ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-27 16:18:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



         ᠨᠡᠢᠭᠡᠮ                                           


✦ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ᠎ᠶᠢ ᠦᠨᠳᠦᠰᠦᠯᠡᠨ᠂ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠣᠯᠣᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠲᠠ᠎ᠶᠢᠨ ᠬᠠᠷᠢᠭᠤ ᠲᠤᠰᠬᠠᠬᠤ ᠠᠵᠢᠯ ᠣᠢᠷ᠎ᠠ᠎ᠳᠤ ᠳᠠᠭᠤᠰᠪᠠ᠃

✦ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠶᠢᠨ ᠨᠠᠢᠷᠠᠭᠤᠯᠤᠨ ᠵᠣᠬᠢᠶᠠᠵᠤ ᠬᠡᠪᠯᠡᠭᠦᠯᠦᠭᠰᠡᠨ《ᠲᠤᠮᠳᠠᠳᠤ ᠤᠯᠤᠰ᠎ᠦᠨ ᠲᠣᠭ᠎ᠠ ᠪᠦᠷᠢᠳᠬᠡᠯ᠎ᠦᠨ 2026 ᠣᠨ᠎ᠤ ᠲᠣᠯᠢ》᠎ᠳᠤ ᠢᠯᠡᠷᠡᠭᠦᠯᠦᠭᠰᠡᠨ᠎ᠢᠶᠡᠷ᠂ 2025 ᠣᠨ᠎ᠤ ᠪᠦᠬᠦ ᠵᠢᠯ᠎ᠳᠤ ᠪᠦᠬᠥ ᠤᠯᠤᠰ᠎ᠤᠨ ᠣᠷᠣᠭ ᠳᠠᠩᠰᠠᠯᠠᠭᠤᠯᠤᠭᠰᠠᠨ ᠬᠥᠮᠥᠨ᠎ᠦ ᠲᠣᠭ᠎ᠠ 676 ᠲᠦᠮᠡ 5100 ᠬᠣᠣᠰ᠎ᠲᠤ ᠬᠦᠷᠴᠡᠢ᠃

✦10 ᠰᠠᠷ᠎ᠠ᠎ᠶᠢᠨ 24᠎ᠦ ᠡᠳᠦᠷ᠂ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠰᠤᠷᠭᠠᠨ ᠬᠥᠮᠦᠵᠢᠯ᠎ᠦᠨ ᠳᠤᠪᠴᠢᠶ᠎ᠠ ᠵᠢᠨ ᠲᠦᠷᠦᠭᠦᠴᠦᠳ᠎ᠦᠨ ᠶᠠᠷᠢᠶᠠᠨ᠎ᠤ ᠲᠠᠪᠴᠠᠩ᠎ᠳᠤ᠂ ᠵᠣᠬᠢᠶᠠᠨ ᠪᠠᠢᠭᠤᠯᠬᠤ ᠺᠣᠮᠢᠰ᠎ᠠᠴᠠ ᠣᠷᠣᠨ ᠨᠤᠲᠤᠭ᠎ᠤᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠦᠭᠰᠡᠨ 100 ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠡᠭᠦᠨ᠎ᠳᠤ ᠣᠳᠤᠭ ᠬᠣᠰᠢᠭᠤᠨ᠎ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠮᠡᠳᠡᠭᠦᠯᠦᠨ ᠬᠦᠷᠭᠡᠭᠰᠡᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ ᠠᠮᠵᠢᠯᠲᠠ᠎ᠲᠠᠢ᠎ᠪᠡᠷ ᠰᠣᠩᠭᠣᠭᠳᠠᠪᠠ᠃

