ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-23 12:35:43

ᠵᠣᠬᠢᠶᠠᠭ᠍ᠴᠢ᠄ ᠭᠢᠯᠪᠡᠬᠡᠨ ᠣᠩᠱᠢᠭ᠍ᠰᠠᠨ ᠣᠳᠠᠭ᠎ᠠ᠄ 3




ᠨᠡᠢᠭᠡᠮ

✦ 21᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠠᠯᠪᠠᠨ ᠲᠢᠩᠬᠢᠮ ᠰᠠᠨᠠᠯ ᠨᠡᠢᠲᠡᠯᠡᠵᠦ᠂ ᠰᠢᠨ᠎ᠡ᠎ᠶᠢ ᠡᠭᠦᠳᠬᠦ ᠬᠡᠯᠬᠢᠶ᠎ᠡ᠎ᠠᠵᠤ ᠦᠢᠯᠡᠰ᠎ᠦᠨ ᠬᠡᠯᠬᠢᠶ᠎ᠡ᠎ᠶᠢ ᠵᠠᠪᠰᠠᠷ ᠦᠭᠡᠢ ᠵᠣᠯᠭᠠᠭᠤᠯᠬᠤ᠎ᠶᠢ ᠠᠬᠢᠭᠤᠯᠬᠤ᠂ ᠴᠢᠨᠠᠷ ᠰᠠᠢᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠩᠭᠠᠯᠭ᠎ᠠ᠎ᠪᠠᠷ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠶᠢ ᠲᠤᠯᠭᠠᠭᠤᠷᠢᠯᠠᠬᠤ ᠵᠡᠷᠭᠡ ᠵᠢᠷᠭᠤᠭᠠᠨ ᠲᠠᠯ᠎ᠠ᠎ᠪᠠᠷ ᠪᠠᠢᠷᠢᠯᠠᠭᠤᠯᠤᠯᠲᠠ ᠬᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠠᠵᠤ ᠦᠢᠯᠡᠰ᠎ᠦᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠵᠢ ᠵᠤᠷᠢᠭᠵᠢᠭᠤᠯᠪᠠ᠃

✦ 22᠎ᠤᠨ ᠡᠳᠦᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠲᠤ ᠵᠠᠮ᠎ᠤᠨ ᠠᠶᠠᠨ ᠳᠠᠶ᠋ᠢᠨ ᠤ᠋ ᠢᠯᠠᠯᠲᠠ ᠣᠯᠣᠭᠰᠠᠨ 90 ᠵᠢᠯ᠎ᠦᠨ ᠣᠶ᠎ᠶᠢ ᠲᠤᠷᠠᠰᠬᠠᠬᠤ ᠠᠯᠲᠠ ᠮᠥᠩᠭᠥᠨ ᠳᠤᠷᠠᠰᠬᠠᠯ᠎ᠤᠨ ᠵᠣᠭᠣᠰ᠎ᠢ ᠲᠠᠷᠬᠠᠭᠠᠪᠠ᠃

✦ ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ(ᠤᠯᠤᠰ᠎ᠤᠨ ᠪᠠᠷᠢᠮᠵᠢᠶ᠎ᠠ᠎ᠶᠢᠨ ᠵᠥᠪᠯᠡᠯ) 《ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠡᠯᠧᠺᠲᠷᠣᠨ ᠦᠨᠡᠮᠯᠡᠯ᠂ ᠮᠠᠰᠢᠨ ᠲᠡᠷᠭᠡᠨ᠎ᠦ ᠠᠶᠠᠯᠠᠯ᠎ᠤᠨ ᠦᠨᠡᠮᠯᠡᠯ》᠎ᠤᠨ ᠤᠯᠤᠰ᠎ᠤᠨ ᠪᠠᠷᠢᠮᠵᠢᠶ᠎ᠠ᠎ᠶᠢ ᠵᠥᠪᠰᠢᠶᠡᠷᠡᠨ ᠨᠡᠢᠲᠡᠯᠡᠵᠦ᠂ ᠪᠠᠷᠢᠮᠵᠢᠶ᠎ᠠ᠎ᠶᠢ 2027 ᠣᠨ᠎ᠤ 4 ᠰᠠᠷ᠎ᠠ᠎ᠶᠢᠨ 1 ᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ ᠪᠡᠷ ᠪᠤᠢ᠃

