2026-10-26 11:29:47



ᠨᠡᠢᠭᠡᠮ
✦24᠎ᠦ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠨᠠᠢ᠍ᠮᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠭᠳᠠᠬᠤ ᠡᠲᠡᠭᠡᠳ᠎ᠢ ᠨᠡᠢᠲᠡᠯᠡᠪᠡ᠃ ᠲᠤᠰ ᠤᠳᠠᠭᠠᠨ᠎ᠤ ᠲᠣᠭᠣᠷᠢᠨ ᠪᠠᠢᠴᠠᠭᠠᠯᠲᠠ ᠨᠢ ᠰᠤᠷᠭᠠᠨ ᠬᠥᠮᠦᠵᠢᠯ᠎ᠦᠨ ᠶᠠᠮᠤᠨ᠂ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠵᠡᠷᠭᠡ 32 ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠥᠷᠨᠢᠭᠦᠯᠬᠦ ᠪᠣᠯᠣᠨ᠎ᠠ᠃
✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠬᠠᠮᠤᠭ ᠤᠨ ᠰᠢᠨ᠎ᠡ ᠲᠠᠷᠢᠶᠠᠯᠠᠩ᠎ᠤᠨ ᠪᠠᠢᠳᠠᠯ᠎ᠤᠨ ᠲᠣᠬᠢᠷᠠᠭᠤᠯᠤᠯᠲᠠ᠎ᠵᠢ ᠦᠨᠳᠦᠰᠦᠯᠡᠪᠡᠯ᠂ ᠤᠳᠤᠬᠠᠨ᠎ᠳᠦ ᠪᠥᠬᠥ ᠤᠯᠤᠰ᠎ᠤᠨ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ ᠨᠠᠢ᠍ᠮᠠᠨ ᠬᠤᠪᠢ᠎ᠶᠢ ᠳᠠᠪᠠᠪᠠ᠃
✦24᠎ᠦ ᠡᠳᠦᠷ᠂ ᠮᠠᠨ᠎ᠤ ᠤᠯᠤᠰ᠎ᠤᠨ ᠠᠩᠬᠠᠳᠠᠭ᠍ᠴᠢ ᠣᠷᠣᠨ ᠪᠦᠰᠡ᠎ᠶᠢᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ — ᠡᠮᠦᠨᠡᠲᠦ ᠣᠷᠣᠨ᠎ᠤ ᠣᠷᠣᠨ ᠪᠦᠰᠡ᠎ᠶᠢᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ ᠠᠵᠢᠯ᠎ᠵᠢᠡᠨ ᠡᠬᠢᠯᠡᠭᠦᠯᠪᠡ᠃