✦ᠤᠢᠷ᠎ᠠ᠎ᠳᠤ ᠲᠦᠩᠯᠢᠶᠣᠣ ᠬᠤᠲᠠ᠎ᠶᠢᠨ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠲᠥᠪ᠎ᠡᠴᠡ ᠬᠡᠷᠡᠭᠵᠢᠭᠦᠯᠦᠭᠰᠡᠨ ᠶᠡᠷᠦᠩᠬᠡᠢ ᠪᠡᠯᠡ ᠣᠷᠣᠭᠤᠯᠤᠯᠲᠠ ᠨᠢ 8.3 ᠳ᠋ᠦᠩᠰᠢᠭᠤᠷ ᠲᠥᠭᠥᠷᠢᠭ᠂ ᠶᠡᠷᠦᠩᠬᠡᠢ ᠤᠷᠳᠤ ᠨᠢ ᠪᠠᠷᠤᠭ 570 ᠺᠢᠯᠣᠮᠧᠲᠷ᠎ᠦᠨ ᠤᠯᠤᠰ᠎ᠤᠨ ᠪᠠ ᠮᠤᠵᠢ᠎ᠶᠢᠨ ᠭᠣᠣᠯ ᠱᠤᠭᠤᠮ᠎ᠢ ᠠᠷᠠᠴᠢᠯᠠᠨ ᠬᠠᠮᠠᠭᠠᠯᠠᠬᠤ ᠢᠨᠵᠧᠨᠧᠷᠢᠩ ᠨᠢ ᠪᠦᠬᠦᠨ᠎ᠢᠶᠡᠷ᠎ᠢᠶᠡᠨ ᠠᠵᠢᠯ ᠳᠠᠭᠤᠰᠴᠤ ᠲᠡᠷᠭᠡ ᠨᠡᠪᠲᠡᠷᠡᠪᠡ᠃ ᠲᠤᠰ ᠢᠨᠵᠧᠨᠧᠷᠢᠩ᠎ᠦᠨ  ᠵᠠᠮ᠎ᠤᠨ ᠲᠣᠣᠷᠵᠢᠯ ᠨᠢ ᠲᠦᠩᠯᠢᠶᠣᠣ ᠬᠤᠲᠠ᠎ᠶᠢᠨ 6 ᠬᠣᠰᠢᠭᠤ ᠰᠢᠶᠠᠨ᠎ᠢ ᠬᠠᠮᠤᠷᠴᠤ᠂ ᠤᠢᠷ᠎ᠠ᠎ᠶᠢᠨ  ᠵᠢᠯ᠎ᠠᠴᠠ ᠨᠠᠭᠠᠰᠢᠬᠢ ᠲᠦᠩᠯᠢᠶᠤᠤ ᠬᠣᠲᠠ᠎ᠶᠢᠨ ᠤᠯᠤᠰ᠎ᠤᠨ ᠪᠠ ᠮᠤᠵᠢ᠎ᠶᠢᠨ ᠭᠣᠣᠯ ᠱᠤᠭᠤᠮ᠎ᠢ ᠠᠷᠠᠴᠢᠯᠠᠨ ᠬᠠᠮᠠᠭᠠᠯᠠᠬᠤ ᠬᠡᠪᠴᠢᠶ᠎ᠡ᠎ᠪᠡᠷ ᠬᠠᠮᠤᠭ᠎ᠤᠨ ᠶᠡᠬᠡ᠂ ᠪᠠᠷᠢᠮᠵᠢᠶ᠎ᠠ᠎ᠪᠡᠷ ᠬᠠᠮᠤᠭ᠎ᠤᠨ ᠥᠨᠳᠥᠷ᠂ ᠭᠢᠯᠠᠰ ᠴᠡᠭ᠎ᠢᠶᠡᠷ ᠬᠠᠮᠤᠭ᠎ᠤᠨ ᠲᠥᠪᠯᠡᠷᠡᠩᠭᠦᠢ ᠰᠢᠰᠲᠧᠮᠲᠦ ᠴᠢᠨᠠᠷᠲᠠᠢ ᠢᠨᠵᠧᠨᠧᠷᠢᠩ ᠪᠣᠯᠣᠨ᠎ᠠ᠃

✦ᠤᠷᠴᠢᠮᠬᠠᠨ ᠣᠲᠤᠭ᠎ᠤᠨ ᠡᠮᠦᠨᠡᠲᠦ ᠬᠣᠰᠢᠭᠤᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ 2026 ᠣᠨ᠎ᠤ ᠪᠦᠬᠦ ᠬᠣᠰᠢᠭᠤᠨ᠎ᠤ《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》ᠣᠷᠴᠢᠭᠤᠯᠤᠭ᠍ᠴᠢ᠎ᠶᠢᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠵᠤ᠂ ᠪᠦᠬᠥ ᠬᠣᠰᠢᠭᠤᠨ᠎ᠤ ᠣᠷᠴᠢᠭᠤᠯᠭ᠎ᠠ᠎ᠶᠢᠨ ᠠᠵᠢᠯ᠎ᠲᠠᠢ ᠬᠠᠮᠢᠶᠠᠲᠠᠢ 50 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃

✦ᠤᠢᠷ᠎ᠠ᠎ᠶᠢᠨ ᠬᠤᠭᠤᠴᠠᠭᠠᠨ᠎ᠳᠤ ᠤᠲᠤᠭ ᠬᠣᠰᠢᠭᠤᠨ᠎ᠤ ᠨᠡᠢᠭᠡᠮ᠎ᠦᠨ ᠪᠠᠲᠤᠯᠠᠭ᠎ᠠ᠎ᠶᠢᠨ ᠲᠥᠪ ᠨᠢ《ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠲᠦᠮᠡᠨ ᠡᠷᠦᠬᠡ᠎ᠳᠦ ᠣᠷᠣᠭᠤᠯᠬᠤ》ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠠᠵᠤ ᠠᠬᠤᠢᠯᠠᠯ᠂ ᠨᠡᠢᠭᠡᠮ ᠲᠣᠭᠣᠷᠢᠭ᠋᠂ ᠭᠠᠴᠠᠭ᠎ᠠ ( ᠲᠣᠰᠬᠣᠨ )᠂ ᠠᠵᠢᠯ ᠶᠠᠪᠤᠳᠠᠯ ᠭᠦᠢᠴᠡᠳᠬᠡᠬᠦ ᠶᠡᠬᠡ ᠲᠢᠩᠬᠢᠮ ᠵᠡᠷᠭᠡ ᠲᠠᠯᠠᠪᠤᠷ ᠭᠠᠵᠠᠷ᠎ᠲᠤ 5 ᠤᠳᠠᠭ᠎ᠠ ᠠᠵᠢᠯᠯᠠᠭ᠎ᠠ ᠥᠷᠨᠢᠭᠦᠯᠦᠨ᠂ 3500 ᠭᠠᠷᠤᠢ ᠬᠥᠮᠥᠨ᠎ᠢ ᠬᠠᠮᠤᠷᠴᠤ᠂ 5000 ᠭᠠᠷᠤᠢ ᠬᠤᠪᠢ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠵᠤ᠂ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠣᠯᠠᠨ ᠲᠦᠮᠡᠨ᠎ᠦ ᠳᠡᠷᠭᠡᠳᠡ ᠬᠦᠷᠭᠡᠪᠡ᠃

✦2026 ᠣᠨ᠎ᠤ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ《ᠬᠣᠶᠠᠷ᠎ᠢ ᠳᠡᠭᠡᠭᠰᠢᠯᠡᠭᠦᠯᠬᠦ》ᠲᠥᠷᠥᠯ ᠵᠦᠢᠯ᠎ᠦᠨ ᠤᠨᠠᠯᠲᠠ᠎ᠶᠢ ᠬᠡᠮᠵᠢᠬᠦ ᠠᠵᠢᠯᠯᠠᠭ᠎ᠠ ᠤᠷᠴᠢᠮᠬᠠᠨ ᠣᠲᠣᠭ᠎ᠤᠨ ᠡᠮᠦᠨᠡᠲᠦ ᠬᠣᠰᠢᠭᠤᠨ᠎ᠤ ᠨᠠᠩᠰᠤ ᠪᠠᠯᠭᠠᠰᠤᠨ᠎ᠤ ᠰᠦᠯᠳᠡ ᠭᠠᠴᠠᠭᠠᠨ᠎ᠳᠤ ᠶᠠᠪᠤᠭᠳᠠᠪᠠ᠃ ᠮᠡᠷᠭᠡᠵᠢᠯ᠎ᠤᠨ ᠠᠵᠢᠯᠳᠠᠳ᠎ᠤᠨ ᠬᠢᠨᠠᠨ ᠰᠢᠯᠭᠠᠬᠰᠠᠨ᠎ᠤ ᠳᠠᠷᠠᠭᠠᠬᠢ ᠪᠤᠳᠠᠳᠤ ᠳᠤᠭ᠎ᠠ ᠪᠠᠷᠢᠮᠳᠠ ᠵᠢ ᠦᠨᠳᠦᠰᠦᠯᠡᠪᠡᠯ᠂ ᠮᠦ᠍ ᠪᠦᠷᠢ ᠵᠢᠨ ᠳᠤᠮᠳᠠᠴᠢ ᠤᠨᠠᠯᠳᠠ 500 — 600 ᠵᠢᠩ ᠤᠷᠴᠢᠮ ᠨᠡᠮᠡᠭᠳᠡᠵᠤ᠂ ᠤᠯᠠᠨ᠎ᠤ ᠰᠡᠳᠬᠢᠯ᠎ᠢ ᠪᠠᠶᠠᠰᠬᠠᠬᠰᠠᠨ ᠪᠠᠢᠨ᠎ᠠ᠃

