ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-28 16:19:12

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



       ᠨᠡᠢᠭᠡᠮ                                         

✦ᠮᠠᠨ᠎ᠤ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ ᠪᠠ ᠨᠡᠷᠡᠨ᠎ᠦ ᠡᠨᠧᠷᠭᠢ᠎ᠶᠢᠨ ᠴᠠᠬᠢᠯᠭᠠᠨ ᠭᠠᠷᠭᠠᠯᠲᠠ ᠨᠡᠶ᠋ᠢᠲᠡ 20 ᠳ᠋ᠦᠩᠰᠢᠭᠤᠷ ᠺᠢᠯᠦᠸᠠᠲ᠎ᠢ ᠳᠠᠪᠠᠪᠠ᠃

✦26᠎ᠤ ᠡᠳᠤᠷ᠂ ᠮᠠᠨ ᠎ᠤ ᠤᠯᠤᠰ ᠎ᠤᠨ 《ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ》ᠭᠣᠣᠯᠳᠠᠯᠭ᠎ᠠ᠎ᠲᠠᠢ ᠢᠨᠵᠧᠨᠧᠷᠢᠩ ᠪᠤᠯᠬᠤ ᠭᠠᠨᠰᠤ — ᠵᠧᠵᠢᠶᠠᠩ᠎ᠤᠨ 800 ᠺᠢᠯᠤᠸᠤᠯᠲ᠎ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠬᠥᠬᠡᠮᠥ᠋ᠷᠡᠨ᠎ᠢ ᠳᠠᠪᠠᠨ ᠤᠲᠠᠰᠤ ᠲᠠᠲᠠᠵᠤ ᠬᠤᠯᠪᠤᠬᠤ ᠵᠢ ᠪᠡᠶᠡᠯᠡᠬᠦᠯᠪᠡ᠃

✦《ᠠᠵᠢᠯ ᠦᠢᠯᠡᠰ᠎ᠦᠨ ᠨᠢᠭᠡᠴᠢ᠎ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ᠎ᠶᠢᠨ ᠳᠦᠷᠢᠮ》 ᠎ᠢ 2026 ᠣᠨ᠎ᠤ 12 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠬᠡᠷᠡᠭᠵᠢᠬᠦᠯᠬᠦ ᠪᠡᠷ ᠪᠤᠢ᠃

✦26᠎ᠤ ᠡᠳᠤᠷ᠂ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠨᠡᠢᠭᠡᠮᠯᠢᠭ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ 《ᠬᠤᠤᠰ ᠠᠷᠪᠠᠨ ᠨᠢᠭᠡᠨ》᠎ᠤ ᠬᠡᠷᠡᠭᠯᠡᠭᠡᠨ᠎ᠤ ᠰᠠᠨᠠᠭᠤᠯᠤᠮᠵᠢ ᠵᠢ ᠨᠡᠢᠲᠡᠯᠡᠵᠦ᠂ 《ᠦᠨ᠎ᠡ᠎ᠪᠡᠨ ᠪᠠᠭᠤᠷᠠᠭᠤᠯᠬᠤ ᠬᠠᠭᠤᠷᠮᠠᠭ ᠦᠵᠡᠭᠳᠡᠯ》᠎ᠡᠴᠡ ᠰᠡᠷᠡᠮᠵᠢᠯᠡᠬᠦ ᠬᠡᠷᠡᠭᠲᠡᠢ ᠭᠡᠵᠦ ᠬᠡᠷᠡᠭᠯᠡᠭᠴᠢᠳ᠎ᠲᠦ ᠰᠠᠨᠠᠭᠤᠯᠪᠠ᠃

✦26 ᠎ᠤ ᠡᠳᠦᠷ᠎ᠡᠴᠡ ᠡᠬᠢᠯᠡᠨ᠂ ᠲᠡᠮᠦᠷ ᠵᠠᠮ ᠎ᠤᠨ 12306 ᠬᠡᠷᠡᠭᠯᠡᠭᠴᠢ᠎ᠶᠢᠨ ᠰᠢᠯᠵᠢᠶ᠎ᠡ ( ᠰᠦᠯᠵᠢᠶ᠎ᠡ ᠪᠠᠭᠲᠠᠨ᠎ᠠ ) ᠎ᠳᠤ 《ᠪᠦᠯᠬᠦᠮ᠎ᠨᠡᠢᠳᠡ ᠵᠢᠨ ᠪᠢᠯᠧᠲ᠎ᠦᠨ ᠲᠤᠬᠠᠢᠯᠠᠭᠰᠠᠨ ᠠᠵᠢᠯ᠎ᠤᠨ ᠬᠠᠷᠢᠯᠴᠠᠬᠤ ᠠᠷᠭ᠎ᠠ ᠮᠠᠶᠢᠭ᠋᠎ᠢ ᠪᠠᠢᠴᠠᠭᠠᠨ ᠯᠠᠪᠯᠠᠬᠤ》 ᠴᠢᠳᠠᠮᠵᠢ᠎ᠶᠢ ᠰᠢᠨ᠎ᠡ᠎ᠪᠡᠷ ᠨᠡᠮᠡᠪᠡ᠃