✦ 21᠎ᠦ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ《ᠲᠤᠰᠬᠠᠢᠵᠢᠭᠰᠠᠨ ᠨᠠᠷᠢᠯᠢᠭᠵᠢᠭᠰᠠᠨ ᠣᠨᠴᠠᠭᠠᠢ ᠰᠢᠨ᠎ᠡ ᠬᠦᠴᠦᠨ ᠤᠯᠭᠤᠬᠤ ᠲᠥᠪ᠎ᠦᠨ ᠪᠦᠲᠦᠭᠡᠨ ᠪᠠᠢᠭᠤᠯᠤᠯᠲᠠ᠎ᠶᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 ᠨᠡᠢᠲᠡᠯᠡᠵᠦ᠂ 《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠵᠢᠨ ᠬᠤᠭᠤᠴᠠᠭᠠᠨ᠎ᠳᠤ᠂ ᠪᠥᠬᠥ ᠤᠯᠤᠰ᠎ᠤᠨ ᠬᠡᠪᠴᠢᠶᠡᠨ᠎ᠳᠦ ᠲᠤᠰᠬᠠᠢᠵᠢᠭᠰᠠᠨ ᠨᠠᠷᠢᠯᠢᠭᠰᠠᠨ ᠣᠨᠴᠠᠭᠠᠶ ᠰᠢᠨ᠎ᠡ ᠬᠦᠴᠦᠨ ᠣᠯᠭᠣᠬᠤ ᠨᠢᠭᠡ ᠪᠦᠯᠦᠭ ᠲᠥᠪ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠪᠠ᠃

✦ ᠤᠯᠤᠰ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ 21᠎ᠦ ᠡᠳᠦᠷ ᠢᠯᠡᠷᠬᠡᠢᠯᠡᠬᠦ᠎ᠳᠡᠭᠡᠨ᠂《ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》ᠵᠢᠨ ᠬᠤᠭᠤᠴᠠᠭᠠᠨ᠎ᠳᠤ ᠭᠠᠯ ᠰᠡᠷᠭᠡᠢᠯᠡᠵᠦ ᠭᠠᠯ ᠤᠨᠲᠠᠷᠠᠭᠠᠬᠤ ᠬᠦᠷᠢᠶᠡᠨ᠎ᠳᠡᠬᠢ ᠬᠠᠤᠯᠢ ᠴᠠᠭᠠᠵᠠ ᠬᠠᠤᠯᠢ ᠲᠣᠭᠲᠠᠭᠠᠯ᠎ᠲᠣᠭᠲᠠᠭᠠᠬᠤ ᠪᠠ ᠵᠠᠰᠠᠪᠤᠷᠢ ᠣᠷᠣᠭᠤᠯᠬᠤ᠎ᠶᠢ ᠲᠦᠷᠭᠡᠳᠬᠡᠨ ᠠᠬᠢᠭᠤᠯᠵᠤ᠂ 2030 ᠣᠨ ᠪᠣᠯᠬᠤ᠎ᠳᠤ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠲᠣᠮᠣ᠌ ᠤᠯᠤᠰ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠦᠴᠦᠨ᠎ᠦ ᠰᠢᠰᠲᠧᠮ᠎ᠢ ᠦᠨᠳᠦᠰᠦᠨ᠎ᠳᠡᠭᠡᠨ ᠪᠠᠢᠭᠤᠯᠵᠤ᠂ ᠬᠦᠨᠳᠦ ᠶᠡᠬᠡ ᠣᠨᠴᠠ ᠶᠡᠬᠡ ᠭᠠᠯ᠎ᠤᠨ ᠭᠠᠮᠰᠢᠭ᠋᠎ᠤᠨ ᠡᠨᠳᠡᠯ᠎ᠢ ᠬᠣᠷᠢᠭ᠍ᠯᠠᠨ᠎ᠠ ᠭᠡᠵᠡᠢ᠃

✦ ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠤᠯᠤᠰ᠎ᠤᠨ ᠪᠠᠷᠢᠮᠵᠢᠶ᠎ᠠ ᠪᠣᠯᠬᠤ 《ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠬᠥᠳᠡᠯᠭᠡᠬᠦ ᠬᠦᠴᠦᠨ᠎ᠦ ᠬᠡᠯᠬᠢᠶ᠎ᠡ ᠳ᠋ᠢᠶᠠᠨ ᡂᠢ᠎ᠶᠢ ᠪᠠᠢᠴᠠᠭᠠᠨ ᠬᠡᠮᠵᠢᠬᠦ ᠲᠤᠷᠰᠢᠯᠲᠠ᠎ᠶᠢᠨ ᠠᠷᠭ᠎ᠠ》 ᠵᠢ ᠨᠡᠢᠲᠡᠯᠡᠵᠦ᠂ 2027 ᠣᠨ᠎ᠤ 3 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ ᠪᠡᠷ ᠪᠤᠢ᠃