✦2027 ᠣᠨ᠎ᠤ ᠲᠥᠪ ᠦᠨ ᠪᠠᠢᠭᠤᠯᠭ᠎ᠠ ᠨᠢᠭᠡᠴᠢ᠎ᠶᠢᠨ ᠠᠯᠪᠠᠲᠠᠨ ᠢᠯᠡ᠎ᠪᠡᠷ ᠰᠢᠯᠢᠨ ᠰᠣᠩᠭᠣᠬᠤ ᠪᠠ ᠢᠯᠡ᠎ᠪᠡᠷ ᠰᠣᠩᠭᠣᠨ ᠰᠢᠯᠵᠢᠭᠦᠯᠬᠦ ᠠᠵᠢᠯ ᠡᠬᠢᠯᠡᠬᠦ᠎ᠪᠡᠷ ᠪᠠᠢᠵᠤ᠂ ᠰᠢᠯᠭᠠᠭᠤᠯᠤᠭ᠍ᠴᠢ 10 ᠰᠠᠷ᠎ᠠ᠎ᠶᠢᠨ 28᠎ᠤ ᠡᠳᠦᠷ᠎ᠦᠨ 8 ᠴᠠᠭ — 11 ᠰᠠᠷ᠎ᠠ᠎ᠶᠢᠨ 6᠎ᠤ ᠡᠳᠦᠷ᠎ᠦᠨ 18 ᠴᠠᠭ᠎ᠤᠨ ᠬᠣᠭᠣᠷᠣᠨᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠃
✦ᠪᠥᠬᠥ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠵᠢᠨ ᠲᠤᠪᠴᠢᠶ᠎ᠠ 25᠎ᠤ ᠡᠳᠦᠷ᠎ᠠᠴᠠ ᠡᠬᠢᠯᠡᠨ 2026 — 2027 ᠣᠨ᠎ᠤ ᠡᠪᠦᠯ ᠬᠠᠪᠤᠷ᠎ᠤᠨ ᠡᠭᠡᠯᠵᠢ᠎ᠶᠢᠨ ᠨᠢᠰᠬᠡᠯ᠎ᠦᠨ ᠲᠥᠯᠥᠪᠯᠡᠭᠡ᠎ᠶᠢ ᠬᠡᠷᠡᠭᠵᠢᠭᠦᠯᠵᠤ᠂ 2027 ᠣᠨ᠎ᠤ 3 ᠰᠠᠷ᠎ᠠ᠎ᠶᠢᠨ 27᠎ᠤ ᠡᠳᠦᠷ ᠪᠣᠯᠲᠠᠯ᠎ᠠ ᠬᠡᠷᠡᠭᠵᠢᠭᠦᠯᠬᠦ ᠪᠤᠯᠤᠨ᠎ᠠ᠃
✦ᠣᠢᠷ᠎ᠠ᠎ᠳᠤ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠤᠳᠤᠯᠭᠠᠨ᠎ᠤ ᠬᠦᠷᠢᠶᠡᠯᠡᠩ᠂ ᠬᠥᠬᠡᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠂ ᠹᠦ ᠶᠣᠣ ᠡᠮ ᠡᠮᠨᠡᠯᠭᠡ ( ᠥᠪᠥᠷ ᠮᠣᠩᠭᠣᠯ ) ᠶᠢᠨ ᠬᠢᠵᠠᠭᠠᠷᠲᠤ ᠺᠣᠮᠫᠠᠨᠢ ᠬᠠᠮᠲᠤᠪᠡᠷ ᠭᠡᠷ᠎ᠡ ᠲᠤᠭᠲᠠᠵᠤ᠂ ᠳᠡᠭᠡᠳᠦ ᠲᠠᠰ᠎ᠤᠨ ᠨᠠᠢᠷᠠᠯᠲᠠ᠎ᠶᠢᠨ CDMO ᠲᠠᠪᠴᠠᠩ᠎ᠢ ᠪᠠᠶ᠋ᠢᠭᠤᠯᠵᠤ᠂ ᠵᠢᠵᠢᠭ ᠮᠣᠯᠧᠺᠦ᠋ᠯ᠎ᠦᠨ ᠬᠠᠪᠤᠳᠠᠷ᠎ᠢ ᠡᠰᠡᠷᠭᠦᠴᠡᠬᠦ ᠤᠤᠭᠤᠬᠤ ᠡᠮ ᠵᠢᠴᠢ ᠠᠷᠠᠰᠤᠨ᠎ᠤ ᠭᠠᠳᠠᠷ ᠬᠡᠷᠡᠭᠯᠡᠬᠦ ᠵᠢᠩᠬᠢᠨᠢ ᠪᠠᠺᠲᠸᠷᠢ᠎ᠶᠢ ᠡᠰᠡᠷᠭᠦᠴᠡᠬᠦ ᠡᠮ ᠦᠢᠯᠡᠳᠪᠦᠷᠢᠯᠡᠬᠦ ᠰᠠᠭᠤᠷᠢᠨ᠎ᠤ ᠲᠥᠷᠥᠯ ᠵᠦᠢᠯ᠎ᠢ ᠪᠠᠢᠭᠤᠯᠬᠤ᠎ᠪᠡᠷ ᠲᠤᠭᠲᠠᠪᠠ᠃
✦ᠲᠦᠷᠦᠭᠦᠬᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠳᠦᠷ᠎ᠦᠨ ᠰᠣᠨᠢᠨ᠎ᠤ ᠬᠣᠷᠢᠶ᠎ᠠ 2026 ᠣᠨ᠎ᠤ ᠪᠥᠬᠥ ᠤᠯᠤᠰ᠎ᠤᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠰᠢᠯᠢᠳᠡᠭ ᠨᠣᠮ᠎ᠤᠨ ᠪᠦᠲᠦᠭᠡᠯ᠎ᠦᠨ ᠨᠡᠷᠡᠰ᠎ᠢ ᠵᠠᠷᠯᠠᠨ ᠨᠡᠢᠲᠡᠯᠡᠵᠦ᠂ ᠡᠭᠦᠨ᠎ᠳᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠲᠠᠨᠢᠯᠴᠠᠭᠤᠯᠵᠤ᠂ ᠥᠪᠥᠷ ᠮᠣᠩᠭᠣᠯ᠎ᠤᠨ ᠪᠠᠢᠭᠠᠯᠢ᠎ᠶᠢᠨ ᠮᠦᠽᠧᠢ᠎ᠶᠢᠨ ᠨᠠᠢᠷᠠᠭᠤᠯᠤᠨ ᠵᠣᠬᠢᠶᠠᠭᠰᠠᠨ 《ᠲᠠ ᠪᠢᠳᠡ ᠬᠢᠭᠡᠳ ᠬᠥᠬᠥᠲᠡᠨ ᠠᠮᠢᠲᠠᠨ᠎ᠤ ᠥᠯᠢᠭᠡᠷ》 ᠭᠡᠬᠦ ᠪᠥᠲᠥᠭᠡᠯ ᠰᠣᠩᠭᠣᠭᠳᠠᠪᠠ᠃
✦ᠣᠢᠷ᠎ᠠ᠎ᠳᠦ ᠰᠢᠬᠠᠤᠸᠠ ᠬᠣᠷᠢᠶ᠎ᠠ᠎ᠡᠴᠡ ᠡᠷᠬᠢᠯᠡᠭᠰᠡᠨ 《ᠮᠢᠩᠭᠠᠨ ᠬᠣᠲᠠ᠎ᠶᠢᠨ ᠰᠦᠷᠯᠢᠭ ᠦᠵᠡᠮᠵᠢ》ᠬᠡᠮᠡᠬᠦ ᠰᠢᠷᠢᠰ ᠪᠢᠴᠢᠯ ᠸᠢᠳᠢᠤ᠋᠎ᠶᠢᠨ ᠦᠵᠡᠭᠦᠯᠭᠡ᠎ᠶᠢᠨ 2026 ᠣᠨ᠎ᠤ ᠭᠤᠷᠪᠠᠳᠤᠭᠠᠷ ᠤᠯᠠᠷᠢᠯ᠎ᠤᠨ ᠲᠦᠷᠦᠭᠦᠦ ᠠᠷᠪᠠᠨ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠵᠦ᠂ ᠮᠠᠨ᠎ᠤ ᠣᠷᠣᠨ᠎ᠤ ᠭᠤᠷᠪᠠᠨ ᠪᠦᠲᠦᠭᠡᠯ ᠰᠣᠩᠭᠣᠭᠳᠠᠪᠠ᠃