   ✦ᠡᠨᠡ ᠵᠢᠯ ᠎ᠦᠨ ᠲᠦᠷᠦᠭᠦᠦ ᠭᠤᠷᠪᠠᠨ ᠤᠯᠠᠷᠢᠯ᠎ᠳᠤ᠂ ᠮᠠᠨ᠎ᠤ ᠤᠯᠤᠰ᠎ᠤᠨ ᠣᠷᠣᠨ ᠪᠦᠰᠡ ᠠᠯᠤᠰᠯᠠᠭᠰᠠᠨ ᠬᠥᠮᠥᠨ ᠎ᠦ ᠲᠣᠭ᠎ᠠ 512.2 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.2% ᠵᠢᠡᠷ ᠨᠡᠮᠡᠭᠳᠡᠪᠡ᠃

   ✦ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠳᠤ ᠪᠥᠬᠥ ᠤᠯᠤᠰ᠎ᠤᠨ ᠬᠣᠲᠠ ᠪᠠᠯᠭᠠᠰᠤᠨ᠎ᠦ ᠬᠤᠪᠢ᠎ᠶᠢᠨ ᠡᠵᠡᠩᠨᠡᠯᠲᠡ᠎ᠶᠢᠨ ᠪᠤᠰᠤ ᠨᠢᠭᠡᠴᠢ᠎ᠳᠤ ᠠᠵᠢᠯᠯᠠᠵᠤ ᠪᠠᠢᠭ᠎ᠠ ᠬᠥᠮᠥᠰ᠎ᠦᠨ ᠵᠢᠯ᠎ᠦᠨ ᠳᠤᠮᠳᠠᠴᠢ ᠴᠠᠯᠢᠩ 129441 ᠲᠥᠭᠥᠷᠢᠭ᠎ᠲᠦ ᠬᠦᠷᠦᠭᠰᠡᠨ ᠪᠠᠢᠨ᠎ᠠ᠃

✦ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠮᠡᠳᠡᠭᠡ᠎ᠶᠢ ᠦᠨᠳᠦᠰᠦᠯᠡᠪᠡᠯ᠂ ᠲᠦᠷᠦᠭᠦᠬᠡᠨ ᠮᠠᠨ᠎ᠤ ᠣᠷᠣᠨ᠎ᠤ ᠪᠠᠷᠠᠭᠤᠨ ᠪᠡᠶ᠎ᠡ᠎ᠶᠢᠨ ᠴᠠᠬᠢᠯᠭᠠᠨ ᠲᠣᠣᠷ᠎ᠤᠨ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠭᠰᠠᠨ ᠬᠡᠮᠵᠢᠶ᠎ᠡ 7.2 ᠳ᠋ᠦᠩᠰᠢᠭᠤᠷ ᠺᠢᠯᠦᠸᠠᠲ ᠴᠠᠭ᠎ᠲᠤ ᠬᠦᠷᠴᠦ᠂ ᠠᠩᠬ᠎ᠠ ᠤᠳᠠᠭ᠎ᠠ ᠳ᠋ᠦᠩᠰᠢᠭᠤᠷ ᠺᠢᠯᠦᠸᠠᠲ ᠴᠠᠭ᠎ᠢ ᠲᠠᠪᠠᠨ᠂ ᠲᠡᠦᠬᠡ᠎ᠶᠢᠨ ᠲᠡᠮᠳᠡᠭᠯᠡᠯ᠎ᠢ ᠰᠢᠨᠡᠳᠬᠡᠭᠰᠡᠨ ᠪᠠᠢᠨ᠎ᠠ᠃

