ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-24 17:14:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


      

 ᠨᠡᠢᠭᠡᠮ 

✦ᠤᠢᠷ᠎ᠠ᠎ᠳᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠡᠴᠡ《ᠲᠡᠦᠬᠡ ᠰᠣᠶᠣᠯ᠎ᠤᠨ ᠨᠡᠷᠠᠲᠦ ᠬᠣᠲᠠ ( ᠪᠠᠯᠭᠠᠰᠤ ᠂ ᠲᠣᠰᠬᠣᠨ ) ᠵᠢᠴᠢ ᠡᠷᠲᠡᠨ᠎ᠤ ᠪᠠᠷᠢᠯᠭ᠎ᠠ᠎ᠶᠢ ᠬᠠᠮᠠᠭᠠᠯᠠᠬᠤ 〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ 》ᠵᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ ᠬᠣᠲᠠ ᠪᠠᠯᠭᠠᠰᠤᠨ᠎ᠤ ᠲᠡᠦᠬᠡ ᠰᠤᠶᠤᠯ᠎ᠤᠨ ᠬᠠᠮᠠᠭᠠᠯᠠᠯᠳᠠ ᠵᠢᠨ ᠭᠠᠵᠠᠷ᠎ᠢ ᠦᠷᠭᠦᠯᠵᠢᠯᠡᠨ ᠨᠡᠮᠡᠭᠳᠡᠬᠦᠯᠦᠨ᠎ᠡ ᠭᠡᠪᠡ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠮᠡᠳᠡᠭᠡᠯᠡᠭᠰᠡᠨ᠎ᠢᠶᠡᠷ᠂ ᠳᠠᠷᠠᠭᠠᠴᠢ᠎ᠶᠢᠨ ᠠᠯᠬᠤᠮ᠎ᠳᠤ ᠮᠠᠰᠢᠨ ᠲᠡᠷᠭᠡᠨ᠎ᠦ ᠬᠠᠮᠢᠶ᠎ᠠ ᠪᠦᠬᠦᠢ ᠪᠠᠷᠢᠮᠵᠢᠶ᠎ᠠ᠎ᠶᠢ ᠲᠦᠷᠭᠡᠪᠴᠢᠯᠡᠨ ᠲᠣᠭᠲᠠᠭᠠᠨ ᠵᠠᠰᠠᠪᠤᠷᠢ ᠣᠷᠣᠭᠤᠯᠵᠤ᠂ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠨ᠂ ᠪᠦᠬᠦ ᠬᠡᠯᠬᠢᠶ᠎ᠡ᠎ᠪᠠᠷ ᠬᠢᠨᠠᠨ ᠬᠠᠮᠢᠶᠠᠷᠬᠤ᠎ᠪᠠᠨ ᠴᠢᠩᠭᠠᠳᠬᠠᠬᠤ ᠪᠣᠯᠣᠨ᠎ᠠ᠃

✦ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠦ᠂ ᠪᠦᠬᠦ ᠨᠡᠢᠭᠡᠮ᠎ᠦᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠢᠲᠡ 80734 ᠳ᠋ᠦᠩᠰᠢᠭᠤᠷ ᠺᠢᠯᠦᠸᠠᠲ ᠴᠠᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 3.9%᠎ᠪᠡᠷ ᠨᠡᠮᠡᠭᠳᠡᠪᠡ᠃