✦ᠡᠨᠡ ᠵᠢᠯ᠎ᠦᠨ 1 — 9 ᠰᠠᠷ᠎ᠠ ᠪᠣᠯᠲᠠᠯ᠎ᠠ᠂ ᠤᠯᠤᠰ᠎ᠤᠨ ᠴᠠᠬᠢᠯᠭᠠᠨ ᠲᠣᠣᠷ᠎ᠤᠨ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ᠨᠡᠶ᠋ᠢᠲᠡ 4500 ᠳ᠋ᠦᠩᠰᠢᠭᠤᠷ ᠲᠥᠭᠥᠷᠢᠭ ᠪᠡᠢᠵᠤ᠂ ᠠᠳᠠᠯᠢ ᠬᠤᠭᠤᠴᠠᠭᠠᠨ᠎ᠤ ᠬᠢ᠎ᠡᠴᠡ 5.2%ᠵᠢᠡᠷ ᠨᠡᠮᠡᠭᠳᠡᠪᠡ᠃
✦ᠤᠢᠷ᠎ᠡ᠎ᠳᠦ ᠤᠷᠳᠤᠰ ᠬᠤᠲᠠ᠎ᠵᠢᠨ ᠬᠠᠩᠭᠢᠨ ᠬᠣᠰᠢᠭᠤᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ《ᠳᠤᠮᠳᠠᠳᠤ᠎ᠶᠢᠨ ᠰᠦᠭ ᠰᠦᠨᠡᠰᠦ》ᠣᠷᠳᠤ ᠵᠠᠮ᠎ᠤᠨ ᠠᠶᠠᠨ ᠳᠠᠶ᠋ᠢᠨ᠎ᠦ ᠥᠯᠢᠭᠡᠷ᠎ᠢ ᠤᠩᠰᠢᠨ ᠬᠤᠪᠢᠶᠠᠯᠴᠠᠬᠤ ᠠᠵᠢᠯᠯᠠᠭ᠎ᠠ ᠶᠠᠪᠤᠭᠳᠠᠪᠠ᠃
✦24᠎ᠦ ᠡᠳᠦᠷ᠂ ᠲᠠᠪᠤᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠥᠨᠳᠥᠷᠯᠡᠪᠡ᠃ ᠲᠣᠰ ᠬᠤᠭᠤᠴᠠᠭᠠᠨ᠎ᠤ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ ᠨᠡᠶ᠋ᠢᠲᠡ 207 ᠠᠯᠲᠠᠨ ᠮᠧᠳᠠᠯ᠂ 117 ᠮᠥᠩᠭᠥᠨ ᠮᠧᠳᠠᠯ᠂ 111 ᠬᠦᠷᠡᠯ ᠮᠧᠳᠠᠯ ᠭᠠᠷᠳᠠᠵᠤ᠂ ᠵᠠᠯᠭᠠᠭ᠎ᠠ᠎ᠪᠠᠷ ᠲᠠᠪᠤᠨ ᠬᠤᠭᠤᠴᠠᠭ᠎ᠠ ᠠᠽᠢᠶ᠎ᠠ ᠲᠢᠪ᠎ᠦᠨ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠠᠯᠲᠠᠨ ᠮᠧᠳᠠᠯ᠎ᠤᠨ ᠵᠢᠭ᠍ᠰᠠᠭᠠᠯᠲᠠ᠂ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ ᠲᠦᠷᠦᠭᠦᠯᠡᠵᠦ᠂ ᠬᠢᠯᠢ᠎ᠶᠢᠨ ᠭᠠᠳᠠᠨᠠᠬᠢ ᠤᠷᠤᠯᠳᠤᠭᠠᠨ᠎ᠳᠤ ᠣᠷᠣᠯᠴᠠᠭᠰᠠᠨ ᠬᠠᠮᠤᠭ᠎ᠤᠨ ᠰᠠᠢᠨ ᠬᠢᠷᠢ ᠪᠦᠲᠦᠮᠵᠢ᠎ᠶᠢ ᠡᠭᠦᠳᠪᠡ᠃
