ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-22 12:03:30

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3




ᠨᠡᠢᠭᠡᠮ

✦ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠡᠭᠦᠨ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠤᠨ 2026 — 2027 ᠣᠨ᠎ᠤ ᠪᠥᠬᠥ ᠱᠤᠭᠤᠮ᠎ᠤᠨ ᠤᠰᠤ ᠲᠠᠲᠠᠬᠤ ᠠᠵᠢᠯ 10 ᠰᠠᠷ᠎ᠠ ᠵᠢᠨ 20 ᠎ᠤ ᠡᠳᠦᠷ ᠡᠬᠢᠯᠡᠪᠡ᠃

✦ 20᠎ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ᠎ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠢᠯᠡᠷᠬᠡᠢᠯᠡᠬᠦ᠎ᠳᠡᠭᠡᠨ᠂ ᠬᠣᠯᠪᠣᠭᠳᠠᠯ ᠪᠦᠬᠦᠢ ᠪᠠᠷᠢᠮᠵᠢᠶ᠎ᠠ᠎ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ᠎ᠢ ᠲᠦᠷᠭᠡᠳᠬᠡᠵᠦ᠂ ᠵᠦᠢ ᠵᠣᠬᠢᠰ ᠦᠭᠡᠢ᠎ᠪᠡᠷ ᠵᠢᠷᠤᠵᠤ ᠲᠥᠯᠥᠪᠯᠡᠭᠰᠡᠨ᠂ ᠭᠦᠢᠴᠡᠳ ᠰᠤᠳᠤᠯᠤᠨ ᠤᠢᠯᠡᠳᠬᠦ ᠪᠠ ᠳᠤᠷᠰᠢᠨ ᠰᠢᠯᠭᠠᠬᠰᠠᠨ ᠦᠭᠡᠢ ᠮᠠᠰᠢᠨ ᠲᠡᠷᠭᠡᠨ᠎ᠦ ᠦᠢᠯᠡᠳᠬᠦᠨ ᠵᠠᠬ᠎ᠠ ᠳᠡᠯᠭᠡᠭᠦᠷ᠎ᠲᠦ ᠣᠷᠣᠬᠤ᠎ᠶᠢ ᠡᠷᠡᠰ ᠬᠤᠷᠢᠬᠯᠠᠨ᠎ᠠ ᠭᠡᠵᠡᠢ᠃

✦ ᠤᠷᠴᠢᠮᠠᠬᠨ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ᠎ᠡᠴᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠤᠳᠠᠯᠳᠤᠭ᠎ᠠ᠎ᠶᠢ ᠬᠥᠭᠵᠢᠭᠦᠯᠬᠦ᠎ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ᠎ᠢ ᠨᠡᠢᠲᠡᠯᠡᠵᠦ᠂ 18 ᠵᠤᠷᠪᠤᠰ ᠪᠣᠳᠠᠲᠠᠢ ᠠᠷᠭ᠎ᠠ ᠬᠡᠮᠵᠢᠶ᠎ᠡ ᠎ᠶᠢ ᠳᠤᠷᠠᠳᠴᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠠᠷᠠᠯᠵᠢᠶ᠎ᠠ ᠬᠤᠳᠠᠯᠳᠤᠭᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠪᠠ᠃

✦ 20᠎ᠤ ᠡᠳᠤᠷ᠂ ᠤᠯᠤᠰ᠎ᠤᠨ ᠲᠤᠭ᠎ᠠ ᠪᠠᠷᠢᠮᠳᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠾᠸᠪᠸᠢ ᠵᠢᠨ ᠰᠢᠶᠦ᠋ᠩ ᠠᠨ ᠰᠢᠨ᠎ᠡ ᠲᠣᠭᠣᠷᠢᠭ᠋᠎ᠲᠤ ᠪᠠᠢᠭᠤᠯᠤᠭᠳᠠᠪᠠ᠃