✦22᠎ᠤᠨ ᠡᠳᠦᠷ᠂ ᠤᠷᠳᠤᠰ ᠬᠣᠲᠠ᠎ᠶᠢᠨ ᠠᠵᠢᠯᠴᠢᠨ᠎ᠤ ᠰᠣᠶᠣᠯ᠎ᠤᠨ ᠣᠷᠳᠣᠨ᠎ᠤ ᠦᠵᠡᠭᠦᠯᠭᠡ᠎ᠶᠢᠨ ᠲᠢᠩᠬᠢᠮ᠎ᠳᠦ᠂《ᠣᠷᠳᠣ᠌ ᠵᠠᠮ᠎ᠤᠨ ᠠᠶᠠᠨ ᠳᠠᠢᠨ᠎ᠦ ᠵᠣᠷᠢᠭ᠋ ᠰᠠᠨᠠᠭ᠎ᠠ᠎ᠶᠢ ᠵᠠᠯᠭᠠᠮᠵᠢᠯᠠᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠶ᠎ᠠ》— ᠬᠢᠶ᠎ᠡ ᠪᠠᠭ᠍ᠰᠢ ᠲᠣᠭᠣᠷᠢᠭ᠋᠎ᠤᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠳᠠᠢᠨ ᠢᠯᠠᠯᠲᠠ ᠣᠯᠣᠭᠰᠠᠨ 90 ᠵᠢᠯ᠎ᠦᠨ ᠣᠢ᠎ᠶᠢ ᠳᠤᠷᠠᠰᠬᠠᠬᠤ ᠰᠢᠷᠢᠰ ᠠᠵᠢᠯᠯᠠᠭ᠎ᠠ ᠡᠬᠢᠯᠡᠪᠡ᠃

✦ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠪᠦᠷᠢᠳᠦ ᠰᠤᠮᠤᠨ᠎ᠤ ᠴᠠᠭᠠᠨ ᠣᠪᠣᠭ᠎ᠠ ᠭᠠᠴᠠᠭ᠎ᠠ᠎ᠪᠠᠷ ᠨᠤᠲᠤᠭ᠎ᠲᠠᠢ ᠵᠠᠯᠠᠭᠤ ᠮᠠᠯᠴᠢᠨ ᠴᠣᠯᠮᠣᠨ ᠪᠦᠰᠡᠭᠦᠢ ᠴᠣᠯᠮᠣᠨᠴᠡᠴᠡᠭ᠎ᠲᠠᠢ᠎ᠪᠡᠨ ᠬᠣᠶᠠᠭᠤᠯᠠ ᠤᠢᠷ᠎ᠠ᠎ᠶᠢᠨ ᠵᠢᠷᠭᠤᠭᠠᠨ ᠵᠢᠯ᠎ᠳᠦ ᠬᠣᠷᠢᠨ ᠨᠢᠭᠡᠨ ᠥᠨᠥᠴᠢᠨ ᠤᠨᠠᠭ᠎ᠠ᠎ᠶᠢ ᠤᠭᠵᠢᠵᠤ ᠪᠦᠬᠦᠨ᠎ᠢ ᠮᠠᠯ ᠪᠣᠯᠭᠠᠭᠠᠳ ᠣᠳᠤ ᠭᠤᠴᠢᠭᠠᠳ ᠠᠳᠤᠭᠤ᠎ᠲᠠᠢ ᠪᠣᠯᠤᠭᠰᠠᠨ ᠪᠠᠢᠨ᠎ᠠ᠃

✦ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ᠎ᠠᠴᠠ ᠬᠥᠬᠡᠬᠣᠲᠠ ︱ ᠠᠯᠠᠱᠠ ᠵᠡᠭᠦᠨ ᠬᠣᠰᠢᠭᠤ ︱ ᠴᠧᠩᠳᠦ᠋ ᠬᠤᠲᠠ᠎ᠶᠢᠨ ᠲᠢᠶᠠᠨ ᠹᠦ ᠨᠢᠰᠬᠡᠯ᠎ᠤᠨ ᠪᠠᠭᠤᠳᠠᠯ᠎ᠳᠦ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ 11 ᠰᠠᠷ᠎ᠠ᠎ᠶᠢᠨ 13᠎ᠤ ᠡᠳᠦᠷ᠎ᠡᠴᠡ ᠡᠬᠢᠯᠡᠨ ᠨᠡᠪᠲᠡᠷᠡᠭᠦᠯᠬᠦ᠎ᠪᠡᠷ ᠪᠤᠯᠪᠠ᠃ ᠡᠨᠡ ᠪᠤᠯ ᠠᠯᠠᠱᠠ ᠵᠡᠭᠦᠨ ᠬᠣᠰᠢᠭᠤᠨ᠎ᠠᠴᠠ ᠴᠧᠩᠳᠦ᠋ ᠬᠣᠲᠠ᠎ᠶᠢᠨ ᠲᠢᠶᠠᠨ ᠹᠦ ᠨᠢᠰᠬᠡᠯ᠎ᠤᠨ ᠪᠠᠭᠤᠳᠠᠯ᠎ᠳᠤ ᠰᠢᠭᠤᠳ ᠬᠦᠷᠬᠦ ᠠᠩᠬᠠᠨ᠎ᠤ ᠠᠭᠠᠷ᠎ᠤᠨ ᠠᠶᠠᠯᠠᠯ᠎ᠤᠨ ᠱᠤᠭᠤᠮ ᠪᠠᠢᠵᠤ᠂ ᠭᠠᠷᠠᠭ ᠪᠦᠷᠢ 4 ᠡᠭᠡᠯᠵᠢ ᠨᠢᠰᠬᠦ ᠪᠣᠯᠣᠨ᠎ᠠ᠃