✦24᠎ᠦ ᠡᠳᠦᠷ᠂ ᠪᠦᠬᠦ ᠤᠯᠤᠰ᠎ᠤᠨ ᠤᠮᠪᠠᠯᠲᠠ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ (25 ᠮᠧᠲᠷ ) ᠤ ᠡᠷᠡᠭᠲᠡᠢ᠎ᠶᠢᠨ 100 ᠮᠧᠲᠷ᠎ᠦᠨ ᠲᠠᠩᠭᠠᠢᠮᠠᠯ ᠤᠮᠪᠠᠯᠲᠠ᠎ᠶᠢᠨ ᠰᠢᠢᠳᠪᠦᠷᠢᠲᠦ ᠤᠷᠤᠯᠳᠤᠭᠠᠨ᠎ᠳᠤ᠂ ᠰᠢᠦᠢ ᠵᠢᠶᠠ ᠢᠦᠢ 48 ᠰᠧᠺᠦ᠋ᠨ᠋ᠳ᠋ 77 ᠵᠢᠨ ᠬᠢᠷᠢ ᠪᠦᠲᠦᠮᠵᠢ᠎ᠪᠡᠷ ᠠᠯᠲᠠᠨ ᠮᠧᠳᠠᠯ ᠭᠠᠷᠳᠠᠵᠤ᠂ ᠠᠽᠢᠶ᠎ᠠ ᠲᠢᠪ᠎ᠦᠨ ᠲᠠᠮᠢᠷᠴᠢᠳ᠎ᠤᠨ ᠲᠡᠮᠳᠡᠭᠯᠡᠯ᠎ᠢ ᠡᠭᠦᠳᠪᠡ᠃
✦ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠲᠦᠷᠺ᠂ ᠶᠧᠵᠢᠫᠲ᠂ ᠫᠠᠺᠢᠰᠲ᠋ᠠᠨ᠂ ᠰᠠᠦ᠋ᠳᠢ ᠠᠷᠠᠪ᠂ ᠠᠨᠭ᠌ᠭ᠌ᠯᠢ᠂ ᠹᠷᠠᠨᠼᠢ᠂ ᠭᠧᠷᠮᠠᠨ ᠪᠣᠯᠣᠨ ᠢᠲ᠋ᠠᠯᠢ ᠵᠡᠷᠭᠡ ᠨᠠᠢ᠍ᠮᠠᠨ ᠤᠯᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ 23᠎ᠤ ᠡᠳᠦᠷ ᠲᠦᠷᠺ᠎ᠲᠦ ᠬᠤᠷᠠᠯ ᠬᠢᠵᠦ᠂ ᠬᠤᠷᠮᠤᠽ ᠬᠣᠭᠣᠯᠠᠢ᠎ᠶᠢ ᠳᠠᠷᠤᠢᠬᠠᠨ ᠳᠠᠬᠢᠨ ᠨᠡᠭᠡᠭᠡᠵᠦ᠂ ᠢᠷᠡᠨ᠎ᠳᠤ ᠴᠡᠷᠢᠭ ᠳᠠᠶ᠋ᠢᠨ᠎ᠦ ᠠᠵᠢᠯᠯᠠᠭ᠎ᠠ ᠶᠠᠪᠤᠭᠳᠠᠭᠤᠯᠬᠤ᠎ᠶᠢ ᠡᠰᠡᠷᠭᠦᠴᠡᠬᠦ᠎ᠶᠢᠨ ᠬᠠᠮᠲᠤ ᠬᠠᠷ᠎ᠠ ᠲᠠᠩᠭᠢᠰ᠎ᠤᠨ ᠳᠠᠯᠠᠶ᠎ᠶᠢᠨ ᠠᠶᠠᠯᠠᠯ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
