2026-10-21 11:32:18



ᠨᠡᠢᠭᠡᠮ
✦ ᠣᠳᠣᠬᠠᠨ ᠪᠣᠯᠲᠠᠯ᠎ᠠ᠂ ᠤᠯᠤᠰ᠎ᠤᠨ ᠨᠡᠢᠭᠡᠮ᠎ᠤᠨ ᠪᠠᠲᠤᠯᠠᠭ᠎ᠠ᠎ᠶᠢᠨ ᠣᠯᠠᠨ ᠨᠡᠢᠲᠡ᠎ᠶᠢᠨ ᠦᠢᠯᠡᠴᠢᠯᠡᠭᠡᠨ᠎ᠦ ᠲᠠᠪᠴᠠᠩ ᠨᠢᠭᠡᠨᠲᠡ ᠪᠦᠬᠦ ᠤᠯᠤᠰ᠎ᠤᠨ ᠴᠢᠨᠠᠷᠲᠠᠢ ᠭᠠᠵᠠᠷ ᠣᠷᠣᠨ ᠠᠯᠤᠰᠯᠠᠭᠰᠠᠨ 104 ᠵᠦᠢᠯ᠎ᠦᠨ ᠦᠢᠯᠡᠴᠢᠯᠡᠭᠡ ᠵᠢ ᠨᠡᠪᠲᠡᠷᠡᠬᠦᠯᠵᠤ᠂ ᠤᠢᠯᠡᠴᠢᠯᠡᠭᠡ ᠨᠢ ᠨᠡᠢᠳᠡ 113᠎ᠳ᠋ᠦᠩᠰᠢᠭᠤᠷ 5300 ᠲᠦᠮᠡᠨ ᠬᠦᠮᠦᠨ ᠤᠳᠠᠭ᠎ᠠ᠎ᠳᠤ ᠬᠦᠷᠴᠠᠢ᠃
✦ ᠡᠨᠡ ᠵᠢᠯ ᠪᠦᠬᠦ ᠤᠯᠤᠰ᠎ᠤᠨ ᠵᠤᠨ᠎ᠤ ᠠᠮᠤ ᠪᠤᠳᠠᠭᠠᠨ᠎ᠤ ᠡᠷᠲᠡ᠎ᠶᠢᠨ ᠲᠤᠲᠤᠷᠭ᠎ᠠ᠎ᠶᠢᠨ ᠤᠨᠠᠯᠲᠠ ᠨᠡᠢ᠍ᠢᠳᠡ 17904 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠦᠨ ᠬᠢ᠎ᠡᠴᠡ 78 ᠲᠦᠮᠡᠨ ᠲᠣᠨ ᠨᠡᠮᠡᠭᠳᠡᠵᠦ᠂ 0.4% ᠪᠡᠷ ᠨᠡᠮᠡᠭᠳᠡᠪᠡ᠃
✦ ᠬᠥᠮᠥᠨ ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠵᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ᠰᠠᠨᠠᠭᠤᠯᠤᠮᠵᠢ ᠨᠡᠢᠲᠡᠯᠡᠵᠦ᠂ ᠥᠷᠭᠡᠨ ᠣᠯᠠᠨ ᠠᠵᠢᠯ ᠡᠷᠢᠭᠰᠡᠳ ᠢᠯᠠᠩᠭᠤᠶ᠎ᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠦᠭᠰᠢᠭᠦᠷᠢ᠎ᠶᠢ ᠰᠡᠷᠭᠡᠢᠯᠡᠬᠦ ᠤᠬᠠᠮᠰᠠᠷ ᠵᠢᠡᠨ ᠳᠡᠭᠡᠭᠰᠢᠯᠡᠭᠦᠯᠵᠦ᠂ ᠮᠡᠬᠡᠯᠡᠭᠳᠡᠬᠦ᠎ᠡᠴᠡ ᠪᠣᠯᠭᠣᠮᠵᠢᠯᠠᠭᠠᠷᠠᠢ ᠭᠡᠪᠡ᠃