✦ᠤᠢᠷ᠎ᠠ᠎ᠳᠤ ᠤᠲᠤᠭ ᠬᠣᠰᠢᠭᠤᠨ᠎ᠤ ᠠᠵᠢᠯᠴᠢᠨ᠎ᠤ ᠶᠡᠷᠦᠩᠬᠡᠢ ᠡᠪᠯᠡᠯ ᠭᠠᠵᠢᠭᠤ ᠨᠣᠮᠯᠠᠯ᠎ᠢ ᠡᠰᠡᠷᠭᠦᠴᠡᠨ ᠰᠡᠷᠡᠮᠵᠢᠯᠡᠭᠦᠯᠬᠦ ᠬᠥᠮᠦᠵᠢᠯ᠎ᠦᠨ ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂

ᠠᠮᠤᠷ ᠠᠮᠤᠭᠤᠯᠠᠩ᠎ᠤᠨ ᠪᠠᠢᠭᠤᠯᠤᠯᠲᠠ᠂ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ ᠭᠠᠵᠢᠭᠤ ᠨᠣᠮᠯᠠᠯ᠎ᠢ ᠲᠠᠨᠢᠬᠤ᠂ ᠭᠠᠵᠢᠭᠤ ᠨᠣᠮᠯᠠᠯ᠎ᠢ ᠰᠡᠷᠭᠡᠢᠯᠡᠬᠦ᠂ ᠭᠠᠵᠢᠭᠤ ᠨᠣᠮᠯᠠᠯ᠎ᠢ ᠡᠰᠡᠷᠭᠦᠴᠡᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ᠎ᠢ ᠡᠷᠬᠢᠮᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠣᠢ ᠪᠣᠯᠭᠠᠬᠤ᠎ᠪᠠᠷ ᠵᠣᠷᠢᠯᠭ᠎ᠠ ᠪᠣᠯᠭᠠᠭᠰᠠᠨ ᠪᠠᠢᠨ᠎ᠠ᠃

 

✦ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠦ᠂ ᠨᠡᠢᠭᠡᠮ᠎ᠦᠨ ᠬᠡᠷᠡᠭᠯᠡᠭᠡᠨ᠎ᠦ ᠲᠠᠸᠠᠷ ᠪᠠ ᠦᠢᠯᠡᠴᠢᠯᠡᠭᠡᠨ᠎ᠦ ᠦᠢᠯᠡᠰ᠎ᠦᠨ ᠰᠤᠯᠠ ᠪᠠᠷ ᠪᠣᠷᠣᠯᠠᠭᠤᠯᠤᠭᠰᠠᠨ ᠬᠡᠮᠵᠢᠶ᠎ᠡ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 2.6%᠎ᠪᠡᠷ ᠨᠡᠮᠡᠭᠳᠡᠪᠡ᠃

✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠬᠢᠨᠠᠨ ᠬᠡᠮᠵᠢᠯᠲᠡ᠎ᠶᠢ ᠦᠨᠳᠦᠰᠦᠯᠡᠪᠡᠯ᠂ 2026 ᠣᠨ᠎ᠤ 27 ᠳ᠋ᠤᠭᠠᠷ ᠭᠠᠷᠠᠭ ( 2026 ᠣᠨ ᠎ᠤ 6 ᠰᠠᠷ᠎ᠠ ᠎ᠶᠢᠨ 29 - 7 ᠰᠠᠷ᠎ᠠ ᠎ᠶᠢᠨ 5᠎ᠤ ᠡᠳᠦᠷ )᠎ᠠᠴᠠ ᠡᠬᠢᠯᠡᠨ᠂ ᠮᠠᠨ᠎ᠤ ᠤᠯᠤᠰ᠎ᠤᠨ ᠦᠬᠡᠷ᠎ᠦᠨ ᠮᠢᠬᠠᠨ᠎ᠤ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠦᠨ ᠳᠤᠮᠳᠠᠴᠢ ᠦᠨ᠎ᠡ ᠨᠢ ᠨᠢᠭᠡᠨᠲᠡ 15 ᠭᠠᠷᠠᠭ ᠳᠠᠷᠠᠭᠠᠯᠠᠨ ᠥᠰᠦᠭᠰᠡᠨ ᠪᠠᠢᠨ᠎ᠠ᠃ 20᠎ᠤ ᠡᠳᠦᠷ᠎ᠦᠨ 14 ᠴᠠᠭ ᠪᠣᠯᠲᠠᠯ᠎ᠠ᠂ ᠪᠥᠬᠥ ᠤᠯᠤᠰ᠎ᠦᠨ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ ᠵᠢᠡᠷ ᠬᠤᠳᠠᠯᠳᠤᠬᠤ ᠵᠠᠬ᠎ᠠ ᠳᠡᠯᠭᠡᠭᠦᠷ᠎ᠦᠨ ᠦᠬᠡᠷ᠎ᠦᠨ ᠮᠢᠬᠠᠨ᠎ᠤ ᠳᠤᠮᠳᠠᠴᠢ ᠦᠨ᠎ᠡ ᠺᠢᠯᠣᠭ᠌ᠷᠡᠮ ᠪᠦᠷᠢ᠎ᠳᠡᠭᠡᠨ 73.53 ᠲᠥᠭᠥᠷᠢᠭ᠎ᠲᠦ ᠬᠦᠷᠴᠡᠢ᠃

✦9 ᠰᠠᠷ᠎ᠠ᠎ᠳᠤ᠂ ᠭᠠᠭᠴᠠᠮᠣᠳᠤ ᠪᠣᠭᠣᠮᠲᠠ᠎ᠶᠢᠨ ᠬᠢᠯᠢ᠎ᠪᠠᠷ ᠣᠷᠣᠵᠤ ᠢᠷᠡᠭᠰᠡᠨ AGV ᠪᠠᠷᠠᠭᠠᠨ᠎ᠦ ᠲᠡᠭᠡᠭᠡᠪᠦᠷᠢ᠎ᠶᠢᠨ ᠲᠡᠷᠭᠡ 1 ᠲᠦᠮᠡ ᠭᠠᠷᠤᠢ ᠤᠳᠠᠭ᠎ᠠ᠎ᠳᠤ ᠬᠦᠷᠴᠦ᠂ ᠲᠡᠭᠡᠭᠡᠪᠦᠷᠢᠯᠡᠭᠰᠡᠨ ᠪᠠᠷᠠᠭᠠᠨ᠎ᠦ ᠬᠡᠮᠵᠢᠶ᠎ᠡ ᠨᠢ 72 ᠲᠦᠮᠡ 4800 ᠲᠣᠨ᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ ᠡᠴᠡ175% ᠪᠠ 219%᠎ᠪᠠᠷ ᠨᠡᠮᠡᠭᠳᠡᠵᠡᠢ᠃