✦ 19᠎ᠤ ᠡᠳᠦᠷ᠎ᠡᠴᠡ ᠡᠬᠢᠯᠡᠨ᠂ ᠲᠥᠪ᠎ᠦᠨ ᠳᠠᠩᠰᠠ ᠡᠪᠬᠡᠮᠡᠯ᠎ᠦᠨ ᠣᠷᠳᠣᠨ᠎ᠠᠴᠠ ᠣᠷᠳᠤ ᠵᠠᠮ᠎ᠤᠨ ᠠᠶᠠᠨ ᠳᠠᠢᠨ᠎ᠤ 5000 ᠭᠠᠷᠤᠢ ᠲᠤᠰᠬᠠᠢ
ᠰᠡᠳᠦᠪᠲᠦ ᠳᠠᠩᠰᠠ ᠡᠪᠬᠡᠮᠡᠯ᠎ᠢ ᠨᠡᠢᠭᠡᠮ ᠨᠡᠢᠲᠡ᠎ᠳᠦ ᠲᠥᠪᠯᠡᠷᠡᠭᠦᠯᠦᠨ ᠳᠡᠯᠭᠡᠨ ᠦᠵᠡᠬᠦᠯᠵᠤ ᠪᠠᠢᠨ᠎ᠠ᠃

✦ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠢᠯᠳᠠᠨ ᠎ᠤ ᠶᠠᠪᠤᠳᠠᠯ᠎ᠤᠨ ᠰᠢᠯᠭᠠᠯᠳᠠ ᠵᠢᠨ ᠬᠦᠷᠢᠶᠡᠯᠡᠩ᠎ᠤᠨ ᠮᠡᠳᠡᠭᠡ ᠵᠢ ᠦᠨᠳᠦᠰᠦᠯᠡᠪᠡᠯ᠂ 2026 ᠤᠨ᠎ᠤ ᠰᠤᠨᠢᠨ ᠮᠡᠳᠡᠭᠡᠨ᠎ᠤ ᠰᠤᠷᠪᠤᠯᠵᠢᠯᠠᠬᠴᠢ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭᠠᠯᠳᠠ 10 ᠰᠠᠷ᠎ᠠ ᠵᠢᠨ 24᠎ᠤ ᠡᠳᠤᠷ ᠶᠠᠪᠤᠬᠳᠠᠬᠤ ᠪᠡᠷ ᠪᠠᠢᠨ᠎ᠠ᠃

✦ ᠤᠢᠷ᠎ᠠ᠎ᠶᠢᠨ ᠡᠳᠦᠷ ᠣᠲᠤᠭ ᠬᠣᠰᠢᠭᠤᠨ᠎ᠤ ᠡᠮᠡᠭᠲᠡᠢᠴᠦᠳ᠎ᠦᠨ ᠬᠤᠯᠪᠤᠭ᠎ᠠ ᠣᠲᠤᠭ ᠬᠣᠰᠢᠭᠤᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠂ ᠣᠷᠳᠣᠰ ᠬᠣᠲᠠ᠎ᠶᠢᠨ ᠵᠢᠶᠠᠨ ᠰᠢᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠲᠠᠢ ᠬᠠᠮᠲᠤᠷᠠᠨ᠂ 7 ᠡᠳᠦᠷ᠎ᠦᠨ ᠬᠤᠭᠤᠴᠠᠭ᠎ᠠ᠎ᠪᠦᠬᠦᠢ 《ᠡᠯᠧᠺᠲᠷᠣᠨ ᠬᠤᠳᠠᠯᠳᠤᠭ᠎ᠠ ᠎ᠪᠠᠷ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ》 ᠡᠮᠡᠭᠲᠡᠢᠴᠦᠳ᠎ᠦᠨ ᠰᠦᠯᠵᠢᠶᠡᠨ ᠳᠡᠭᠡᠷ᠎ᠡ ᠤᠢᠯᠡᠰ ᠪᠤᠰᠬᠠᠬᠤ ᠲᠤᠰᠬᠠᠢ ᠪᠣᠯᠪᠠᠰᠤᠷᠠᠯ᠎ᠢ ᠠᠮᠵᠢᠯᠲᠠ᠎ᠲᠠᠢ ᠥᠷᠨᠢᠭᠦᠯᠵᠦ᠂ 4050 ᠭᠣᠣᠯᠳᠠᠯᠭ᠎ᠠ᠎ᠲᠠᠢ ᠠᠵᠢᠯ ᠣᠯᠭᠣᠯᠲᠠ᠎ᠶᠢᠨ ᠬᠥᠮᠥᠰ᠎ᠢ ᠨᠠᠷᠢᠯᠢᠭ᠋ ᠣᠨᠣᠴᠠᠲᠠᠢ᠎ᠪᠠᠷ ᠬᠠᠪᠰᠤᠷᠤᠨ ᠰᠢᠨ᠎ᠡ ᠤᠷ᠎ᠠ ᠴᠢᠳᠠᠪᠤᠷᠢ ᠡᠵᠡᠮᠰᠢᠭᠦᠯᠦᠨ᠂ ᠡᠮᠡᠭᠲᠡᠢᠴᠦᠳ᠎ᠦᠨ ᠠᠮᠢᠳᠤᠯᠢᠭ᠋᠎ᠢᠶᠠᠷ ᠠᠵᠢᠯ ᠣᠯᠵᠤ᠂ ᠪᠡᠶ᠎ᠡ᠎ᠪᠡᠨ ᠳᠠᠭᠠᠭᠠᠵᠤ ᠤᠢᠯᠡᠰ ᠪᠤᠰᠬᠠᠬᠤ᠎ᠳᠤ ᠬᠦᠴᠦᠨ ᠨᠡᠮᠡᠷᠢᠯᠡᠵᠠᠢ᠃

