ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-29 11:24:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

                                            

ᠨᠡᠢᠭᠡᠮ 

✦ᠤᠢᠷ᠎ᠠ᠎ᠳᠤ ᠮᠠᠨ᠎ᠤ ᠤᠯᠤᠰ ᠮᠤᠵᠢ ᠠᠯᠤᠰᠯᠠᠭᠰᠠᠨ 382 ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ᠎ᠶᠢᠨ ᠤᠷᠤᠰᠬᠠᠯ᠎ᠢ ᠪᠠᠲᠤᠯᠠᠬᠤ ᠬᠠᠷᠠᠯᠲᠠ᠎ᠶᠢ ᠲᠣᠳᠣᠷᠬᠠᠢᠯᠠᠵᠤ᠂ ᠮᠤᠵᠢ ᠠᠯᠤᠰᠯᠠᠭᠰᠠᠨ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢᠨ ᠤᠰᠤ ᠬᠡᠷᠡᠭᠯᠡᠬᠦ ᠪᠠᠲᠤᠯᠠᠭ᠎ᠠ᠎ᠶᠢ ᠴᠢᠩᠭᠠᠳᠬᠠᠬᠤ᠂ ᠭᠣᠣᠯ ᠮᠥᠷᠡᠨ ᠨᠠᠭᠤᠷ ᠴᠥᠭᠥᠷᠦᠮ᠎ᠤᠨ ᠠᠮᠢ ᠠᠬᠤᠢ᠎ᠶᠢᠨ ᠣᠷᠴᠢᠨ ᠲᠤᠭᠤᠷᠢᠨ᠎ᠢ ᠰᠡᠷᠭᠦᠭᠡᠬᠦ᠎ᠳᠦ ᠴᠢᠬᠤᠯᠠ ᠦᠨᠳᠦᠰᠦᠯᠡᠯ ᠬᠠᠩᠭᠠᠭᠰᠠᠨ ᠪᠠᠢᠨ᠎ᠠ᠃

✦ᠲᠦᠷᠦᠭᠦᠬᠡᠨ ᠳᠤᠮᠳᠠᠳᠤ ᠤᠯᠤᠰ ᠵᠡᠷᠭᠡ 26 ᠤᠯᠤᠰ《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠢᠯᠵᠢᠭᠦᠯᠦᠨ ᠥᠭᠴᠦ ᠪᠣᠯᠬᠤ ᠪᠠᠷᠠᠭᠠᠨ᠎ᠤ ᠭᠡᠷᠡᠴᠢ᠎ᠶᠢᠨ ᠨᠡᠶ᠋ᠢᠲᠡ᠎ᠶᠢᠨ ᠭᠡᠷ᠎ᠡ》᠎ᠳᠦ ᠭᠠᠷ᠎ᠤᠨ ᠥᠰᠥᠭ ᠵᠢᠷᠤᠪᠠ᠃

✦ᠮᠠᠨ᠎ᠤ ᠤᠯᠤᠰ᠎ᠤᠨ ᠨᠡᠭᠦᠷᠡᠰᠦᠨ᠎ᠤ ᠬᠠᠩᠭᠠᠯᠭ᠎ᠠ᠎ᠶᠢ ᠪᠠᠲᠤᠯᠠᠬᠤ ᠴᠢᠬᠤᠯᠠ ᠱᠤᠭᠤᠮ ᠪᠣᠯᠬᠤ ᠪᠤᠭᠤᠲᠤ᠎ᠠᠴᠠ ᠲᠠᠩᠱᠠᠨ ᠬᠦᠷᠬᠦ ᠲᠡᠮᠦᠷ ᠵᠠᠮ᠎ᠢ 20 ᠡᠳᠦᠷ ᠎ᠦᠨ ᠬᠤᠭᠤᠴᠠᠭ᠎ᠠ᠎ᠲᠠᠢ ᠶᠡᠬᠡ ᠬᠡᠪᠴᠢᠶ᠎ᠡ᠎ᠪᠠᠷ ᠲᠥᠪᠯᠡᠷᠡᠭᠦᠯᠦᠨ ᠵᠠᠰᠠᠬᠤ ᠠᠵᠢᠯ ᠤᠢᠷ᠎ᠠ᠎ᠳᠦ ᠡᠬᠢᠯᠡᠵᠦ᠂ ᠡᠪᠦᠯ᠎ᠦᠨ ᠤᠯᠠᠷᠢᠯ᠎ᠤᠨ ᠨᠡᠭᠦᠷᠡᠰᠦᠨ᠎ᠤ ᠲᠡᠭᠡᠭᠡᠪᠦᠷᠢ᠎ᠳᠦ ᠪᠡᠯᠡᠳᠬᠡᠯ ᠬᠢᠵᠦ ᠪᠠᠢᠨ᠎ᠠ᠃