✦《ᠠᠷᠠᠳ᠎ᠤᠨ ᠲᠤᠤᠯᠢ᠎ᠶᠢᠨ ᠬᠠᠮᠲᠤ᠎ᠶᠢᠨ ᠭᠡᠷ ᠣᠷᠣᠨ》ᠭᠡᠬᠦ ᠭᠣᠣᠯ ᠰᠡᠳᠦᠪᠲᠦ ᠲᠤᠮᠳᠠᠳᠤ ᠤᠯᠤᠰ᠎ᠤᠨ《ᠭᠤᠷᠪᠠᠨ ᠶᠡᠬᠡ ᠲᠤᠤᠯᠢ》᠎ᠶᠢᠨ ᠥᠪᠥᠷ ᠮᠣᠩᠭᠣᠯ ᠣᠷᠣᠨ᠎ᠳᠡᠬᠢ ᠰᠣᠯᠢᠯᠴᠠᠭᠠᠨ᠎ᠦ ᠠᠵᠢᠯᠯᠠᠭ᠎ᠠ ᠤᠷᠴᠢᠮᠬᠠᠨ ᠪᠠᠭᠠᠷᠢᠨ ᠪᠠᠷᠠᠭᠤᠨ ᠬᠣᠰᠢᠭᠤᠨ᠎ᠳᠤ ᠶᠠᠪᠤᠬᠳᠠᠪᠠ᠃

ᠲᠠᠮᠢᠷ

✦22᠎ᠤᠨ ᠡᠳᠦᠷ᠂ 2026 ᠣᠨ᠎ᠤ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠮᠡᠭᠲᠡᠢ᠎ᠶᠢᠨ ᠪᠦᠯᠬᠦᠮ᠎ᠦᠨ ᠰᠢᠢᠳᠪᠦᠷᠢᠲᠦ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠭᠢ 165.764 ᠬᠤᠪᠢ᠎ᠶᠢᠨ ᠬᠢᠷᠢ ᠪᠦᠲᠦᠮᠵᠢ᠎ᠪᠡᠷ ᠮᠠᠩᠯᠠᠢᠯᠠᠪᠠ᠃ ᠡᠨᠡ ᠪᠣᠯ ᠳᠤᠮᠳᠠᠳᠤ ᠤᠯᠤᠰ᠎ᠤᠨ ᠠᠩᠭᠢ 20 ᠵᠢᠯ ᠠᠯᠤᠰᠯᠠᠭᠠᠳ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠮᠡᠭᠲᠡᠢ᠎ᠶᠢᠨ ᠪᠦᠯᠬᠦᠮ᠎ᠦᠨ ᠮᠠᠩᠯᠠᠢ ᠪᠣᠯᠤᠭᠰᠠᠨ ᠪᠥᠭᠡᠳ 2028 ᠣᠨ᠎ᠤ ᠯᠤᠰ ᠠᠩᠵᠸᠯᠸᠰ᠎ᠤᠨ ᠣᠯᠢᠮᠫᠢᠺ᠎ᠤᠨ ᠳᠠᠮᠢᠷ᠎ᠤᠨ ᠴᠤᠭᠯᠠᠭᠠᠨ᠎ᠤ ᠪᠦᠯᠬᠦᠮ᠎ᠦᠨ ᠤᠷᠤᠯᠳᠤᠭᠠᠨ᠎ᠳᠤ ᠣᠷᠣᠯᠴᠠᠬᠤ ᠡᠷᠬᠡ  ᠵᠢ ᠤᠯᠤᠬᠰᠠᠨ ᠶᠠᠪᠤᠳᠠᠯ ᠪᠤᠯᠤᠨ᠎ᠠ᠃