✦ ᠤᠢᠷ᠎ᠠ᠎ᠳᠤ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ᠎ᠤᠨ ᠰᠠᠨᠰᠠᠷᠴᠢᠳ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡᠨ᠎ᠳᠤ ᠰᠢᠨ᠎ᠡ ᠨᠢᠭᠡ ᠪᠦᠯᠦᠭ ᠤᠰᠤᠨ ᠲᠤᠲᠤᠷᠭ᠎ᠠ ᠶᠢᠨ ᠲᠤᠷᠰᠢᠯᠲᠠ᠎ᠶᠢᠨ ᠥᠯᠢᠭᠡᠷ ᠵᠠᠭᠪᠤᠷ᠎ᠢ ᠴᠤᠭᠯᠠᠭᠤᠯᠬᠤ ᠠᠵᠢᠯ᠎ᠢ ᠪᠡᠶᠡᠯᠡᠭᠦᠯᠵᠦ᠂ ᠮᠠᠨ᠎ᠤ ᠤᠯᠤᠰ᠎ᠤᠨ ᠤᠰᠣᠨ ᠲᠤᠲᠤᠷᠭ᠎ᠠ ᠶᠢ ᠰᠠᠨᠰᠠᠷ᠎ᠲᠤ ᠪᠣᠢᠵᠢᠭᠤᠯᠬᠤ ᠠᠵᠢᠯ ᠠᠩᠬ᠎ᠠ ᠤᠳᠠᠭ᠎ᠠ ᠰᠢᠨ᠎ᠡ ᠰᠢᠪᠲᠤᠯᠤᠯᠲᠠ᠎ᠲᠠᠢ ᠪᠣᠯᠪᠠ᠃
✦ ᠲᠦᠷᠦᠭᠦᠬᠡᠨ ᠮᠠᠨ ᠦ ᠣᠷᠣᠨ ᠦ ᠬᠡᠪᠴᠢᠶᠡᠨ᠎ᠳᠦ ᠴᠠᠬᠢᠯᠭᠠᠨ ᠴᠡᠨᠡᠭᠯᠡᠬᠦ ᠲᠥᠬᠦᠭᠡᠷᠦᠮᠵᠢ ᠤᠭᠰᠠᠷᠠᠬᠤ᠎ᠳᠤ 《ᠰᠦᠯᠵᠢᠶ᠎ᠡ ᠠᠯᠤᠰᠯᠠᠨ ᠨᠡᠢᠳᠡᠮ ᠭᠦᠢᠴᠡᠳᠬᠡᠬᠦ》 ᠵᠢ ᠪᠡᠶᠡᠯᠡᠭᠦᠯᠪᠡ᠃ ᠡᠭᠦᠨ᠎ᠳᠤ ᠰᠠᠭᠤᠭᠠᠯᠢ ᠠᠷᠠᠳ ᠪᠣᠯᠣᠨ ᠠᠵᠤ ᠠᠬᠤᠢᠯᠠᠯ᠎ᠤᠳ ᠰᠦᠯᠵᠢᠶᠡᠨ ᠳᠡᠭᠡᠷᠡᠬᠢ APP ᠪᠤᠶᠤ ᠪᠦᠬᠦ ᠣᠷᠣᠨ᠎ᠦ ᠴᠠᠬᠢᠯᠭᠠᠨ ᠬᠠᠩᠭᠠᠬᠤ ᠡᠵᠡᠩᠨᠡᠯᠲᠡ ᠶᠢᠨ ᠴᠡᠭ ᠢᠶᠡᠷ ᠳᠠᠮᠵᠢᠭᠤᠯᠤᠨ ᠥᠨᠳᠥᠷ ᠬᠦᠴᠦᠳᠡᠯᠲᠦ ᠴᠠᠬᠢᠯᠭᠠᠨ᠎ᠢ ᠰᠢᠨ᠎ᠡ᠎ᠪᠠᠷ ᠤᠭᠰᠠᠷᠠᠬᠤ᠂ ᠬᠤᠪᠢ᠎ᠶᠢᠨ ᠬᠡᠷᠡᠭᠯᠡᠭᠡᠨ᠎ᠤ ᠴᠠᠬᠢᠯᠭᠠᠨ ᠴᠡᠨᠡᠭᠯᠡᠬᠦ ᠱᠣᠩ᠎ᠢ ᠰᠢᠨ᠎ᠡ᠎ᠪᠠᠷ ᠤᠭᠰᠠᠷᠠᠨ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠲᠤᠬᠠᠢᠯᠠᠭᠰᠠᠨ ᠠᠵᠢᠯ᠎ᠢ ᠭᠦᠢᠴᠡᠳᠬᠡᠵᠦ ᠪᠤᠯᠤᠨ᠎ᠠ᠃