  ✦ᠣᠳᠣᠬᠠᠨ᠎ᠳᠤ ᠲᠦᠩᠯᠢᠶᠣᠣ ᠬᠤᠳᠠ᠎ᠶᠢᠨ ᠡᠷᠳᠡᠨᠢ ᠰᠢᠰᠢ᠎ᠶᠢᠨ ᠨᠠᠮᠤᠷ᠎ᠤᠨ ᠬᠤᠷᠢᠶᠠᠯᠲᠠ ᠶᠠᠭ ᠡᠮᠬᠢ ᠵᠢᠷᠤᠮ᠎ᠲᠠᠢ ᠶᠠᠪᠤᠭᠳᠠᠵᠤ ᠪᠣᠶ᠃ ᠪᠦᠬᠦ ᠬᠤᠲᠠ᠎ᠪᠠᠷ᠎ᠢᠶᠠᠨ ᠡᠯ᠎ᠡ ᠲᠥᠷᠥᠯ᠎ᠤᠨ ᠬᠠᠳᠤᠵᠤ ᠬᠤᠷᠢᠶᠠᠬᠤ ᠮᠠᠰᠢᠨ᠎ᠢ 9151 ᠰᠠᠭᠤᠷᠢ ᠬᠥᠳᠡᠯᠭᠡᠨ᠂ 7.74 ᠲᠦᠮᠡᠨ ᠲᠠᠷᠢᠶᠠᠯᠠᠩ᠎ᠤᠨ ᠮᠠᠰᠢᠨ᠎ᠤ ᠮᠡᠷᠭᠡᠵᠢᠯᠲᠡᠨ᠂ 1.10 ᠲᠦᠮᠡᠨ ᠬᠠᠳᠤᠵᠤ ᠬᠤᠷᠢᠶᠠᠬᠤ ᠮᠠᠰᠢᠨ᠎ᠤ ᠵᠢᠯᠣᠭᠣᠴᠢ ᠲᠠᠷᠢᠶᠠᠨ ᠭᠠᠵᠠᠷ᠎ᠲᠤ ᠭᠠᠪᠰᠢᠭᠠᠢᠯᠠᠨ ᠠᠵᠢᠯᠯᠠᠵᠤ᠂ 1066 ᠲᠦᠮᠡᠨ ᠮᠦ᠍ ᠲᠠᠷᠢᠶ᠎ᠠ᠎ᠶᠢ ᠮᠠᠰᠢᠨ ᠵᠢᠡᠷ ᠬᠠᠳᠤᠨ ᠬᠤᠷᠢᠶᠠᠵᠤ ᠪᠣᠶ᠃

✦ᠤᠢᠷ᠎ᠠ᠎ᠳᠤ 2026 ᠣᠨ᠎ᠤ ᠤᠯᠠᠭᠠᠨᠬᠠᠳᠠ ᠬᠤᠲᠠ᠎ᠶᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ ᠵᠢᠴᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠲᠤᠰᠬᠠᠢ ᠲᠠᠯᠠᠪᠡᠶ ᠠᠵᠢᠯᠲᠠᠨ ᠡᠯᠰᠡᠬᠦ ᠴᠤᠭᠯᠠᠭᠠᠨ ᠥᠪᠥᠷ ᠮᠣᠩᠭᠣᠯ᠎ᠤᠨ ᠵᠡᠭᠦᠨ ᠪᠡᠶ᠎ᠡ᠎ᠶᠢᠨ ᠴᠢᠳᠠᠪᠤᠷᠢᠲᠠᠨ᠎ᠦ ᠵᠠᠬ᠎ᠠ  ᠳᠡᠯᠭᠡᠭᠦᠷ᠎ᠲᠦ ᠡᠬᠢᠯᠡᠪᠡ᠃ ᠲᠤᠰ  ᠤᠳᠠᠭᠠᠨ ᠎ᠤ ᠠᠵᠢᠯᠲᠠᠨ ᠡᠯᠰᠡᠬᠦ ᠴᠤᠭᠯᠠᠭᠠᠨ᠎ᠳᠤ 90 ᠬᠥᠮᠥᠨ ᠬᠡᠷᠡᠭᠯᠡᠬᠦ ᠪᠠᠢᠭᠤᠯᠭ᠎ᠠ ᠨᠢᠭᠡᠴᠢ ᠣᠷᠣᠯᠴᠠᠵᠤ᠂ 1653 ᠲᠤᠰᠬᠠᠢ ᠠᠵᠢᠯ᠎ᠤᠨ ᠪᠠᠢᠷᠢ ᠬᠠᠩᠭᠠᠵᠠᠢ᠃ 