ᠠᠵᠤ ᠠᠬᠤᠢ

✦ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠰᠢᠤᠳᠠᠨ᠎ᠤ ᠠᠵᠢᠯ ᠲᠥᠷᠥᠯ᠎ᠦᠨ ᠭᠤᠪᠢᠭᠤᠯᠭ᠎ᠠ᠎ᠶᠢᠨ ᠲᠤᠬᠠᠢᠯᠠᠭᠰᠠᠨ ᠠᠵᠢᠯ᠎ᠦᠨ ᠬᠡᠮᠵᠢᠶ᠎ᠡ

ᠨᠡᠢᠲᠡ 1641.3 ᠳ᠋ᠦᠩᠰᠢᠭᠤᠷ ᠬᠤᠪᠢ᠎ᠳᠤ ᠬᠦᠷᠴᠦ᠂ ᠨᠢᠳᠤᠨᠤᠨ᠎ᠤ ᠠᠳᠠᠯᠢ

ᠬᠤᠭᠤᠴᠠᠭᠠᠨ ᠎ᠤ ᠬᠢ ᠎ᠡᠴᠡ 3.7%᠎ᠪᠠᠷ ᠨᠡᠮᠡᠭᠳᠡᠪᠡ᠃ ᠡᠭᠦᠨ᠎ᠳᠦ ᠲᠦᠷᠭᠡᠨ ᠳᠠᠮᠵᠢᠭᠤᠯᠭ᠎ᠠ ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ ᠨᠡᠢᠲᠡ 1513 ᠳ᠋ᠦᠩᠰᠢᠭᠤᠷ ᠬᠤᠪᠢ᠎ᠳᠤ ᠬᠦᠷᠴᠦ᠂ ᠨᠢᠳᠤᠨᠤᠨ ᠎ᠤ ᠠᠳᠠᠯᠢ ᠬᠤᠭᠤᠴᠠᠭᠠᠨ᠎ᠤ ᠬᠢ ᠡᠴᠡ 4.3%᠎ᠪᠠᠷ ᠨᠡᠮᠡᠭᠳᠡᠪᠡ᠃

✦ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ᠂ ᠪᠠᠶᠠᠨᠨᠠᠭᠤᠷ ᠬᠤᠲᠠ᠎ᠶᠢᠨ ᠭᠠᠳᠠᠭᠠᠳᠤ ᠠᠷᠠᠯᠵᠢᠶᠠᠨ᠎ᠤ ᠥᠷᠲᠡᠭ ᠳᠠᠬᠢᠨᠲᠠ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠦ᠂ 595.8 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 54%᠎ᠪᠠᠷ ᠨᠡᠮᠡᠭᠳᠡᠵᠦ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠢ ᠥᠷᠲᠡᠭ᠎ᠦᠨ 28.7%᠎ᠶᠢ ᠡᠵᠡᠯᠡᠪᠡ᠃