✦ 18᠎ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ ᠤᠨ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠣᠨ᠎ᠤ ᠬᠤᠷᠠᠯ ᠬᠤᠪᠸᠢ ᠮᠤᠵᠢ᠎ᠳᠤ ᠶᠠᠪᠤᠭᠳᠠᠪᠠ᠃ ᠲᠤᠰ ᠬᠤᠭᠤᠴᠠᠭᠠᠨ᠎ᠤ ᠣᠨ᠎ᠤ ᠬᠤᠷᠠᠯ ᠳᠡᠭᠡᠷ᠎ᠡ᠂《2026 ᠣᠨ᠎ᠤ ᠲᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢᠯᠡᠰ᠎ᠦᠨ ᠨᠥᠯᠥᠭᠡᠯᠡᠬᠦ ᠬᠦᠴᠦᠨ᠎ᠦ ᠮᠡᠳᠡᠭᠦᠯᠦᠯᠲᠡ》 ᠵᠢ ᠨᠡᠢᠲᠡᠯᠡᠬᠦ᠎ᠶᠢᠨ ᠬᠠᠮᠲᠤ 2026 ᠣᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠤᠢᠯᠡᠰ᠎ᠤᠨ ᠨᠦᠯᠦᠭᠡᠯᠡᠬᠦ ᠬᠦᠴᠦᠨ᠎ᠤ ᠵᠢᠱ᠌ᠢᠶ᠎ᠡ ᠵᠢ ᠨᠡᠢᠲᠡᠯᠡᠪᠡ᠃ ᠡᠭᠦᠨ᠎ᠳᠦ ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ ᠤᠨ ᠨᠠᠭᠠᠳᠤᠮ ᠨᠢ ᠡᠵᠡᠩᠨᠡᠯᠲᠡ ᠪᠣᠷᠣᠯᠠᠭᠤᠯᠤᠯᠲᠠ᠎ᠶᠢᠨ ᠰᠢᠨ᠎ᠡ᠎ᠶᠢ ᠡᠭᠦᠳᠦᠭᠰᠡᠨ ᠲᠣᠪᠣᠢᠮ᠎ᠠ ᠦᠷ᠎ᠡ ᠪᠦᠲᠦᠮᠵᠢ ᠪᠣᠯᠣᠨ ᠠᠵᠤ ᠦᠢᠯᠡᠰ᠎ᠦᠨ ᠳᠠᠢᠴᠢᠯᠠᠬᠤ ᠥᠷᠲᠡᠭ ᠵᠢᠡᠷ᠎ᠢᠶᠠᠨ 2026 ᠣᠨ᠎ᠤ ᠵᠢᠭᠤᠯᠴᠢᠯᠠᠯ᠎ᠤᠨ ᠡᠵᠡᠩᠨᠡᠯᠲᠡ ᠪᠣᠷᠣᠯᠠᠭᠤᠯᠤᠯᠲᠠ ᠵᠢᠨ ᠳᠡᠯᠭᠡᠷᠡᠭᠦᠯᠦᠯᠲᠡ᠎ᠶᠢᠨ ᠵᠢᠱ᠌ᠢᠶ᠎ᠡ᠎ᠪᠠᠷ ᠰᠣᠩᠭᠣᠭᠳᠠᠵᠠᠢ᠃