 

        

    ✦24᠎ᠦ ᠡᠳᠦᠷ᠂ ᠠᠯᠠᠱᠠ ᠠᠢᠮᠠᠭ᠎ᠤᠨ 《ᠲᠠᠪᠤᠨ ᠡᠷᠳᠡᠨᠢ》 ᠬᠤᠨᠳᠠᠭᠠᠲᠤ ᠦᠯᠢᠭᠡᠷ ᠶᠠᠷᠢᠬᠤ ᠤᠷᠤᠯᠳᠤᠭᠠᠨ᠎ᠤ ᠰᠢᠭᠰᠢᠭᠡ ᠤᠷᠤᠯᠳᠤᠭᠠᠨ ᠵᠢᠴᠢ ᠱᠠᠩᠨᠠᠯ ᠣᠯᠭᠣᠬᠤ ᠶᠣᠰᠣᠯᠠᠯ ᠠᠯᠠᠱᠠ ᠠᠢᠮᠠᠭ᠎ᠤᠨ ᠠᠬᠠᠮᠠᠳ ᠺᠠᠳ᠋ᠷᠴᠤᠳ᠎ᠤᠨ ᠬᠥᠳᠡᠯᠭᠡᠭᠡᠨ᠎ᠦ ᠲᠥᠪ᠎ᠲᠦ ᠶᠠᠪᠤᠭᠳᠠᠪᠠ᠃ ᠤᠷᠤᠯᠳᠤᠭᠠᠨ᠎ᠳᠤ ᠠᠯᠠᠱᠠ ᠨᠤᠲᠤᠭ᠎ᠲᠤ ᠦᠶ᠎ᠡ ᠳᠠᠮᠵᠢᠨ ᠤᠯᠠᠮᠵᠢᠯᠠᠭᠳᠠᠭᠰᠠᠨ ᠮᠣᠩᠭᠣᠯ ᠠᠷᠠᠳ᠎ᠤᠨ ᠠᠮᠠᠨ ᠦᠯᠢᠭᠡᠷ᠎ᠢᠶᠡᠷ ᠭᠣᠣᠯ ᠪᠣᠯᠭᠠᠵᠤ᠂ ᠣᠷᠣᠯᠴᠠᠭᠰᠠᠳ᠎ᠢ 5 ᠳᠤᠭᠤᠢᠯᠠᠩ ᠬᠤᠪᠢᠶᠠᠨ᠂ ᠠᠩᠬᠠᠨ᠎ᠤ ᠰᠢᠯᠭᠠᠷᠠᠭᠤᠯᠤᠯᠲᠠ᠎ᠪᠠᠷ 45 ᠦᠯᠢᠭᠡᠷ᠎ᠢ ᠰᠢᠭ᠌ᠰᠢᠨ ᠦᠯᠡᠳᠡᠭᠡᠵᠦ᠂ ᠰᠢᠭᠰᠢᠭᠡ ᠤᠷᠤᠯᠳᠤᠭᠠᠨ᠎ᠢᠶᠠᠷ ᠳᠠᠮᠵᠢᠭᠤᠯᠤᠨ ᠡᠴᠦᠰ᠎ᠦᠨ ᠳ᠋ᠦᠩ᠎ᠢ ᠰᠢᠯᠭᠠᠷᠠᠭᠤᠯᠤᠭᠰᠠᠨ ᠪᠠᠢᠨ᠎ᠠ᠃  