✦ᠥᠪᠡᠷᠲᠡᠭᠡᠨ ᠵᠠᠰᠠᠬᠤ ᠣᠷᠣᠨ᠎ᠦ ᠪᠡᠶ᠎ᠡ᠎ᠶᠢᠨ ᠲᠠᠮᠢᠷ ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 2026 — 2027 ᠣᠨ᠎ᠤ ᠣᠷᠤᠯᠳᠤᠭᠠᠨ᠎ᠤ ᠤᠯᠠᠷᠢᠯ᠎ᠤᠨ ᠳᠤᠮᠳᠠᠳᠤ ᠤᠯᠤᠰ᠎ᠤᠨ ᠬᠤᠨᠳᠠᠭᠠᠲᠤ ᠲᠦᠷᠭᠡᠨ ᠲᠡᠰᠢᠯᠲᠡ᠎ᠶᠢᠨ ᠰᠣᠳᠣᠴᠤᠤᠯ᠎ᠤᠨ ᠬᠣᠯᠪᠣᠭᠠᠲᠤ ᠣᠷᠤᠯᠳᠤᠭᠠᠨ᠎ᠤ ᠬᠣᠶᠠᠳᠤᠭᠠᠷ
ᠥᠷᠲᠡᠭᠡ᠎ᠶᠢᠨ ᠤᠷᠤᠯᠳᠤᠭᠠᠨ ᠲᠦᠷᠦᠭᠦᠬᠡᠨ ᠬᠥᠯᠥᠨ ᠪᠤᠢᠷ ᠬᠤᠲᠠ᠎ᠶᠢᠨ ᠬᠠᠢᠯᠠᠷ ᠲᠣᠭᠣᠷᠢᠭ᠋᠎ᠲᠤ ᠶᠠᠪᠤᠭᠳᠠᠵᠤ᠂ ᠮᠠᠨ᠎ᠤ ᠣᠷᠣᠨ᠎ᠤ ᠲᠠᠮᠢᠷᠴᠢᠨ 2 ᠠᠯᠲᠠᠨ ᠮᠧᠳᠠᠯ᠂ 3 ᠮᠥᠩᠭᠥᠨ ᠮᠧᠳᠠᠯ ᠪᠠ 2 ᠬᠦᠷᠡᠯ ᠮᠧᠳᠠᠯ ᠭᠠᠷᠳᠠᠪᠠ᠃

ᠲᠡᠯᠡᠬᠡᠢ  


✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠷᠭᠧᠨ᠋ᠲ᠋ᠢᠨ᠎ᠤ ᠶᠡᠷᠦᠩᠬᠡᠢᠯᠡᠭᠴᠢ ᠮᠠᠯᠠᠢᠰᠢᠶ᠎ᠠ ᠠᠷᠠᠯ᠎ᠤᠨ ᠡᠷᠬᠡ ᠮᠡᠳᠡᠯ᠎ᠢ ᠭᠠᠳᠠᠭᠠᠳᠤ ᠬᠠᠷᠢᠯᠴᠠᠭᠠᠨ᠎ᠤ ᠠᠷᠭ᠎ᠠ᠎ᠪᠠᠷ ᠪᠤᠴᠠᠭᠠᠨ ᠠᠪᠤᠨ᠎ᠠ ᠭᠡᠵᠦ ᠳᠠᠬᠢᠨᠲᠠ ᠢᠯᠡᠷᠬᠡᠢᠯᠡᠪᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠠᠮᠧᠷᠢᠺᠠ ᠪᠣᠯᠣᠨ ᠢᠰᠷᠧᠯ᠎ᠦᠨ ᠴᠡᠷᠢᠭ᠎ᠦᠨ ᠲᠠᠯ᠎ᠠ᠎ᠶᠢᠨ ᠬᠢᠨ ᠨᠢᠭᠡᠨᠲᠡ ᠪᠣᠳᠠᠲᠠᠢ ᠲᠥᠯᠥᠪᠯᠡᠭᠡ ᠲᠣᠭᠲᠠᠭᠠᠵᠤ᠂ 11 ᠰᠠᠷ᠎ᠠ᠎ᠳᠤ ᠠᠮᠧᠷᠢᠺᠠ᠎ᠶᠢᠨ ᠳᠤᠮᠳᠠ ᠬᠤᠭᠤᠴᠠᠭᠠᠨ᠎ᠤ ᠰᠣᠩᠭᠣᠭᠤᠯᠢ ᠳᠠᠭᠤᠰᠤᠭᠰᠠᠨ᠎ᠤ ᠳᠠᠷᠠᠭ᠎ᠠ ᠢᠷᠠᠨ᠎ᠳᠤ ᠳᠠᠬᠢᠨᠲᠠ ᠴᠣᠬᠢᠯᠲᠠ ᠥᠭᠬᠦ᠎ᠪᠡᠷ ᠪᠡᠯᠡᠳᠬᠡᠵᠦ ᠪᠠᠢᠨ᠎ᠠ᠂ ᠭᠡᠪᠡᠴᠦ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠡᠨᠡ ᠬᠦ᠌ ᠲᠥᠯᠥᠪᠯᠡᠭᠡ᠎ᠶᠢ ᠬᠡᠷᠡᠭᠵᠢᠭᠦᠯᠬᠦ᠎ᠶᠢ ᠵᠥᠪᠰᠢᠶᠡᠷᠡᠬᠦ ᠡᠰᠡᠬᠦ ᠨᠢ ᠬᠠᠷᠠᠬᠠᠨ ᠲᠣᠭᠲᠠᠭᠠᠳᠤᠢ ᠪᠠᠢᠨ᠎ᠠ᠃