✦ ᠠᠩᠬᠠᠳᠤᠭᠠᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠦᠨ ᠮᠡᠷᠭᠡᠵᠢᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠶᠠᠷᠢᠶᠠᠨ᠎ᠦ ᠲᠠᠪᠴᠠᠩ᠎ᠢ ᠤᠷᠴᠢᠮᠬᠠᠨ ᠬᠥᠬᠡᠬᠣᠲᠠ᠎ᠳᠦ ᠬᠤᠷᠠᠯᠳᠤᠭᠤᠯᠪᠠ᠃ ᠬᠤᠷᠠᠯ᠎ᠳᠤ ᠣᠷᠣᠨ᠎ᠤ ᠳᠤᠳᠤᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠵᠢᠴᠢ ᠬᠣᠯᠪᠣᠭᠳᠠᠯ ᠪᠦᠬᠦᠢ ᠠᠵᠤ ᠠᠬᠤᠢᠯᠠᠯ᠎ᠤᠨ ᠠᠺᠠᠳᠧᠮᠢᠴᠢ ᠲᠤᠰᠬᠠᠢ ᠮᠡᠷᠭᠡᠵᠢᠯᠲᠡᠨ ᠴᠤᠭᠯᠠᠷᠠᠵᠤ᠂ ᠠᠮᠢᠳᠤ ᠪᠣᠳᠠᠰ ᠦᠢᠯᠡᠳᠬᠦ ᠬᠥᠭᠵᠢᠯᠲᠡ᠎ᠶᠢᠨ ᠬᠠᠨᠳᠤᠰᠢ ᠪᠣᠯᠣᠨ ᠦᠢᠯᠡᠳᠪᠦᠷᠢᠯᠡᠯ ᠵᠢᠭᠠᠨ ᠰᠤᠷᠭᠠᠯᠲᠠ᠎ᠶᠢ ᠠᠭᠤᠰᠤᠯᠴᠠᠭᠤᠯᠬᠤ ᠠᠷᠭ᠎ᠠ ᠵᠠᠮ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ ᠂ ᠮᠠᠨ᠎ᠤ ᠣᠷᠣᠨ᠎ᠤ ᠠᠮᠢᠳᠤ ᠪᠣᠳᠠᠰ᠎ᠦᠨ ᠮᠡᠷᠭᠡᠵᠢᠯ᠎ᠦᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ ᠵᠢ ᠬᠠᠮᠲᠤ ᠪᠡᠷ ᠰᠦᠪᠡᠭᠴᠢᠯᠡᠪᠡ᠃
✦ ᠨᠡᠢᠭᠡᠮ᠎ᠦᠨ ᠬᠢᠨᠠᠯᠲᠠ ᠵᠢ ᠤᠯᠠᠮ ᠨᠢᠭᠡ ᠠᠯᠬᠤᠮ ᠬᠦᠯᠢᠶᠡᠬᠦ ᠶᠢᠨ ᠲᠥᠯᠥᠭᠡ᠂ 22 ᠳ᠋ᠤᠭᠠᠷ ᠬᠤᠭᠤᠴᠠᠭᠠᠨ᠎ᠤ ᠪᠥᠬᠥ ᠤᠯᠤᠰ᠎ᠤᠨ 《ᠵᠠᠯᠠᠭᠤᠴᠤᠳ᠎ᠤᠨ ᠪᠣᠯᠪᠠᠰᠤᠨ》 ᠨᠡᠷᠡᠮᠵᠢᠲᠤ ᠬᠠᠮᠲᠤ ᠨᠡᠢᠲᠡ᠎ᠶᠢᠨ ᠨᠡᠷᠡᠰ᠎ᠢ 2026 ᠣᠨ᠎ᠤ 10 ᠰᠠᠷ᠎ᠠ᠎ᠶᠢᠨ 19 — 23᠎ᠤ ᠡᠳᠦᠷ ᠪᠣᠯᠲᠠᠯ᠎ᠠ ᠵᠠᠷᠯᠠᠨ ᠨᠡᠢᠲᠡᠯᠡᠬᠦ ᠪᠣᠯᠣᠨ᠎ᠠ᠃ ᠡᠭᠦᠨ᠎ᠳᠤ ᠮᠠᠨ᠎ᠤ ᠣᠷᠣᠨ ᠤ 53 ᠪᠠᠢᠭᠤᠯᠭ᠎ᠠ ᠨᠢᠭᠡᠴᠢ ᠰᠣᠩᠭᠣᠭᠳᠠᠪᠠ ᠃