✦24 ᠎ᠦ ᠡᠳᠦᠷ ᠂ ᠠᠯᠠᠱᠠ  ᠵᠡᠭᠦᠨ ᠬᠣᠰᠢᠭᠤᠨ᠎ᠤ ᠡᠷᠬᠡᠬᠠᠰᠢᠬ᠎ᠠ ᠰᠤᠮᠤᠨ᠎ᠤ ᠪᠠᠶᠠᠨᠨᠠᠭᠤᠷ ᠭᠠᠴᠠᠭᠠᠨ᠎ᠤ ᠮᠠᠯᠴᠢᠨ ᠨᠠᠰᠤᠨᠸᠴᠢᠷ ᠬᠥᠪᠥᠩ ᠢᠬᠡᠷ᠎ᠡ ᠲᠠᠭ᠎ᠠ᠎ᠶᠢᠨ ᠠᠳᠤᠭᠤᠨ ᠰᠣᠶᠣᠯ᠎ᠤᠨ ᠨᠠᠢᠷ ᠡᠷᠬᠢᠯᠡᠨ᠂ 60 ᠭᠠᠷᠤᠢ ᠬᠤᠷᠳᠤᠨ ᠬᠥᠯᠥᠭ ᠤᠷᠤᠯᠳᠤᠭᠤᠯᠵᠤ᠂ 200 ᠭᠠᠷᠤᠢ ᠨᠠᠭᠠᠳᠤᠮᠴᠢᠨ ᠬᠤᠷᠠᠨ ᠴᠤᠬᠯᠠᠷᠠᠬᠰᠠᠨ ᠰᠠᠢᠬᠠᠨ ᠨᠠᠢᠷ ᠪᠣᠯᠵᠤ᠂ ᠬᠣᠯᠠ ᠣᠢᠷ᠎ᠠ᠎ᠶᠢᠨ ᠮᠠᠯᠴᠢᠨ ᠲᠦᠮᠡᠨ᠎ᠢᠶᠡᠨ ᠪᠠᠶᠠᠰᠬᠠᠯ᠎ᠠ᠃

✦ᠠᠷᠤ ᠬᠣᠷᠴᠢᠨ ᠬᠣᠰᠢᠭᠤᠨ᠎ᠤ ᠵᠡᠭᠦᠨ ᠰᠢᠪᠠᠷᠲᠠᠢ ᠪᠠᠭ᠎ᠠ ᠰᠤᠷᠭᠠᠭᠤᠯᠢ ᠵᠢᠨ《ᠨᠣᠮ᠎ᠤᠨ ᠠᠩᠬᠢᠯᠤᠭᠤᠨ》 ᠬᠣᠣᠰ ᠬᠡᠯᠡᠨ᠎ᠤ ᠤᠷᠠᠨ ᠤᠩᠰᠢᠯᠭ᠎ᠠ᠎ᠶᠢᠨ ᠤᠷᠣᠯᠳᠤᠭᠠᠨ ᠤᠷᠴᠢᠮᠬᠠᠨ ᠶᠠᠪᠤᠬᠳᠠᠵᠤ᠂ ᠰᠤᠷᠤᠭ᠍ᠴᠢᠳ ᠭᠣᠴᠣ᠌ ᠰᠠᠢᠬᠠᠨ ᠪᠦᠲᠦᠭᠡᠯ᠎ᠢᠶᠡᠷ᠎ᠢᠶᠡᠨ ᠠᠭᠤᠤ ᠶᠡᠬᠡ ᠡᠬᠡ ᠤᠯᠤᠰ᠎ᠢᠶᠡᠨ ᠮᠠᠭᠲᠠᠨ ᠳᠠᠭᠤᠯᠠᠵᠤ᠂ ᠡᠬᠡ ᠤᠯᠤᠰ᠎ᠤᠨ᠎ᠢᠶᠠᠨ ᠬᠥᠭᠵᠢᠯ ᠮᠠᠨᠳᠤᠯ᠎ᠢ ᠬᠦᠰᠡᠨ ᠬᠤᠷᠤᠢᠯᠠᠵᠠᠢ᠃

 


✦25᠎ᠤ ᠡᠳᠦᠷ᠂ 2026 ᠫᠢᠩᠫᠠᠩ ᠪᠥᠮᠪᠥᠭᠡ᠎ᠶᠢᠨ ᠠᠽᠢᠶ᠎ᠠ ᠲᠢᠪ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ᠂ ᠺᠤᠸᠠᠢ ᠮᠠᠨ/ ᠸᠠᠩ ᠢ᠎ᠳᠢ ᠡᠮᠡᠭᠲᠡᠢ᠎ᠶᠢᠨ ᠬᠣᠣᠰᠯᠠᠯ᠎ᠤᠨ ᠮᠠᠩᠯᠠᠢ ᠪᠣᠯᠵᠤ᠂ ᠴᠧᠨ ᠢ ᠡᠮᠡᠭᠲᠡᠢ᠎ᠶᠢᠨ ᠭᠠᠭᠴᠠ ᠬᠥᠮᠥᠨ᠎ᠦ ᠮᠠᠩᠯᠠᠢ ᠪᠡᠷ ᠳᠤᠳᠤᠷᠠᠬᠰᠠᠨ ᠪᠠᠢᠨ᠎ᠠ᠃