✦ᠡᠨᠡ ᠵᠢᠯ᠎ᠦᠨ 1 — 9 ᠰᠠᠷ᠎ᠠ᠎ᠳᠤ᠂ ᠬᠥᠯᠥᠨ ᠪᠦᠢᠷ ᠬᠣᠲᠠ ᠵᠢᠨ ᠠᠭᠠᠷ᠎ᠤᠨ ᠶᠠᠰᠤ ᠴᠢᠨᠠᠷ ᠦᠷᠭᠦᠯᠵᠢᠯᠡᠨ ᠲᠣᠭᠲᠠᠪᠤᠷᠢᠲᠠᠢ ᠰᠠᠢᠵᠢᠷᠠᠵᠤ᠂ ᠪᠦᠬᠥ ᠬᠣᠲᠠ᠎ᠶᠢᠨ PM10 ᠂ PM2.5 ᠎ᠶᠢᠨ ᠳᠤᠮᠳᠠᠴᠢ ᠥᠳᠬᠡᠴᠡ᠎ᠶᠢᠨ ᠬᠡᠮᠵᠢᠶ᠎ᠡ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ ᠶᠡᠬᠡ᠎ᠪᠠᠷ ᠪᠠᠭᠤᠷᠠᠵᠤ᠂ ᠠᠭᠠᠷ᠎ᠤᠨ ᠴᠢᠨᠠᠷ᠎ᠨᠢ ᠰᠢᠯᠢᠳᠡᠭ ᠡᠳᠦᠷ᠎ᠤᠨ ᠲᠣᠭ᠎ᠠ᠎ᠶᠢᠨ ᠬᠠᠷᠢᠴᠠᠯ 100%᠎ᠳᠤ ᠬᠦᠷᠴᠦ᠂ ᠪᠦᠬᠦ ᠣᠷᠣᠨ᠎ᠳᠤ ᠨᠢᠭᠡᠳᠦᠭᠡᠷ᠎ᠲᠦ ᠣᠷᠣᠪᠠ᠃

     ✦ᠤᠢᠷ᠎ᠠ᠎ᠳᠤ ᠦᠪᠤᠷ ᠮᠤᠩᠭᠤᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠮᠠᠯ ᠡᠮᠨᠡᠯᠭᠡ ᠵᠢᠨ ᠳᠡᠭᠡᠳᠤ ᠰᠤᠷᠭᠠᠭᠤᠯᠢ ᠵᠢᠨ ᠫᠷᠤᠹᠰᠰᠤᠷ ᠬᠠᠰᠰᠦ᠋ᠷᠦᠩ ᠪᠠᠬᠰᠢ ᠳᠡᠭᠡᠳᠤ ᠰᠤᠷᠭᠠᠭᠤᠯᠢ ᠵᠢᠨ ᠵᠢᠡᠨ ᠪᠠᠬᠰᠢ ᠨᠠᠷ ᠵᠢᠡᠨ ᠳᠠᠢᠴᠢᠯᠠᠨ ᠦᠤᠰᠢᠨᠵᠤᠤ ᠪᠠᠯᠭᠠᠰᠤᠨ᠎ᠤ ᠦᠤᠰᠢᠨᠵᠤᠤ ᠭᠠᠴᠠᠭᠠᠨ᠎ᠤ ᠮᠠᠯ ᠠᠵᠤ ᠠᠬᠤᠢ ᠮᠠᠯ ᠡᠮᠨᠡᠯᠭᠡ ᠵᠢᠨ ᠬᠡᠷᠡᠭᠯᠡᠭᠡᠨ᠎ᠤ ᠮᠡᠷᠭᠡᠵᠢᠯ᠎ᠢ ᠲᠦᠭᠡᠮᠡᠯᠵᠢᠬᠦᠯᠬᠦ ᠴᠡᠭ᠎ᠢ ᠪᠠᠢᠭᠤᠯᠤᠬᠰᠠᠨ ᠪᠠᠢᠨ᠎ᠠ᠃ ᠡᠨᠡᠬᠦ ᠮᠡᠷᠭᠡᠵᠢᠯ ᠲᠦᠭᠡᠮᠡᠯᠵᠢᠭᠦᠯᠬᠦ ᠴᠡᠭ᠎ᠢ ᠦᠨᠳᠦᠰᠦᠨ ᠱᠠᠲᠤᠨ᠎ᠤ ᠮᠠᠯᠵᠢᠯ᠎ᠤᠨ ᠠᠷᠭ᠎ᠠ ᠬᠡᠯᠪᠡᠷᠢ᠂ ᠮᠠᠯ᠎ᠤᠨ ᠡᠪᠡᠳᠴᠢᠨ ᠬᠢᠵᠢᠭ᠂ ᠲᠡᠵᠢᠭᠡᠵᠦ ᠠᠷᠠᠴᠢᠯᠠᠬᠤ ᠵᠡᠷᠭᠡ ᠣᠯᠠᠨ ᠲᠠᠯ᠎ᠠ᠎ᠶᠢᠨ ᠬᠡᠷᠡᠭᠯᠡᠭᠡᠨ᠎ᠦ ᠮᠡᠷᠭᠡᠵᠢᠯ᠎ᠢ ᠮᠠᠯᠴᠢᠨ ᠲᠠᠷᠢᠶᠠᠴᠢᠳ᠎ᠲᠤ ᠤᠯᠠᠮᠵᠢᠯᠠᠬᠤ ᠵᠣᠷᠢᠯᠭ᠎ᠠ᠎ᠪᠡᠷ ᠪᠠᠢᠭᠤᠯᠵᠠᠢ᠃