✦ ᠨᠠᠢ᠍ᠮᠠᠨ ᠬᠣᠰᠢᠭᠤ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ 《ᠤᠯᠤᠰ᠎ᠤᠨ ᠥᠮᠴᠢᠯᠡᠯᠲᠦ ᠠᠵᠤ ᠠᠬᠤᠢᠯᠠᠯ ᠬᠦᠯᠢᠶᠡᠨ ᠠᠪᠴᠤ ᠬᠠᠮᠢᠶᠠᠷᠬᠤ + ᠰᠠᠭᠤᠭᠠᠯᠢ ᠠᠷᠠᠳ ᠥᠪᠡᠷ ᠲᠡᠭᠡᠨ ᠵᠠᠰᠠᠬᠤ + ᠨᠡᠢᠭᠡᠮ ᠲᠣᠭᠣᠷᠢᠭ᠋᠎ᠠᠴᠠ ᠦᠨᠳᠦᠰᠦᠨ ᠵᠦᠢᠯ᠎ᠢ ᠪᠠᠲᠤᠯᠠᠬᠤ》 ᠲᠥᠷᠥᠯ ᠬᠤᠪᠢᠶᠠᠨ ᠵᠠᠰᠠᠬᠤ ᠵᠠᠭᠪᠤᠷ᠎ᠢ ᠬᠡᠷᠡᠭᠵᠢᠭᠦᠯᠵᠦ᠂ ᠬᠠᠮᠢᠶᠠᠷᠬᠤ ᠬᠥᠮᠥᠨ ᠦᠭᠡᠢ ᠬᠠᠭᠤᠴᠢᠨ ᠰᠠᠭᠤᠭᠠᠯᠢ ᠲᠤᠭᠤᠷᠢᠭ ᠢ ᠰᠢᠨ᠎ᠡ ᠳᠦᠷᠰᠦ ᠪᠠᠢᠳᠠᠯ᠎ᠲᠠᠢ ᠪᠣᠯᠭᠠᠵᠤ᠂ ᠭᠣᠣᠯ ᠬᠤᠲᠠ᠎ᠶᠢᠨ ᠲᠣᠭᠣᠷᠢᠭ᠋᠎ᠤᠨ 80 ᠬᠠᠭᠤᠴᠢᠨ ᠰᠠᠭᠤᠭᠠᠯᠢ ᠲᠤᠭᠤᠷᠢᠭ᠂ 4354 ᠡᠷᠦᠬᠡ᠎ᠶᠢᠨ ᠰᠠᠭᠤᠭᠠᠯᠢ ᠠᠷᠠᠳ᠎ᠲᠤ ᠠᠰᠢᠭ᠋ ᠬᠦᠷᠲᠡᠭᠡᠪᠡ᠃
ᠠᠵᠤ ᠠᠬᠤᠢ
✦ ᠡᠨᠡ ᠵᠢᠯ ᠲᠦᠩᠯᠢᠶᠤᠤ ᠬᠤᠲᠠ 500 ᠲᠦᠮᠡᠨ ᠲᠥᠭᠥᠷᠢᠭ᠎ᠡᠴᠡ ᠳᠡᠭᠡᠭᠰᠢᠬᠢ ᠭᠣᠣᠯᠳᠠᠯᠭ᠎ᠠ᠎ᠲᠠᠢ ᠲᠥᠷᠥᠯ ᠵᠦᠢᠯ᠎ᠢ 526 ᠬᠡᠷᠡᠭᠵᠢᠭᠦᠯᠬᠦ᠎ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 2687.6 ᠳ᠋ᠦᠩᠰᠢᠭᠤᠷ ᠲᠥᠭᠥᠷᠢᠭ ᠪᠠᠢᠵᠤ᠂ ᠵᠢᠯ᠎ᠳᠦ 874.8 ᠳ᠋ᠦᠩᠰᠢᠭᠤᠷ ᠲᠥᠭᠥᠷᠢᠭ ᠪᠡᠯᠡ ᠣᠷᠣᠭᠤᠯᠬᠤ᠎ᠪᠠᠷ ᠲᠥᠯᠥᠪᠯᠡᠨ᠂ 2025 ᠣᠨ᠎ᠤ ᠬᠢ᠎ᠡᠴᠡ 349.2 ᠳ᠋ᠦᠩᠰᠢᠭᠤᠷ ᠲᠥᠭᠥᠷᠢᠭ ᠨᠡᠮᠡᠭᠳᠡᠬᠦ ᠪᠣᠯᠣᠨ᠎ᠠ᠃