 


✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ 11 ᠰᠠᠷ᠎ᠠ᠎ᠶᠢᠨ 3᠎ᠤ ᠡᠳᠦᠷ ᠡᠴᠡ ᠳᠤᠮᠳᠠ ᠬᠤᠭᠤᠴᠠᠭᠠᠨ᠎ᠤ ᠰᠣᠩᠭᠣᠭᠤᠯᠢ᠎ᠪᠠᠨ ᠤᠭᠲᠤᠨ ᠠᠪᠬᠤ ᠪᠡᠷ ᠪᠠᠢᠵᠤ᠂ ᠪᠥᠬᠥᠳᠡ ᠨᠠᠢᠷᠠᠮᠳᠠᠬᠤ ᠨᠠᠮ ᠪᠣᠯᠣᠨ ᠠᠷᠠᠳᠴᠢᠯᠠᠭᠰᠠᠨ ᠨᠠᠮ ᠣᠢᠷ᠎ᠠ᠎ᠳᠤ ᠣᠯᠠᠨ ᠤᠳᠠᠭᠠᠨ᠎ᠤ ᠲᠣᠮᠣ᠌ ᠬᠡᠯᠪᠡᠷᠢ᠎ᠶᠢᠨ ᠰᠣᠩᠭᠣᠭᠤᠯᠢ᠎ᠶᠢᠨ ᠴᠤᠭᠯᠠᠭᠠᠨ ᠡᠷᠭᠢᠯᠡᠵᠦ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋᠂ ᠤᠤᠯ᠎ᠤᠨ ᠶᠡᠷᠦᠩᠬᠡᠢᠯᠡᠭᠴᠢ ᠣᠤᠪᠠᠮᠠ ᠵᠡᠷᠭᠡ ᠤᠯᠤᠰ ᠲᠥᠷᠥ᠎ᠶᠢᠨ ᠴᠢᠬᠤᠯᠠ ᠬᠥᠮᠥᠰ ᠰᠣᠩᠭᠣᠭᠤᠯᠢ᠎ᠳᠤ ᠣᠷᠣᠯᠴᠠᠬᠤ᠎ᠪᠠᠷ ᠪᠠᠢᠨ᠎ᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠣᠷᠣᠰ᠎ᠤᠨ ᠶᠡᠷᠦᠩᠬᠡᠢᠯᠡᠭᠴᠢ᠎ᠶᠢᠨ ᠲᠤᠰᠠᠯᠠᠭ᠍ᠴᠢ ᠡᠴᠡ ᠰᠣᠷᠪᠤᠯᠵᠢᠯᠠᠭ᠎ᠠ ᠬᠦᠯᠢᠶᠡᠬᠦ᠎ᠳᠡᠭᠡᠨ ᠣᠷᠣᠰ᠎ᠤᠨ ᠬᠢᠨ 11 ᠰᠠᠷ᠎ᠠ᠎ᠶᠢᠨ 4᠎ᠦ ᠡᠳᠦᠷ᠎ᠡᠴᠡ ᠰᠡᠭᠦᠯᠡᠷ ᠣᠷᠣᠰ ᠠᠮᠧᠷᠢᠺᠠ ᠦᠺᠷᠠᠢᠨ ᠭᠤᠷᠪᠠᠨ ᠲᠠᠯ᠎ᠠ᠎ᠶᠢᠨ ᠬᠡᠯᠡᠯᠴᠡᠭᠡ᠎ᠶᠢ ᠰᠡᠷᠭᠦᠭᠡᠬᠦ ᠳᠤᠷᠠᠲᠠᠢ ᠪᠠᠢᠨ᠎ᠠ ᠭᠡᠵᠡᠢ᠃

 


✦ᠳᠤᠮᠳᠠᠳᠤ ᠤᠯᠤᠰ᠎ᠤᠨ ᠤᠯᠠᠨ ᠤᠯᠤᠰ᠎ᠤᠨ ᠠᠭᠠᠷ᠎ᠤᠨ ᠠᠶᠠᠯᠠᠯ᠎ᠤᠨ ᠦᠪᠤᠷ ᠮᠤᠩᠭᠤᠯ᠎ᠤᠨ ᠬᠢᠵᠠᠭᠠᠷᠳᠤ ᠺᠤᠮᠫᠠᠨᠢ ᠠᠵᠢᠯᠳᠠᠨ ᠡᠯᠰᠡᠵᠤ ᠪᠤᠢ᠃ 


           ᠲᠠᠨ ᠎ᠤ ᠲᠤᠰᠡ ᠳ᠋ᠤ 


✦ᠣᠷᠣᠢ ᠎ᠶᠢᠨ ᠬᠣᠭᠣᠯᠠ ᠢᠳᠡᠬᠦ ᠦᠭᠡᠢ ᠪᠣᠯ ᠮᠠᠷᠢᠶ᠎ᠠ ᠰᠢᠭᠤᠷᠠᠨ᠎ᠠ᠎ᠤᠤ?