ᠰᠣᠶᠣᠯ

✦ 2026 ᠣᠨ᠎ᠤ ᠳᠤᠮᠳᠠᠳᠤ ᠤᠯᠤᠰ᠎ᠤᠨ ᠠᠯᠲᠠᠨ ᠲᠠᠬᠢᠶ᠎ᠠ ᠥᠨᠢᠷ ᠴᠡᠴᠡᠭ ᠺᠢᠨᠣ᠋᠎ᠶᠢᠨ ᠨᠠᠢᠷ 11 ᠰᠠᠷ᠎ᠠ ᠎ᠶᠢᠨ 6 — 10᠎ᠤ ᠡᠳᠦᠷ ᠪᠣᠯᠲᠠᠯ᠎ᠠ ᠹᠦᠵᠢᠶᠠᠨ ᠮᠤᠵᠢ ᠎ᠶᠢᠨ ᠰᠢᠶᠠᠮᠧᠨ ᠬᠣᠲᠠ᠎ᠳᠤ ᠶᠠᠪᠤᠭᠳᠠᠬᠤ᠎ᠪᠠᠷ ᠪᠠᠢᠨ᠎ᠠ᠃

ᠲᠠᠮᠢᠷ

✦ 2026 ᠣᠨ᠎ᠤ ᠪᠦᠬᠦ ᠤᠯᠤᠰ᠎ᠤᠨ ᠤᠶᠤᠲᠠᠳ᠎ᠤᠨ ᠳᠡᠭᠡᠰᠦ ᠦᠰᠦᠷᠬᠦ ᠮᠠᠩᠯᠠᠢ ᠰᠢᠯᠭᠠᠷᠠᠭᠤᠯᠬᠤ ᠣᠷᠣᠯᠳᠤᠭᠠᠨ ᠤᠷᠴᠢᠮᠬᠠᠨ ᠶᠦᠨᠨᠠᠨ ᠮᠤᠵᠢ ᠎ᠳᠤ ᠶᠠᠪᠤᠭᠳᠠᠪᠠ᠃  ᠲᠤᠰ ᠤᠷᠤᠯᠳᠤᠭᠠᠨ ᠪᠣᠯ ᠪᠦᠬᠦ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠬᠦᠷᠢᠶᠡᠨ᠎ᠤ ᠳᠡᠭᠡᠰᠦ ᠦᠰᠦᠷᠬᠦ ᠪᠠᠷᠢᠮᠵᠢᠶ᠎ᠠ᠎ᠪᠡᠷ ᠬᠠᠮᠤᠭ᠎ᠦᠨ ᠥᠨᠳᠥᠷ᠂ ᠬᠡᠪᠴᠢᠶ᠎ᠡ᠎ᠪᠠᠷ ᠬᠠᠮᠤᠭ᠎ᠤᠨ ᠶᠡᠬᠡ ᠣᠷᠤᠯᠳᠤᠭᠠᠨ ᠪᠣᠯᠣᠨ᠎ᠠ᠃ ᠡᠭᠦᠨ᠎ᠳᠤ ᠮᠠᠨ᠎ᠤ ᠣᠷᠣᠨ᠎ᠠᠴᠠ ᠥᠪᠥᠷ ᠮᠣᠩᠭᠣᠯ᠎ᠤᠨ ᠰᠢᠨᠵᠢᠯᠡᠭᠡ ᠮᠡᠷᠭᠡᠵᠢᠯ᠎ᠤᠨ ᠶᠡᠬᠡ ᠰᠤᠷᠭᠠᠭᠤᠯᠢ ᠪᠠ ᠣᠷᠳᠣᠰ᠎ᠦᠨ ᠬᠡᠷᠡᠭᠯᠡᠭᠡᠨ᠎ᠦ ᠮᠡᠷᠭᠡᠵᠢᠯ᠎ᠦᠨ ᠳᠡᠭᠡᠳᠦ ᠰᠤᠷᠭᠠᠭᠤᠯᠢ ᠣᠷᠤᠯᠳᠤᠭᠠᠨ᠎ᠳᠤ ᠣᠷᠣᠯᠴᠠᠵᠤ᠂ ᠨᠡᠢᠲᠡ 7 ᠠᠯᠲᠠᠨ ᠮᠧᠳᠠᠯ᠂ 3 ᠮᠥᠩᠭᠥᠨ ᠮᠧᠳᠠᠯ ᠪᠣᠯᠣᠨ 3 ᠬᠦᠷᠡᠯ ᠮᠧᠳᠠᠯ ᠬᠦᠷᠳᠡᠪᠡ᠃