✦ ᠣᠳᠣᠬᠠᠨ᠎ᠳᠤ ᠵᠠᠷᠤᠳ ᠬᠣᠰᠢᠭᠤᠨ᠎ᠤ 194 ᠲᠦᠮᠡᠨ ᠮᠦ᠍ ᠡᠷᠳᠡᠨᠢ ᠰᠢᠰᠢ᠎ᠶᠢᠨ ᠨᠠᠮᠤᠷ᠎ᠤᠨ ᠬᠤᠷᠢᠶᠠᠯᠲᠠ᠎ᠶᠢᠨ ᠠᠵᠢᠯ ᠨᠢᠭᠡᠨᠲᠡ ᠪᠦᠬᠦ ᠲᠠᠯ᠎ᠠ᠎ᠪᠠᠷ ᠡᠬᠢᠯᠡᠪᠡ᠃ ᠣᠢᠯᠠᠭᠠᠭᠰᠠᠨ᠎ᠢᠶᠠᠷ᠂ ᠵᠠᠷᠤᠳ ᠬᠣᠰᠢᠭᠤᠨ᠎ᠤ ᠡᠨᠡ ᠵᠢᠯ᠎ᠦᠨ ᠠᠮᠤ ᠪᠤᠳᠠᠭ᠎ᠠ ᠳᠠᠷᠢᠭ᠍ᠰᠠᠨ ᠶᠡᠷᠦᠩᠬᠡᠢ ᠲᠠᠯᠠᠪᠠᠢ 253 ᠲᠦᠮᠡᠨ ᠮᠦ᠍᠎ᠳᠤ ᠬᠦᠷᠴᠦ᠂ ᠵᠢᠱ᠌ᠢᠯᠲᠡ᠎ᠪᠡᠷ ᠶᠡᠷᠦᠩᠬᠡᠢ ᠤᠨᠠᠯᠲᠠ ᠨᠢ 23 ᠳ᠋ᠦᠩᠰᠢᠭᠤᠷ ᠵᠢᠩ᠎ᠳᠦ ᠬᠦᠷᠬᠦ ᠪᠣᠯᠣᠨ᠎ᠠ᠃ ᠡᠭᠦᠨ᠎ᠳᠦ ᠡᠷᠳᠡᠨᠢ ᠰᠢᠰᠢ ᠳᠠᠷᠢᠭ᠍ᠰᠠᠨ ᠲᠠᠯᠠᠪᠠᠢ 194.29 ᠲᠦᠮᠡᠨ ᠮᠦ᠍ ᠪᠠᠢᠵᠤ᠂ ᠵᠢᠱ᠌ᠢᠯᠲᠡ᠎ᠪᠡᠷ ᠤᠨᠠᠯᠲᠠ ᠨᠢ 21 ᠳ᠋ᠦᠩᠰᠢᠭᠤᠷ ᠵᠢᠩ᠎ᠳᠦ ᠬᠦᠷᠬᠦ ᠪᠣᠯᠣᠨ᠎ᠠ᠃
ᠰᠣᠶᠣᠯ
✦ ᠠᠷᠪᠠᠨ ᠭᠤᠷᠪᠠᠳᠤᠭᠠᠷ ᠬᠤᠭᠤᠴᠠᠭᠠᠨ᠎ᠤ 《ᠤᠶᠠᠩᠭ᠎ᠠ》 ᠣᠯᠠᠨ ᠤᠯᠤᠰ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ ᠤᠷᠴᠢᠮᠬᠠᠨ ᠬᠥᠯᠥᠨ ᠪᠤᠢᠷ ᠬᠣᠲᠠ᠎ᠶᠢᠨ ᠰᠣᠶᠣᠯ᠎ᠤᠨ ᠣᠷᠳᠣᠨ᠎ᠳᠤ ᠡᠬᠢᠯᠡᠵᠦ᠂ ᠲᠤᠰ ᠬᠤᠭᠤᠴᠠᠭᠠᠨ᠎ᠤ ᠦᠵᠡᠰᠭᠦᠯᠡᠩᠳᠤ ᠳᠤᠮᠳᠠᠳᠤ᠂ ᠮᠣᠩᠭᠣᠯ᠂ ᠣᠷᠣᠰ ᠵᠡᠷᠭᠡ ᠭᠤᠷᠪᠠᠨ ᠤᠯᠤᠰ᠎ᠦᠨ 300 ᠭᠠᠷᠤᠢ ᠰᠢᠯᠢᠳᠡᠭ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃
ᠲᠠᠮᠢᠷ