ᠣᠷᠣᠢ᠎ᠶᠢᠨ ᠬᠣᠭᠣᠯᠠ ᠢᠳᠡᠬᠦ ᠦᠭᠡᠢ ᠪᠣᠯ ᠣᠬᠣᠷ ᠬᠤᠭᠤᠴᠠᠭᠠᠨ᠎ᠳᠤ ᠪᠡᠶ᠎ᠡ᠎ᠶᠢᠨ ᠬᠦᠨᠳᠦ ᠠᠮᠠᠷᠬᠠᠨ ᠪᠠᠭᠤᠷᠠᠬᠤ ᠪᠣᠯᠪᠠᠴᠤ ᠡᠨᠡᠬᠦ ᠠᠷᠭ᠎ᠠ ᠨᠢ ᠰᠢᠨᠵᠢᠯᠡᠬᠦ ᠤᠬᠠᠭᠠᠨᠴᠢ ᠪᠢᠰᠢ ᠶᠤᠮ᠃ ᠤᠴᠢᠷ ᠨᠢ ᠣᠷᠣᠢ᠎ᠶᠢᠨ ᠬᠣᠭᠣᠯᠠ ᠢᠳᠡᠬᠦ ᠦᠭᠡᠢ ᠪᠣᠯ ᠥᠯᠥᠰᠬᠦ ᠲᠥᠷᠥᠭᠳᠡᠯ ᠤᠯᠠᠮ ᠴᠢᠩᠭᠠᠷᠠᠵᠤ᠂ ᠳᠠᠷᠠᠭ᠎ᠠ ᠡᠷᠡᠨ᠎ᠦ ᠬᠣᠭᠣᠯᠠ᠎ᠪᠠᠨ ᠬᠡᠲᠦᠷᠡᠲᠡᠯ᠎ᠡ ᠢᠳᠡᠴᠢᠬᠡᠬᠦ ᠭᠡᠳ ᠪᠠᠢᠳᠠᠭ᠃ ᠡᠭᠦᠨ᠎ᠡᠴᠡ ᠭᠠᠳᠠᠨ᠎ᠠ ᠵᠠᠷᠢᠮ ᠬᠥᠮᠥᠨ ᠣᠷᠣᠢ᠎ᠶᠢᠨ ᠬᠣᠭᠣᠯᠠ᠎ᠪᠠᠨ ᠢᠳᠡᠬᠦ ᠦᠭᠡᠢ ᠪᠣᠯ ᠰᠥᠨᠢ ᠴᠢᠰᠤᠨ ᠰᠢᠬᠢᠷ ᠳᠣᠣᠷ᠎ᠠ ᠪᠣᠯᠵᠤ ᠮᠡᠳᠡᠨ᠎ᠡ᠃ ᠡᠢᠮᠦ᠎ᠡᠴᠡ ᠮᠠᠷᠢᠶ᠎ᠠ ᠰᠢᠭᠤᠷᠠᠭᠤᠯᠬᠤ ᠬᠤᠭᠤᠴᠠᠭᠠᠨ᠎ᠳᠤ ᠣᠷᠣᠢ᠎ᠶᠢᠨ ᠬᠣᠭᠣᠯᠠᠨ᠎ᠳᠠᠭᠠᠨ ᠰᠢᠮ᠎ᠡ ᠲᠡᠵᠢᠭᠡᠯ ᠲᠡᠩᠴᠡᠭᠦᠷᠢᠲᠡᠢ ᠮᠥᠷᠲᠡᠭᠡᠨ  ᠰᠢᠩᠭᠡᠭᠡᠬᠦ᠎ᠳᠦ ᠠᠮᠠᠷᠬᠠᠨ ᠬᠣᠭᠣᠯᠠ᠎ᠶᠢ ᠢᠳᠡᠪᠡᠯ ᠵᠣᠬᠢᠨ᠎ᠠ᠃


(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面