠬᠦᠷᠦᠯᠴᠡᠨ ᠢᠷᠡᠭᠰᠡᠨ ᠰᠠᠳᠤᠨ ᠳᠥᠷᠥᠯ᠂ ᠠᠨᠳᠠ ᠨᠠᠢᠵᠠ ᠵᠢᠴᠢ 100 ᠭᠠᠷᠤᠢ ᠨᠤᠮᠤ᠎ᠶᠢᠨ ᠪᠠᠬᠠᠲᠠᠨ᠎ᠢᠶᠠᠨ ᠪᠠᠶᠠᠷᠯᠠᠭᠤᠯᠤᠯ᠎ᠠ᠃

ᠲᠠᠮᠢᠷ

✦ 18 ᠎ᠤ ᠣᠷᠣᠢ᠂ ᠲᠠᠪᠤᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠶᠠᠫᠤᠨ᠎ᠤ ᠨᠠᠭᠤᠶᠠ᠎ᠳᠤ ᠡᠬᠢᠯᠡᠪᠡ᠃ ᠲᠣᠰ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ ᠨᠡᠶ᠋ᠢᠲᠡ 312 ᠲᠠᠮᠢᠷᠴᠢᠨ ᠲᠣᠮᠢᠯᠠᠵᠤ᠂ 17 ᠶᠡᠬᠡ ᠲᠥᠷᠥᠯ᠂ 335 ᠪᠠᠭ᠎ᠠ ᠲᠥᠷᠥᠯ᠎ᠦᠨ ᠤᠷᠤᠯᠳᠤᠭᠠᠨ᠎ᠳᠤ ᠣᠷᠣᠯᠴᠠᠬᠤ ᠪᠣᠯᠣᠨ᠎ᠠ᠃

✦ 2026 ᠪᠡᠭᠡᠵᠢᠩ᠎ᠦᠨ ᠮᠠᠷᠠᠽᠤᠨ ᠤᠷᠤᠯᠳᠤᠭᠠᠨ ᠳᠡᠭᠡᠷ᠎ᠡ᠂ ᠡᠸᠽᠢᠤᠫᠢᠶ᠎ᠠ ᠵᠢᠨ ᠲᠠᠮᠢᠷᠴᠢᠨ ᠡᠷᠡᠭᠲᠡᠢ᠎ᠶᠢᠨ ᠳᠤᠭᠤᠢᠯᠠᠩ᠎ᠤᠨ ᠲᠦᠷᠦᠭᠦᠦ ᠭᠤᠷᠪᠠᠨ ᠨᠡᠷᠡᠰ᠎ᠲᠦ ᠣᠷᠣᠭᠰᠠᠨ ᠪᠥᠭᠡᠳ ᠪᠦᠷ ᠤᠷᠤᠯᠳᠤᠭᠠᠨ᠎ᠤ ᠲᠡᠮᠳᠡᠭᠯᠡᠯ᠎ᠢ ᠡᠭᠦᠳᠴᠡᠢ᠃

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠣᠯᠠᠨ ᠭᠠᠵᠠᠷ᠎ᠵᠢᠯᠣᠭᠣᠴᠢ ᠦᠭᠡᠢ ᠨᠢᠰᠬᠡᠯ᠎ᠦᠨ ᠳᠠᠭᠠᠷᠢᠯᠲᠠ᠎ᠳᠤ ᠤᠴᠠᠷᠠᠵᠤ᠂ ᠣᠷᠣᠰ᠎ᠤᠨ ᠠᠭᠠᠷ᠎ᠤᠨ ᠰᠡᠷᠭᠡᠢᠯᠡᠯᠲᠡ᠎ᠶᠢᠨ ᠴᠡᠷᠢᠭ ᠠᠩᠭᠢ ᠦᠺᠷᠠᠢᠨ᠎ᠤ ᠵᠢᠯᠣᠭᠣᠴᠢ ᠦᠭᠡᠢ ᠨᠢᠰᠬᠡᠯ᠎ᠢ 1015 ᠬᠠᠷᠪᠤᠵᠤ ᠤᠨᠠᠭᠠᠵᠠᠢ᠃

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 17 ᠎ᠤ ᠡᠳᠦᠷ ᠹᠷᠠᠨᠼᠢ᠎ᠶᠢᠨ ᠣᠯᠠᠨ ᠭᠠᠵᠠᠷ᠎ᠲᠤ ᠰᠦᠷᠲᠦ ᠵᠢᠭ᠍ᠰᠠᠭᠠᠯ ᠶᠠᠪᠤᠭᠤᠯᠬᠤ ᠪᠠ ᠡᠰᠡᠷᠭᠦᠴᠡᠯ ᠲᠠᠯᠪᠢᠬᠤ ᠠᠵᠢᠯᠯᠠᠭ᠎ᠠ ᠶᠠᠪᠤᠬᠳᠠᠵᠦ᠂ ᠬᠦᠮᠦᠰ ᠰᠢᠲᠠᠭᠠᠯᠭ᠎ᠠ᠎ᠶᠢᠨ ᠲᠣᠰᠣᠨ᠎ᠤ ᠦᠨ᠎ᠡ᠂ ᠠᠮᠢᠳᠤᠷᠠᠯ᠎ᠤᠨ ᠥᠪᠡᠷ᠎ᠦᠨ ᠥᠷᠲᠡᠭ᠂ ᠰᠤᠷᠭᠠᠨ ᠬᠥᠮᠦᠵᠢᠯ ᠪᠠ ᠣᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠳᠠᠯ᠎ᠠ ᠪᠡᠷ ᠰᠠᠨᠠᠯ ᠲᠠᠢ ᠪᠠᠢᠭ᠎ᠠ ᠪᠡᠨ ᠢᠯᠡᠷᠬᠡᠢᠯᠡᠵᠡᠢ᠂ ᠬᠡᠰᠡᠭ ᠭᠠᠵᠠᠷ ᠣᠷᠣᠨ᠎ᠳᠤ ᠰᠢᠳᠠᠭᠠᠵᠦ ᠪᠠᠯᠪᠠᠴᠢᠬᠰᠠᠨ ᠬᠡᠷᠡᠭ ᠭᠠᠷᠴᠤ᠂ ᠬᠡᠳᠦᠨ ᠵᠠᠭᠤᠨ ᠬᠥᠮᠥᠨ ᠪᠠᠷᠢᠪᠴᠢᠯᠠᠭᠳᠠᠵᠠᠢ᠃

 ᠦᠢᠯᠡᠴᠢᠯᠡᠭᠡ

✦ ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ ᠬᠠᠷᠢᠶᠠᠳᠤ ᠡᠮᠨᠡᠯᠭᠡ ᠵᠢᠨ ᠬᠤᠷᠢᠶ᠎ᠠ ᠴᠢᠳᠠᠪᠤᠷᠢᠳᠠᠨ ᠤᠷᠢᠨ ᠡᠯᠰᠡᠵᠤ ᠪᠤᠢ᠃


 

 ᠵᠠᠯᠭᠠᠭᠠᠳ 《ᠬᠠᠢᠷ᠎ᠠ ᠵᠢᠨ ᠵᠦᠩ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面