✦ 21᠎ᠦ ᠡᠳᠦᠷ᠂ 2026 ᠣᠨ᠎ᠤ ᠳᠡᠯᠡᠬᠡᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠢᠭᠡᠳ ᠬᠥᠭᠵᠢᠯᠲᠡ᠎ᠶᠢᠨ ᠶᠠᠷᠢᠶᠠᠨ᠎ᠤ ᠲᠠᠪᠴᠠᠩ ᠴᠦᠩᠴᠢᠩ᠎ᠳᠦ ᠶᠠᠪᠤᠭᠳᠠᠵᠤ᠂ ᠲᠤᠰ ᠤᠨ᠎ᠤ 《ᠠᠷᠪᠠᠨ ᠶᠡᠬᠡ ᠬᠤᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》᠎ᠤᠨ ᠰᠤᠳᠤᠯᠭᠠᠨ᠎ᠢ ᠨᠡᠢᠲᠡᠯᠡᠪᠡ᠃

✦ ᠬᠥᠬᠡᠬᠣᠲᠠ᠎ᠶᠢᠨ 2027 ᠣᠨ᠎ᠤ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠢ 12 ᠰᠠᠷ᠎ᠠ᠎ᠶᠢᠨ ᠰᠡᠭᠦᠯᠴᠢ ᠪᠣᠯᠲᠠᠯ᠎ᠠ ᠲᠥᠪᠯᠡᠷᠡᠭᠦᠯᠦᠨ ᠬᠤᠷᠢᠶᠠᠬᠤ᠎ᠪᠡᠷ ᠪᠠᠢᠵᠤ᠂ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠬᠤᠪᠢ ᠬᠥᠮᠥᠨ᠎ᠦ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ 400 ᠲᠥᠭᠥᠷᠢᠭ ᠪᠠᠢᠵᠤ᠂ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠵᠡᠷᠭᠡ ᠬᠦᠴᠢᠷᠳᠡᠯᠲᠡᠢ ᠬᠥᠮᠥᠰ᠎ᠤᠨ ᠪᠠᠷᠢᠮᠵᠢᠶ᠎ᠡ ᠨᠢ ᠬᠦᠮᠦᠨ ᠪᠦᠷᠢ 200 ᠲᠥᠭᠥᠷᠢᠭ ᠪᠤᠯᠤᠨ᠎ᠠ᠃

✦ ᠡᠨᠡ ᠵᠢᠯ ᠪᠠᠶᠠᠨᠨᠠᠭᠤᠷ ᠬᠣᠲᠠ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠡᠯ᠎ᠡ ᠲᠥᠷᠥᠯ᠎ᠤᠨ ᠲᠠᠷᠢᠮᠠᠯ 1229.5 ᠲᠦᠮᠡᠨ ᠮᠦ᠍᠎ᠳᠦ ᠬᠦᠷᠴᠦ᠂ ᠣᠳᠣᠬᠠᠨ᠎ᠳᠤ ᠨᠡᠶ᠋ᠢᠲᠠ 1166.45 ᠲᠦᠮᠡᠨ ᠮᠦ᠍᠎ᠶᠢ ᠨᠢ ᠬᠤᠷᠢᠶᠠᠵᠤ᠂ ᠠᠬᠢᠴᠠ ᠨᠢ 94.87%᠎ᠳᠤ ᠬᠦᠷᠴᠡᠢ᠃

ᠠᠵᠤ ᠠᠬᠤᠢ

✦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ 21᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2026 ᠣᠨ᠎ᠤ ᠲᠦᠷᠦᠭᠦᠦ ᠭᠤᠷᠪᠠᠨ ᠤᠯᠠᠷᠢᠯ᠎ᠤᠨ ᠮᠠᠨ᠎ᠤ ᠤᠯᠤᠰ᠎ᠤᠨ ᠦᠨᠳᠦᠰᠦᠨ ᠡᠮ ᠡᠮᠨᠡᠯᠭᠡ᠎ᠵᠢᠨ ᠳᠠᠭᠠᠳᠬᠠᠯ (ᠦᠷᠡᠵᠢᠯ᠎ᠦᠨ ᠳᠠᠭᠠᠳᠬᠠᠯ ᠪᠠᠭᠲᠠᠨ᠎ᠠ)᠎ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠥ᠎ᠶᠢᠨ ᠶᠡᠷᠦᠩᠬᠡᠢ ᠣᠷᠣᠯᠭ᠎ᠠ 2.3 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠶᠡᠷᠦᠩᠬᠡᠢ ᠵᠠᠷᠤᠯᠭ᠎ᠠ 1.7 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃

✦ 2026 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠮᠠᠨ᠎ᠤ ᠤᠷᠤᠨ᠎ᠤ ᠨᠡᠷᠡᠨ ᠬᠤᠸᠠᠷ᠎ᠤᠨ ᠦᠷ᠎ᠡ᠎ᠶᠢᠨ ᠭᠠᠳᠠᠭᠠᠳᠤ ᠭᠠᠷᠭᠠᠯᠲᠠ᠎ᠶᠢᠨ ᠪᠠᠷᠠᠭᠠᠨ᠎ᠤ ᠥᠷᠲᠡᠭ 40.5 ᠳ᠋ᠦᠩᠰᠢᠭᠤᠷ ᠲᠥᠭᠥᠷᠢᠭ᠎ᠲᠦ ᠬᠦᠷᠴᠦ᠂ ᠪᠠᠷᠠᠭᠠᠨ᠎ᠤ ᠥᠷᠲᠡᠭ ᠠᠳᠠᠯᠢ ᠬᠤᠭᠤᠴᠠᠭᠠᠨ᠎ᠤ ᠬᠢ᠎ᠡᠴᠡ 43.6%᠎ᠪᠠᠷ ᠨᠡᠮᠡᠭᠳᠡᠵᠦ᠂ ᠭᠠᠳᠠᠭᠠᠳᠤ ᠭᠠᠷᠭᠠᠯᠲᠠ᠎ᠶᠢᠨ ᠲᠣᠭ᠎ᠠ ᠨᠢ ᠪᠥᠬᠥ ᠤᠯᠤᠰ᠎ᠤᠨ ᠨᠡᠷᠡᠨ ᠬᠤᠸᠠᠷ᠎ᠤᠨ ᠦᠷ᠎ᠡ᠎ᠶᠢᠨ ᠭᠠᠳᠠᠭᠠᠳᠤ ᠭᠠᠷᠭᠠᠯᠲᠠ᠎ᠶᠢᠨ ᠶᠡᠷᠦᠩᠬᠡᠢ ᠥᠷᠲᠡᠭ᠎ᠦᠨ 78.7%᠎ᠶᠢ ᠡᠵᠡᠯᠡᠵᠦ᠂ ᠪᠥᠬᠥ ᠤᠯᠤᠰ᠎ᠤᠨ ᠨᠡᠷᠡᠨ ᠬᠤᠸᠠᠷ᠎ᠤᠨ ᠦᠷ᠎ᠡ᠎ᠶᠢᠨ ᠭᠠᠳᠠᠭᠠᠳᠤ ᠭᠠᠷᠭᠠᠯᠲᠠ᠎ᠶᠢᠨ ᠲᠡᠷᠢᠭᠦᠨ ᠪᠠᠢᠷᠢ᠎ᠪᠡᠨ ᠦᠷᠭᠦᠯᠵᠢᠯᠡᠨ ᠪᠠᠲᠤᠯᠠᠪᠠ᠃

ᠰᠣᠶᠣᠯ 

✦ ᠥᠪᠥᠷ ᠮᠤᠩᠭᠤᠯ᠎ᠤᠨ ᠰᠢᠨ᠎ᠡ ᠤᠷᠠᠯᠢᠭᠴᠢᠳ᠎ᠤᠨ ᠰᠢᠨ᠎ᠡ ᠳᠠᠭᠤᠤ᠎ᠵᠢᠨ ᠦᠳᠡᠰᠢᠯᠡᠭᠡ 11 ᠰᠠᠷ᠎ᠠ᠎ᠵᠢᠨ 28᠎ᠤ ᠡᠳᠦᠷ ᠥᠪᠥᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠵᠢᠨ ᠶᠡᠬᠡ ᠰᠤᠷᠭᠠᠭᠤᠯᠢ᠎ᠵᠢᠨ ᠪᠡᠶ᠎ᠡ᠎ᠵᠢᠨ ᠲᠠᠮᠢᠷ᠎ᠤᠨ ᠤᠷᠳᠤᠨ᠎ᠳᠦ ᠶᠠᠪᠤᠭᠳᠠᠬᠤ᠎ᠪᠡᠷ ᠪᠤᠢ᠃