     ✦《ᠰᠠᠢᠨ ᠡᠭᠦᠯᠳᠡᠷ᠎ᠦᠨ ᠶᠠᠳᠠᠭᠤ᠎ᠶᠢ ᠲᠡᠳᠬᠦᠬᠦ ᠢᠮᠠᠭ᠎ᠠ》 ᠪᠣᠯ ᠤᠲᠤᠭ ᠬᠤᠰᠢᠭᠤᠨ᠎ᠤ ᠠᠷᠪᠠᠰ ᠰᠤᠮᠤᠨ᠎ᠤ ᠤᠯᠠᠭᠠᠠᠠᠤᠰᠤ ᠭᠠᠴᠠᠭᠠᠨ᠎ᠤ ᠬᠠᠮᠲᠤ ᠵᠢᠨ ᠡᠳ᠋ ᠬᠥᠷᠥᠩᠭᠡ᠎ᠶᠢ ᠠᠮᠢᠯᠠᠭᠤᠯᠵᠤ᠂ ᠣᠨᠴᠠᠯᠢᠭ᠍ᠲᠤ ᠮᠠᠯ ᠠᠵᠤ ᠠᠬᠤᠢ᠎ᠶᠢᠨ ᠠᠵᠤ ᠦᠢᠯᠡᠰ᠎ᠢ ᠬᠦᠴᠦᠷᠬᠡᠭᠵᠢᠭᠦᠯᠬᠦ ᠰᠢᠨ᠎ᠡ᠎ᠶᠢ ᠡᠭᠦᠳᠦᠭᠰᠡᠨ ᠦᠢᠯᠡᠳᠦᠯᠭᠡ ᠪᠠᠢᠵᠤ᠂ ᠠᠷᠪᠠᠰ᠎ᠤᠨ ᠨᠣᠤᠯᠤᠭᠤᠷ᠎ᠤᠨ ᠢᠮᠠᠭᠠᠨ᠎ᠤ ᠬᠣᠪᠣᠷ ᠨᠠᠨᠳᠢᠨ ᠡᠭᠦᠯᠳᠡᠷ᠎ᠢ  ᠬᠠᠮᠠᠭᠠᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠮᠠᠯᠴᠢᠨ ᠲᠠᠷᠢᠶᠠᠴᠢᠳ᠎ᠲᠤ ᠬᠠᠮᠲᠤ᠎ᠶᠢᠨ ᠠᠵᠤ ᠠᠬᠤᠢ᠎ᠶᠢᠨ ᠠᠰᠢᠭ᠋ ᠲᠤᠰᠠ᠎ᠶᠢ ᠡᠳ᠋ᠯᠡᠭᠦᠯᠵᠦ᠂ ᠣᠲᠣᠭ ᠬᠣᠰᠢᠭᠤᠨ᠎ᠤ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠢᠨ᠎ᠠ᠃

ᠰᠤᠶᠤᠯ  

✦2026 ᠣᠨ᠎ᠤ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠤᠷᠠᠯᠢᠭ᠋ ᠪᠦᠲᠦᠭᠡᠯ᠎ᠦᠨ ᠦᠵᠡᠭᠦᠯᠭᠡ ᠲᠦᠷᠦᠬᠦᠬᠡᠨ ᠬᠥᠬᠡᠨᠬᠣᠲᠠ᠎ᠶᠢᠨ ᠤᠷᠠᠨ ᠵᠢᠷᠤᠭ᠎ᠦᠨ ᠣᠷᠳᠣᠨ᠎ᠳᠤ ᠡᠬᠢᠯᠡᠵᠡᠢ᠃