✦ ᠪᠦᠬᠦ ᠤᠯᠤᠰ᠎ᠤᠨ ᠵᠠᠭᠤᠨ ᠬᠤᠲᠠ ᠮᠢᠩᠭᠠᠨ ᠲᠣᠰᠬᠣᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭᠠᠨ᠎ᠤ ᠦᠵᠡᠭᠦᠯᠭᠡ (ᠥᠪᠥᠷ ᠮᠣᠩᠭᠣᠯ᠎ᠤᠨ ᠥᠷᠲᠡᠭᠡ) ᠵᠢᠴᠢ ᠠᠷᠪᠠᠨ ᠨᠢᠭᠡᠳᠦᠭᠡᠷ ᠬᠤᠭᠤᠴᠠᠭᠠᠨ᠎ᠤ ᠪᠦᠬᠥ ᠣᠷᠣᠨ᠎ᠤ ᠵᠠᠭᠤᠨ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠳᠠᠮᠢᠷ᠎ᠤᠨ ᠰᠤᠯᠢᠯᠴᠠᠭᠠᠨ᠎ᠤ ᠤᠷᠤᠯᠳᠤᠭᠠᠨ ᠤᠷᠴᠢᠮᠬᠠᠨ ᠰᠢᠯᠢᠩᠬᠤᠲᠠ᠎ᠳᠤ ᠦᠨᠳᠤᠷᠯᠡᠵᠤ᠂ ᠪᠦᠬᠦ ᠤᠷᠤᠨ ᠎ᠤ 92 ᠲᠦᠯᠦᠭᠡᠯᠡᠭᠴᠢᠳ᠎ᠤᠨ ᠠᠩᠬᠢ ᠤᠷᠤᠯᠴᠠᠬᠰᠠᠨ ᠪᠠᠢᠨ᠎ᠠ᠃

ᠳᠡᠯᠡᠬᠡᠢ 

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠡᠨᠧᠷᠭᠢ᠎ᠶᠢᠨ ᠶᠠᠮᠤᠨ᠎ᠤ ᠲᠣᠭ᠎ᠠ ᠪᠠᠷᠢᠮᠲᠠ᠎ᠠᠴᠠ ᠦᠵᠡᠪᠡᠯ᠂ ᠠᠮᠧᠷᠢᠺᠠ᠎ᠶᠢᠨ ᠪᠠᠢᠯᠳᠤᠬᠤ ᠪᠣᠳᠣᠯᠭ᠎ᠠ᠎ᠶᠢᠨ ᠴᠢᠯᠠᠭᠤᠨ ᠲᠤᠰᠤᠨ᠎ᠤ ᠨᠥᠭᠡᠴᠡ᠎ᠶᠢᠨ ᠲᠥᠯᠥᠪᠯᠡᠭᠡ᠎ᠳᠡᠬᠢ ᠲᠦᠭᠦᠬᠡᠢ ᠴᠢᠯᠠᠭᠤᠨ ᠲᠤᠰᠤᠨ᠎ᠤ ᠨᠥᠭᠡᠴᠡ᠎ᠶᠢᠨ ᠬᠡᠮᠵᠢᠶ᠎ᠡ ᠳᠡᠭᠡᠷ᠎ᠡ ᠭᠠᠷᠠᠭ 2.827 ᠳ᠋ᠦᠩᠰᠢᠭᠤᠷ ᠲᠦᠩᠰᠡ ᠪᠣᠯᠣᠨ ᠪᠠᠭᠤᠷᠠᠵᠤ᠂ 1982 ᠣᠨ᠎ᠤ 10 ᠰᠠᠷ᠎ᠠ᠎ᠠᠴᠠ ᠨᠠᠭᠠᠰᠢᠬᠢ ᠬᠠᠮᠤᠭ᠎ᠤᠨ ᠳᠣᠣᠷ᠎ᠠ ᠲᠦᠪᠰᠢᠨ᠎ᠳᠦ ᠬᠦᠷᠴᠡᠢ᠃