✦ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠤᠢᠷ᠎ᠠ᠎ᠳᠦ ᠹᠢᠯᠢᠫᠢᠨᠦ 2 ᠨᠢᠰᠬᠡᠯ ᠮᠥᠷᠭᠥᠯᠳᠦᠵᠦ᠂ 4 ᠠᠭᠠᠷ᠎ᠤᠨ ᠴᠡᠷᠢᠭ᠎ᠦᠨ ᠨᠢᠰᠬᠡᠭᠴᠢ ᠡᠨᠳᠡᠵᠡᠢ᠃
✦ᠤᠯᠠᠭᠠᠨᠴᠠᠪ ᠠᠢᠮᠠᠭ᠎ᠤᠨ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ ᠭᠠᠯ ᠤᠨᠲᠠᠷᠠᠭᠠᠬᠤ ᠠᠵᠢᠯᠲᠠᠨ ᠡᠯᠰᠡᠵᠦ ᠪᠤᠢ᠃
ᠲᠠᠨ ᠤ ᠲᠤᠰᠡ ᠳ᠋ᠤ
ᠲᠠᠨ ᠤ ᠲᠤᠰᠡ ᠳ᠋ᠤ
✦ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠤᠷᠲᠤ ᠬᠤᠭᠤᠴᠠᠭ᠎ᠠ᠎ᠪᠡᠷ ᠤᠨᠲᠠᠯᠭ᠎ᠠ ᠭᠦᠢᠴᠡᠳ ᠦᠭᠡᠢ ᠪᠠᠢᠳᠠᠯ ᠨᠢ ᠢᠳᠡᠭᠡᠨ᠎ᠦ ᠳᠤᠷᠠᠰᠢᠯ᠎ᠢ ᠨᠥᠯᠥᠭᠡᠯᠡᠵᠦ᠂ ᠪᠡᠶ᠎ᠡ᠎ᠵᠢᠨ ᠡᠷᠬᠡᠲᠡᠨ᠎ᠤ ᠰᠣᠯᠢᠯᠴᠠᠭ᠎ᠠ᠎ᠵᠢ ᠬᠡᠪ᠎ᠦᠨ ᠪᠤᠰᠤ ᠪᠠᠢᠳᠠᠯ ᠲᠠᠢ ᠪᠣᠯᠭᠠᠳᠠᠭ᠃ ᠣᠬᠣᠷ ᠬᠤᠭᠤᠴᠠᠭᠠᠨ᠎ᠳᠤ ᠤᠨᠲᠠᠯᠭ᠎ᠠ ᠬᠦᠢᠴᠡᠳ ᠦᠭᠡᠢ ᠪᠣᠯ ᠪᠡᠶ᠎ᠡ᠎ᠶᠢᠨ ᠳᠣᠲᠣᠭᠠᠳᠤ᠎ᠶᠢᠨ ᠥᠯᠥᠰᠬᠡᠬᠦ ᠡᠳ᠋᠎ᠦᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠲᠤᠷᠠᠭᠤᠯᠬᠤ ᠡᠳ᠋᠎ᠦᠨ ᠬᠢᠷᠢ ᠲᠦᠪᠰᠢᠨ᠎ᠢ ᠪᠠᠭᠤᠷᠠᠭᠤᠯᠤᠨ᠂ ᠥᠯᠥᠰᠬᠦ ᠮᠡᠳᠡᠷᠡᠮᠵᠢ᠎ᠶᠢ ᠨᠡᠮᠡᠭᠳᠡᠭᠦᠯᠵᠦ᠂ ᠰᠢᠬᠢᠷ ᠠᠷᠪᠢᠨ᠂ ᠡᠨᠧᠷᠭᠢ ᠠᠷᠪᠢᠨ ᠠᠭᠤᠯᠤᠭᠳᠠᠬᠤ ᠢᠳᠡᠭᠡᠨ᠎ᠳᠦ ᠢᠯᠡᠭᠦᠦ ᠳᠤᠷᠠᠰᠢᠯ᠎ᠲᠠᠢ ᠪᠣᠯᠭᠠᠳᠠᠭ᠃
ᠵᠠᠯᠭᠠᠭᠠᠳ《ᠭᠠᠩᠭᠠᠩ ᠨᠠᠭᠤᠷ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