ᠲᠠᠮᠢᠷ

✦ 21᠎ᠦ ᠡᠳᠦᠷ᠂ 2026 ᠣᠨ᠎ᠤ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠷᠡᠭᠲᠡᠢ᠎ᠶᠢᠨ ᠪᠦᠯᠬᠦᠮ᠎ᠦᠨ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠭᠢᠮᠨᠠᠰᠲ᠋ᠢᠺ᠎ᠤᠨ ᠡᠷᠡᠭᠲᠡᠢ᠎ᠶᠢᠨ ᠠᠩᠭᠢ ᠭᠤᠷᠪᠠᠳᠤᠭᠠᠷ ᠨᠡᠷᠡᠰ᠎ᠦᠨ ᠬᠢᠷᠢ ᠪᠦᠲᠦᠮᠵᠢ᠎ᠪᠡᠷ ᠯᠤᠰ ᠠᠩᠵᠸᠯᠸᠰ᠎ᠤᠨ ᠣᠯᠢᠮᠫᠢᠺ᠎ᠦᠨ ᠲᠠᠮᠢᠷ᠎ᠤᠨ ᠴᠤᠭᠯᠠᠭᠠᠨ᠎ᠳᠤ ᠣᠷᠣᠯᠴᠠᠬᠤ ᠡᠷᠭᠡ᠎ᠵᠢ ᠤᠯᠪᠠ᠃

 ᠳᠡᠯᠡᠬᠡᠢ

✦ ᠲᠤᠬᠠᠢ᠎ᠶᠢᠨ ᠭᠠᠵᠠᠷ᠎ᠤᠨ ᠴᠠᠭ᠎ᠢᠶᠠᠷ 21᠎ᠦ ᠡᠳᠦᠷ᠂ ᠦᠺᠷᠠᠢᠨ᠎ᠤ ᠶᠡᠷᠦᠩᠬᠡᠢᠯᠡᠭᠴᠢ ᠽᠸᠯᠢᠶᠠᠨᠰᠺᠢ ᠰᠣᠷᠪᠤᠯᠵᠢᠯᠠᠭ᠎ᠠ ᠬᠦᠯᠢᠶᠡᠬᠦ᠎ᠳᠡᠭᠡᠨ ᠢᠯᠡᠷᠬᠡᠢᠯᠡᠭᠰᠡᠨ ᠨᠢ᠂ ᠦᠺᠷᠠᠢᠨ᠎ᠤ ᠬᠢᠨ ᠠᠳᠠᠭ ᠪᠠᠭ᠎ᠠ᠎ᠳᠠᠭᠠᠨ 75% ᠵᠢᠨ ᠨᠤᠲᠤᠭ ᠳᠡᠪᠢᠰᠬᠡᠷ᠎ᠢ ᠡᠵᠡᠮᠳᠡᠬᠦ ᠡᠷᠬᠡ᠎ᠪᠡᠨ ᠦᠯᠡᠳᠡᠭᠡᠭᠰᠡᠨ ᠰᠠᠭᠤᠷᠢᠨ ᠳᠡᠭᠡᠷ᠎ᠡ ᠨᠠᠢᠷᠠᠮᠳᠠᠯ᠎ᠤᠨ ᠬᠡᠯᠡᠯᠴᠡᠭᠡᠷ ᠲᠣᠭᠲᠠᠬᠤ ᠪᠣᠯᠣᠨ᠎ᠠ ᠭᠡᠪᠡ᠃

✦ ᠰᠢᠨᠬᠤᠸᠠ ᠬᠤᠷᠢᠶ᠎ᠠ᠎ᠵᠢᠨ ᠮᠡᠳᠡᠭᠡ᠎ᠵᠢ ᠦᠨᠳᠦᠰᠦᠯᠡᠪᠡᠯ᠂ ᠠᠨᠭ᠌ᠭ᠌ᠯᠢ᠎ᠶᠢᠨ ᠣᠯᠠᠨ ᠨᠡᠶ᠋ᠢᠲᠡ᠎ᠶᠢᠨ ᠥᠷᠢ ᠥᠭᠴᠡᠭᠡ᠎ᠶᠢᠨ ᠶᠡᠷᠦᠩᠬᠡᠢ ᠲᠣᠭ᠎ᠠ ᠠᠩᠬ᠎ᠠ ᠤᠳᠠᠭ᠎ᠠ 3 ᠲᠦᠮᠡᠨ ᠳ᠋ᠦᠩᠰᠢᠭᠤᠷ ᠫᠦᠨᠳ᠋᠎ᠢ ᠳᠠᠪᠠᠪᠠ᠃