✦ ᠳᠤᠬᠠᠢ ᠵᠢᠨ ᠭᠠᠵᠠᠷ᠎ᠤᠨ ᠴᠠᠭ ᠵᠢᠡᠷ 10 ᠰᠠᠷ᠎ᠠ ᠵᠢᠨ 19᠎ᠤ ᠡᠳᠤᠷ᠂ ᠲᠠᠪᠤᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠦᠨᠳᠦ ᠡᠷᠭᠦᠯᠲᠡ᠎ᠶᠢᠨ ᠡᠮᠡᠭᠲᠡᠢ᠎ᠶᠢᠨ 41 ᠺᠢᠯᠣᠭ᠌ᠷᠠᠮ᠎ᠤᠨ ᠳᠡᠰ᠎ᠤᠨ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠲᠠᠮᠢᠷᠴᠢᠨ ᠼᠦᠢ ᠵᠧ ᠠᠯᠲᠠᠨ ᠮᠧᠳᠠᠯ ᠬᠦᠷᠳᠡᠪᠡ᠃ ᠡᠨᠡ ᠪᠣᠯ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠤᠰ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠠᠩᠬᠠᠳᠠᠭ᠍ᠴᠢ ᠠᠯᠲᠠᠨ ᠮᠧᠳᠠᠯ ᠪᠣᠯᠣᠨ᠎ᠠ᠃
ᠳᠡᠯᠡᠬᠡᠢ
✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠺᠣᠷᠢᠶᠠ᠎ᠶᠢᠨ ᠶᠡᠷᠦᠩᠬᠡᠢᠯᠡᠭᠴᠢ ᠡᠴᠡ ᠺᠣᠷᠢᠶᠠ᠎ᠶᠢᠨ ᠬᠢᠨ ᠡᠷᠬᠡᠪᠰᠢ ᠠᠮᠧᠷᠢᠺᠠ᠎ᠶᠢᠨ ᠭᠠᠷ᠎ᠠᠴᠠ ᠳᠠᠢ᠍ᠢᠨ᠎ᠦ ᠦᠶ᠎ᠡ᠎ᠶᠢᠨ ᠪᠠᠢᠯᠳᠤᠭᠠᠨ᠎ᠢ ᠵᠢᠯᠤᠭᠣᠳᠬᠤ ᠡᠷᠬᠡ᠎ᠪᠡᠨ ᠲᠦᠷᠭᠡᠬᠡᠨ ᠪᠤᠴᠠᠭᠠᠨ ᠠᠪᠬᠤ ᠬᠡᠷᠡᠭᠲᠡᠢ ᠪᠥᠭᠡᠳ ᠭᠦᠢᠴᠡᠳᠬᠡᠵᠦ ᠳᠡᠶ᠋ᠢᠯᠬᠦ ᠴᠢᠳᠠᠪᠤᠷᠢ ᠪᠦᠷᠢᠨ ᠪᠠᠢᠨ᠎ᠠ ᠭᠡᠵᠦ ᠢᠯᠡᠳᠬᠡᠪᠡ᠃
✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠢᠰᠯᠠᠮ᠎ᠤᠨ ᠬᠤᠪᠢᠰᠬᠠᠯᠲᠤ ᠬᠠᠮᠠᠭᠠᠯᠠᠯᠲᠠ᠎ᠶᠢᠨ ᠠᠩᠭᠢ᠎ᠶᠢᠨ ᠳᠠᠯᠠᠶ᠎ᠶᠢᠨ ᠴᠡᠷᠢᠭ 19 ᠦ ᠡᠳᠦᠷ ᠢᠯᠡᠷᠬᠡᠢᠯᠡᠭᠰᠡᠨ ᠵᠢᠡᠷ᠂ 《ᠲᠣᠭᠲᠠᠭᠠᠯ᠎ᠠᠴᠠ ᠵᠥᠷᠢᠴᠡᠭᠰᠡᠨ》 ᠨᠢᠭᠡᠨ ᠲᠣᠰᠣᠨ ᠣᠩᠭᠣᠴᠠ ᠬᠤᠷᠮᠤᠽ ᠬᠣᠭᠣᠯᠠᠢ᠎ᠶᠢᠨ ᠡᠮᠦᠨ᠎ᠡ ᠬᠡᠰᠡᠭ᠎ᠲᠦ ᠨᠢᠭᠡᠨ ᠤᠰᠤᠨ ᠮᠢᠨ᠎ᠠ᠎ᠶᠢ ᠬᠥᠨᠳᠡᠵᠦ᠂ ᠳᠠᠷᠠᠭ᠎ᠠ ᠨᠢ ᠳᠡᠯᠪᠡᠷᠡᠯᠲᠡ ᠡᠭᠦᠰᠴᠦ ᠭᠠᠯ ᠭᠠᠷᠴᠠᠢ᠃