ᠲᠠᠮᠢᠷ 

 ✦ᠥᠪᠥᠷ ᠮᠣᠩᠭᠣᠯ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ ᠡᠨᠡ ᠡᠳᠤᠷ᠎ᠤᠨ 19 : 00 ᠴᠠᠭ᠎ᠲᠤ ᠡᠷᠢᠶᠡᠨ ᠬᠤᠲᠠ᠎ᠶᠢᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠨ ᠶᠠᠪᠤᠬᠳᠠᠬᠤ ᠪᠡᠷ ᠪᠤᠢ᠃

✦54 ᠳ᠋ᠤᠭᠡᠷ ᠬᠤᠭᠤᠴᠠᠭᠠᠨ᠎ᠤ ᠭᠢᠮᠨᠠᠰᠲ᠋ᠢᠺ᠎ᠤᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠣᠯᠠᠨᠳ᠋᠎ᠳᠤ ᠥᠨᠳᠥᠷᠯᠡᠵᠦ᠂ ᠽᠧᠦ ᠵᠢᠩ ᠶᠤᠸᠠᠨ ᠡᠷᠡᠭᠲᠡᠢ᠎ᠶᠢᠨ ᠬᠣᠣᠰ ᠰᠠᠪᠠᠯᠠᠭᠤᠷ᠎ᠤᠨ ᠲᠦᠷᠦᠯ᠎ᠤᠨ ᠤᠷᠤᠯᠳᠤᠭᠠᠨ᠎ᠳᠤ ᠮᠠᠩᠯᠠᠢᠯᠠᠪᠠ᠃

 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠬᠡᠪᠯᠡᠯ ᠮᠡᠳᠡᠭᠡᠯᠡᠯ᠎ᠦᠨ 26 ᠎ᠤ ᠡᠳᠦᠷ ᠮᠡᠳᠡᠭᠡᠯᠡᠭᠰᠡᠨ᠎ᠢᠶᠡᠷ᠂ ᠶᠠᠫᠤᠨ᠎ᠤ ᠤᠤᠯ᠎ᠤᠨ ᠲᠡᠷᠢᠭᠦᠨ ᠰᠠᠢᠳ ᠹᠦᠺᠦ᠋ᠳᠠ ᠶᠠᠺᠤᠸ᠋ 22 ᠎ᠤᠨ ᠡᠳᠦᠷ ᠳᠤᠤᠺᠢᠤ᠋᠎ᠳᠤ ᠨᠠᠰᠤ ᠪᠠᠷᠠᠪᠠ᠂ ᠨᠠᠰᠤᠨ ᠰᠡᠭᠦᠳᠡᠷ 90᠃

✦ᠪᠡᠭᠡᠵᠢᠩ᠎ᠦᠨ ᠴᠠᠭ᠎ᠢᠶᠠᠷ 10 ᠰᠠᠷ᠎ᠠ᠎ᠶᠢᠨ 27 ᠎ᠤ ᠡᠳᠦᠷ᠎ᠦᠨ ᠥᠷᠯᠥᠭᠡ᠂ 2026 ᠣᠨ᠎ᠤ《ᠠᠯᠲᠠᠨ ᠪᠥᠮᠪᠥᠭᠡ᠎ᠶᠢᠨ ᠱᠠᠩᠨᠠᠯ》᠎ᠤᠨ ᠱᠠᠩᠨᠠᠯ ᠣᠯᠭᠣᠬᠤ ᠶᠣᠰᠣᠯᠠᠯ ᠠᠨᠭ᠌ᠭ᠌ᠯᠢ᠎ᠶᠢᠨ ᠯᠤᠨᠳᠤᠨ᠎ᠳᠤ ᠶᠠᠪᠤᠭᠳᠠᠵᠤ᠂ 33 ᠨᠠᠰᠤᠲᠠᠢ ᠢᠩᠭ᠌ᠯᠠᠨᠳ᠋᠎ᠤᠨ ᠠᠩᠭᠢ᠎ᠶᠢᠨ ᠬᠦᠯ ᠪᠦᠮᠪᠦᠭᠡ ᠵᠢᠨ ᠳᠠᠮᠢᠷᠴᠢᠨ ᠺᠠᠢᠨ 2026 ᠣᠨ᠎ᠤ  《ᠠᠯᠲᠠᠨ ᠪᠥᠮᠪᠥᠭᠡ᠎ᠶᠢᠨ ᠱᠠᠩᠨᠠᠯ》᠎ᠢ ᠭᠥᠷᠳᠡᠵᠦ᠂ ᠠᠩᠬ᠎ᠠ ᠤᠳᠠᠭ᠎ᠠ ᠡᠨᠡᠬᠦ᠌ ᠢᠷᠠᠭᠤ ᠠᠯᠳᠠᠷ᠎ᠢ ᠬᠦᠷᠳᠡᠭᠰᠡᠨ ᠪᠠᠢᠨ᠎ᠠ᠃