 ᠦᠢᠯᠡᠴᠢᠯᠡᠭᠡ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠤᠰᠤ ᠴᠠᠬᠢᠯᠭᠠᠨ᠎ᠤ ᠬᠠᠢᠨ ᠬᠡᠮᠵᠢᠬᠦ ᠵᠢᠷᠤᠭ ᠲᠥᠯᠥᠪᠯᠡᠭᠡᠨ᠎ᠦ ᠬᠢᠵᠠᠭᠠᠷᠲᠤ ᠺᠣᠮᠫᠠᠨᠢ ᠠᠵᠢᠯᠲᠠᠨ ᠡᠯᠰᠡᠵᠦ ᠪᠤᠢ᠃ 

ᠲᠠᠨ᠎ᠤ ᠲᠤᠰᠠ᠎ᠳᠤ 

✦ ᠨᠠᠰᠤᠲᠠᠢᠴᠤᠳ᠎ᠲᠤ ᠠᠪᠴᠤ ᠬᠡᠯᠡᠪᠡᠯ᠂ ᠣᠳᠣᠬᠠᠨ᠎ᠳᠦ ᠬᠦᠴᠦᠨ᠎ᠦ ᠪᠣᠯᠪᠠᠰᠤᠷᠠᠯ ᠬᠢᠬᠦ ᠪᠣᠯ ᠪᠤᠯᠴᠢᠩ᠎ᠤᠨ ᠠᠯᠳᠠᠭᠳᠠᠯ᠂ ᠥᠲᠡᠯᠬᠦ᠎ᠶᠢ ᠤᠳᠠᠭᠠᠰᠢᠷᠠᠭᠤᠯᠬᠤ ᠪᠦᠲᠦᠮᠵᠢᠲᠡᠶ ᠠᠷᠭ᠎ᠠ ᠪᠣᠯᠣᠨ᠎ᠠ᠃ ᠬᠥᠳᠡᠯᠭᠡᠭᠡᠨ ᠪᠦᠷᠢ᠎ᠵᠢ 10 - 15 ᠤᠳᠠᠭ᠎ᠠ᠂ 2 - 3 ᠳᠤᠭᠤᠢᠯᠠᠩ᠂ ᠭᠠᠷᠠᠭ ᠪᠦᠷᠢ 2 - 3 ᠤᠳᠠᠭ᠎ᠠ ᠬᠢᠪᠡᠯ ᠵᠤᠬᠢᠨ᠎ᠠ᠃ ᠬᠦᠴᠦᠨ᠎ᠦ ᠪᠣᠯᠪᠠᠰᠤᠷᠠᠯ ᠬᠢᠬᠦ᠎ᠵᠢᠨ ᠳᠠᠭᠠᠤ ᠭᠦᠢᠴᠡᠳ ᠬᠡᠮᠵᠢᠶᠡᠨ᠎ᠦ ᠤᠭᠤᠷᠠᠭ ᠨᠥᠬᠥᠪᠥᠷᠢᠯᠡᠬᠦ ᠨᠢ ᠪᠤᠯᠴᠢᠩ᠎ᠢ ᠬᠠᠮᠠᠭᠠᠯᠠᠵᠤ᠂ ᠪᠡᠶ᠎ᠡ᠎ᠵᠢᠨ ᠡᠷᠬᠡᠲᠡᠨ᠎ᠤ ᠰᠠᠭᠤᠷᠢ ᠰᠣᠯᠢᠯᠴᠠᠭ᠎ᠠ᠎ᠶᠢ ᠳᠡᠭᠡᠭᠰᠢᠯᠡᠭᠦᠯᠬᠦ᠎ᠳᠦ ᠨᠡᠩ ᠰᠠᠢᠨ ᠪᠠᠢᠳᠠᠭ᠃

ᠵᠠᠯᠭᠠᠭᠠᠳ 《ᠨᠠᠷᠠ ᠰᠢᠭ᠋ ᠲᠡᠭᠷᠢ ᠡᠵᠢ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠭᠢᠯᠪᠡᠬᠡᠨ

  • ᠨᠡᠪᠲᠡᠷᠡᠭᠦᠯᠦᠭᠴᠢ᠄

    ᠭᠢᠯᠪᠡᠬᠡᠨ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面