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠤᠯᠠᠨ ᠲᠦᠮᠡᠨ ᠴᠤᠭᠯᠠᠭᠠᠨ ᠪᠣᠯᠵᠤ᠂ ᠶᠠᠫᠤᠨ ᠠᠮᠧᠷᠢᠺᠠ᠎ᠶᠢᠨ 《ᠬᠤᠷᠴᠠ ᠰᠡᠯᠡᠮ᠎ᠡ 27》 ᠶᠡᠬᠡ ᠬᠡᠪᠴᠢᠶᠡᠨ᠎ᠦ ᠬᠠᠮᠲᠤᠷᠠᠭᠰᠠᠨ ᠴᠡᠷᠢᠭ᠎ᠦᠨ ᠰᠣᠷᠢᠯᠲᠠ᠎ᠶᠢ ᠡᠰᠡᠷᠭᠦᠴᠡᠵᠦ᠂ ᠶᠠᠫᠤᠨ᠎ᠤ ᠵᠠᠰᠠᠭ᠎ᠤᠨ ᠣᠷᠳᠣᠨ᠎ᠢ ᠴᠡᠷᠢᠭ᠎ᠦᠨ ᠶᠠᠪᠤᠳᠠᠯ᠎ᠤᠨ ᠲᠦᠷᠢᠯᠲᠡ ᠬᠢᠬᠦ᠎ᠪᠡᠨ ᠵᠣᠭᠰᠣᠭᠠᠬᠤ᠎ᠶᠢ ᠤᠷᠢᠶᠠᠯᠠᠪᠠ᠃

ᠦᠢᠯᠡᠴᠢᠯᠡᠭᠡ 

✦ ᠪᠠᠭᠠᠷᠢᠨ ᠪᠠᠷᠠᠭᠤᠨ ᠬᠤᠰᠢᠭᠤᠨ᠎ᠤ ᠮᠤᠩᠭᠤᠯ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃

✦ 10 ᠰᠠᠷ᠎ᠠ ᠵᠢᠨ 25᠎ᠤ ᠡᠳᠤᠷ ᠡᠴᠡ ᠡᠬᠢᠯᠡᠨ᠂ ᠬᠤᠸᠠ ᠰᠢᠶᠠ ᠠᠭᠠᠷ᠎ᠤᠨ ᠠᠶᠠᠯᠠᠯ᠎ᠤᠨ ᠺᠤᠮᠫᠠᠨᠢ ᠵᠢᠨ ᠬᠢᠨ ᠬᠦᠬᠡᠬᠤᠳᠠ ᠡᠴᠡ ᠦᠬᠠᠨ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ ᠪᠡᠷ ᠨᠡᠭᠡᠭᠡᠬᠦ ᠪᠡᠷ ᠪᠠᠢᠨ᠎ᠠ᠃

 ᠲᠠᠨ᠎ᠤ ᠲᠤᠰᠠ᠎ᠳᠤ 

✦ ᠠᠯᠢᠪᠠ ᠬᠣᠯᠢᠮᠠᠭ ᠠᠮᠤ ᠪᠦᠷ ᠬᠤᠳᠤᠭᠤᠳᠤᠨ᠎ᠤ ᠰᠢᠩᠭᠡᠭᠡᠯᠳᠡ᠎ᠳᠤ ᠳᠤᠰᠠᠳᠠᠢ ᠪᠢᠰᠢ ᠪᠤᠯᠬᠤᠷ ᠬᠣᠳᠣᠭᠣᠳᠤ ᠳᠡᠯᠡᠵᠤ ᠰᠢᠷ᠎ᠠ ᠬᠤᠰᠤᠳᠠᠭ ᠬᠥᠮᠥᠰ ᠠᠮᠲᠠᠲᠤ ᠲᠥᠮᠥᠰᠥ᠂ ᠰᠢᠷ᠎ᠠ ᠪᠤᠷᠴᠠᠭ᠂ ᠠᠯᠠᠰᠢ ᠪᠤᠳᠠᠭ᠎ᠠ ᠵᠡᠷᠭᠡ ᠵᠢ ᠳᠤᠬᠢᠷᠠᠮᠵᠢᠳᠠᠢ ᠬᠡᠮᠵᠢᠶ᠎ᠡ ᠪᠡᠷ ᠢᠳᠡᠪᠡᠯ ᠵᠤᠬᠢᠨ᠎ᠠ᠃

ᠵᠠᠯᠭᠠᠭᠠᠳ 《ᠰᠠᠢᠬᠠᠨ ᠮᠤᠩᠭᠤᠯ ᠠᠳᠤᠭᠤ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面