 

   ✦ᠬᠦᠬᠡᠬᠤᠳᠠ ᠵᠢᠨ ᠠᠵᠢᠯ ᠤᠢᠯᠡᠰ᠎ᠤᠨ ᠨᠢᠭᠡᠴᠢ ᠴᠢᠳᠠᠪᠤᠷᠢᠳᠠᠨ ᠤᠷᠢᠨ ᠡᠯᠰᠡᠬᠦ ᠪᠡᠷ ᠪᠤᠢ᠃ 

  

  ✦ᠢᠳᠡᠭᠡᠨ᠎ᠦ ᠳᠠᠪᠤᠰᠤ᠎ᠶᠢᠨ ᠣᠨᠴᠠᠭᠠᠶ ᠦᠢᠯᠡᠳᠦᠯ᠎ᠦᠳ᠎ᠡᠴᠡ ᠬᠤᠪᠢᠶᠠᠯᠴᠠᠶ᠎ᠠ᠃

1. ᠲᠠᠬᠢᠶᠠᠨ ᠥᠨᠳᠡᠭᠡ ᠴᠢᠨᠠᠬᠤ ᠦᠶᠡᠰ᠎ᠲᠦ ᠪᠠᠭ᠎ᠠ ᠳᠠᠪᠤᠰᠤ ᠬᠢᠪᠡᠯ ᠥᠨᠳᠡᠭᠡᠨ ᠬᠠᠯᠢᠰᠤ ᠨᠢ ᠬᠠᠭᠠᠷᠠᠬᠤ ᠦᠭᠡᠢ ᠪᠠᠢᠳᠠᠭ᠃

2. ᠲᠣᠰᠣᠨ ᠎ᠳᠤ  ᠪᠤᠴᠠᠯᠭᠠᠭᠰᠠᠨ ᠢᠳᠡᠭᠡᠨ ᠎ᠢ  ᠬᠢᠬᠦ  ᠦᠶᠡᠰ ᠎ᠲᠦ ᠲᠣᠭᠣᠭᠠᠨ᠎ᠳᠠᠭᠠᠨ ᠪᠠᠭ᠎ᠠ ᠳᠠᠪᠤᠰᠤ ᠬᠢᠪᠡᠯ ᠲᠣᠰᠣ᠌ ᠦᠰᠦᠷᠬᠦ᠎ᠶᠢ ᠰᠡᠷᠭᠡᠢᠯᠡᠵᠦ ᠲᠠᠢᠯᠤᠨ᠎ᠠ᠃

3. ᠠᠯᠢᠮ᠎ᠠ᠂  ᠠᠯᠮᠤᠷᠠᠳ᠂  ᠲᠥᠮᠥᠰᠥ  ᠵᠡᠷᠭᠡ ᠎ᠶᠢᠨ  ᠬᠠᠯᠢᠰᠤ ᠎ᠶᠢ ᠠᠷᠢᠯᠭᠠᠭᠰᠠᠨ᠎ᠤ ᠳᠠᠷᠠᠭ᠎ᠠ ᠠᠮᠠᠷᠬᠠᠨ ᠥᠩᠭᠡ ᠨᠢ ᠬᠤᠪᠢᠷᠠᠳᠠᠭ᠃ ᠡᠢᠮᠦᠷᠬᠦ ᠪᠠᠢᠳᠠᠯ ᠎ᠳᠤ ᠬᠠᠯᠢᠰᠤᠯᠠᠭᠰᠠᠨ᠎ᠤ ᠳᠠᠷᠠᠭ᠎ᠠ ᠪᠠᠭ᠎ᠠ ᠳᠠᠪᠤᠰᠤ᠎ᠲᠠᠢ ᠤᠰᠤ᠎ᠪᠠᠷ ᠤᠬᠢᠶᠠᠴᠢᠬᠠᠪᠠᠯ ᠥᠩᠭᠡ ᠨᠢ ᠬᠤᠪᠢᠷᠠᠬᠤ᠎ᠶᠢ ᠰᠡᠷᠭᠡᠢᠯᠡᠵᠦ ᠲᠠᠢᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面