ᠦᠢᠯᠡᠴᠢᠯᠡᠭᠡ
✦ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠠᠵᠢᠯ ᠤᠯᠭᠤᠯᠳᠠ ᠵᠢᠨ ᠤᠢᠯᠡᠴᠢᠯᠡᠭᠡᠨ᠎ᠤ ᠲᠦᠪ ᠠᠵᠢᠯᠳᠠᠨ ᠡᠯᠰᠡᠵᠤ ᠪᠤᠢ᠃
ᠲᠠᠨ᠎ᠤ ᠲᠤᠰᠠ᠎ᠳᠤ
✦ ᠱᠠᠪᠲᠠᠯ᠎ᠠ ᠢᠳᠡᠬᠦ᠎ᠳᠦ ᠠᠩᠬᠠᠷᠬᠤ ᠵᠤᠢᠯ᠎ᠤᠳ᠄
1. ᠬᠠᠮᠤᠭ᠎ᠤᠨ ᠰᠠᠢᠨ ᠨᠢ ᠭᠦᠢᠴᠡᠳ ᠪᠣᠯᠪᠠᠰᠤᠷᠠᠭᠰᠠᠨ ᠱᠠᠪᠲᠠᠯ᠎ᠠ᠎ᠶᠢ ᠰᠣᠩᠭᠣᠪᠠᠯ ᠵᠣᠬᠢᠨ᠎ᠠ᠃
2. ᠥᠯᠥᠨ᠎ᠢᠶᠡᠷ ᠱᠠᠪᠲᠠᠯ᠎ᠠ ᠢᠳᠡᠵᠦ ᠪᠣᠯᠬᠤ ᠦᠭᠡᠢ᠃
3. ᠢᠳᠡᠬᠦ ᠬᠡᠮᠵᠢᠶ᠎ᠡ᠎ᠪᠡᠨ ᠲᠣᠬᠢᠷᠠᠭᠤᠯᠵᠤ᠂ ᠬᠡᠤᠬᠡᠳ ᠨᠠᠰᠤᠲᠠᠢᠴᠤᠳ᠂ ᠬᠣᠳᠣᠭᠣᠳᠤ ᠭᠡᠳᠡᠰᠦᠨ᠎ᠤ ᠰᠢᠩᠭᠡᠭᠡᠯᠳᠡ ᠠᠨᠠᠢ ᠬᠥᠮᠥᠰ᠂ ᠰᠢᠬᠢᠷ ᠰᠢᠵᠢᠩ ᠡᠪᠡᠳᠴᠢᠨ᠎ᠲᠠᠢ ᠬᠥᠮᠥᠰ ᠪᠠᠭ᠎ᠠ ᠢᠳᠡᠬᠦ ᠪᠤᠶᠤ ᠢᠳᠡᠬᠦ ᠦᠭᠡᠢ ᠪᠣᠯ ᠰᠠᠢᠨ᠃
4. ᠱᠠᠪᠳᠠᠯ᠎ᠠ ᠢᠳᠡᠵᠤ ᠪᠠᠷᠠᠩᠭᠤᠳᠠ ᠠᠮᠠ ᠪᠡᠨ ᠵᠠᠢᠯᠠᠬᠤ ᠬᠡᠷᠡᠭᠳᠡᠢ᠃
ᠵᠠᠯᠭᠠᠭᠠᠳ 《ᠴᠢ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠤᠷᠠᠨᠲᠠᠨ᠎ᠠ
-
ᠨᠡᠪᠲᠡᠷᠡᠭᠦᠯᠦᠭᠴᠢ᠄
ᠤᠷᠠᠨᠲᠠᠨ᠎ᠠ
-
ᠮᠡᠷᠭᠡᠵᠢᠯ᠄
ᠬᠠᠢ ᠯᠢ ᠶᠠᠨ
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