✦ᠮᠤᠷᠢᠨᠳᠠᠪᠠᠭ᠎ᠠ ᠵᠢᠨ ᠳᠠᠭᠤᠷ ᠦᠨᠳᠦᠰᠦᠳᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ 

 

✦20᠎ᠤ ᠡᠳᠦᠷ᠂ ᠪᠤᠭᠤᠲᠤ᠎ᠶᠢᠨ ᠬᠥᠨᠳᠡᠯᠡᠨ ᠭᠣᠣᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠵᠢᠷᠭᠢᠶ᠎ᠠ ᠲᠠᠪᠴᠠᠩ ᠳ᠋ᠦ᠂ ᠬᠥᠨᠳᠡᠯᠡᠨ ᠭᠣᠣᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠨᠡᠭᠦᠳᠡᠯ᠎ᠦᠨ ᠰᠢᠪᠠᠭᠤᠳ᠎ᠤᠨ ᠨᠡᠭᠦᠳᠡᠯᠯᠡᠬᠦ ᠬᠤᠭᠤᠴᠠᠭᠠᠨ᠎ᠳᠤ ᠲᠦᠷ ᠴᠠᠭ ᠡᠭᠦᠳᠡ᠎ᠪᠡᠨ ᠬᠠᠭᠠᠨ᠎ᠠ ᠭᠡᠵᠦ ᠠᠯᠪᠠᠨ ᠵᠠᠷᠯᠠᠯ ᠨᠡᠢᠲᠡᠯᠡᠭᠰᠡᠨ ᠪᠠᠢᠨ᠎ᠠ ᠃

 

 

 ✦ᠬᠤᠭᠤᠯᠠ ᠢᠳᠡᠬᠦ᠎ᠳᠤ ᠤᠷᠢᠳ ᠵᠢᠡᠷ ᠨᠤᠭᠤᠭ᠎ᠠ ᠪᠠ ᠮᠢᠬ᠎ᠠ ᠢᠳᠡᠵᠤ᠂ ᠳᠠᠷᠠᠭ᠎ᠠ ᠨᠢ ᠭᠤᠤᠯ ᠢᠳᠡᠭᠡᠨ ᠵᠢᠡᠨ ᠢᠳᠡᠪᠡᠯ ᠬᠠᠮᠤᠭ᠎ᠤᠨ ᠳᠤᠬᠢᠷᠠᠮᠵᠢᠳᠠᠢ ᠪᠠᠢᠵᠤ᠂ ᠴᠢᠰᠤᠨ ᠰᠢᠬᠢᠷ ᠨᠡᠩ ᠳᠤᠬᠲᠠᠭᠤᠨ ᠪᠤᠯᠬᠤ ᠵᠢᠨ ᠵᠡᠷᠭᠡᠪᠡᠷ ᠠᠮᠠᠷᠬᠠᠨ ᠦᠯᠦᠰᠬᠦ ᠦᠭᠡᠢ ᠪᠠᠢᠳᠠᠭ᠃

 

 

ᠵᠠᠯᠭᠠᠭᠠᠳ 《ᠨᠠᠷᠠᠨ ᠵᠦᠭ᠎ᠤᠨ ᠤᠨᠠᠭ᠎ᠠ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

 


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面