✦26᠎ᠤ ᠡᠳᠦᠷ᠂ ᠬᠠᠲᠤᠨ ᠭᠣᠣᠯ᠎ᠤᠨ ᠲᠣᠬᠣᠢ ᠣᠷᠣᠨ ᠪᠣᠯᠣᠨ ᠳᠤᠮᠳᠠ ᠣᠷᠣᠨ᠎ᠤ ᠤᠰᠤᠲᠥ᠋ᠷᠥᠭᠴᠢ᠎ᠶᠢᠨ ᠡᠨᠧᠷᠭᠢ᠎ᠶᠢ ᠶᠡᠷᠦᠩᠬᠡᠢᠯᠡᠨ ᠠᠰᠢᠭ᠍ᠯᠠᠬᠤ ᠲᠤᠷᠰᠢᠯᠲᠠ᠎ᠶᠢᠨ ᠬᠤᠲᠠ ᠶ᠋ᠢᠨ ᠰᠦᠷᠦᠭᠵᠢᠯ ᠤ᠋ᠨ ᠠᠵᠢᠯ᠎ᠤᠨ ᠪᠠᠢᠷᠢᠯᠠᠭᠤᠯᠤᠯᠲᠠ᠎ᠶᠢᠨ ᠬᠤᠷᠠᠯ ᠣᠷᠳᠣᠰ ᠬᠤᠲᠠ᠎ᠳᠤ ᠬᠤᠷᠠᠯᠳᠤᠵᠠᠢ᠃ ᠡᠨᠡ ᠨᠢ ᠡᠨᠡᠬᠦ ᠤᠯᠤᠰ᠎ᠤᠨ ᠳᠡᠰ᠎ᠤᠨ ᠲᠤᠷᠰᠢᠯᠲᠠ᠎ᠶᠢᠨ ᠴᠡᠭ ᠪᠣᠳᠠᠲᠠᠢ ᠬᠡᠷᠡᠭᠵᠢᠭᠦᠯᠦᠭᠳᠡᠬᠦ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃ 

✦ᠣᠢᠷ᠎ᠠ᠎ᠳᠤ ᠥᠪᠥᠷ ᠮᠣᠩᠭᠣᠯ᠎ᠤᠨ ᠰᠢᠨ᠎ᠡ ᠬᠡᠯᠪᠡᠷᠢ᠎ᠶᠢᠨ ᠪᠣᠳᠣᠯᠲᠠ᠎ᠶᠢᠨ ᠬᠦᠴᠦᠨ᠎ᠤ ᠰᠠᠭᠤᠷᠢᠨ᠎ᠤ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠠᠰᠢᠭ᠍ᠯᠠᠯᠲᠠ᠎ᠳᠤ ᠤᠷᠤᠭᠤᠯᠤᠬᠰᠠᠨ ᠵᠢᠡᠷ᠂ ᠬᠥᠬᠡᠬᠣᠲᠠ ᠵᠢᠨ ᠪᠣᠳᠣᠯᠲᠠ᠎ᠶᠢᠨ ᠬᠦᠴᠦᠨ᠎ᠦ ᠶᠡᠷᠦᠩᠬᠡᠢ ᠬᠡᠪᠴᠢᠶ᠎ᠡ ᠨᠢᠭᠡᠨᠲᠡ 16.5 ᠲᠦᠮᠡᠨ P᠎ᠳᠦ ᠬᠦᠷᠴᠤ᠂ ᠡᠨᠡ ᠨᠢ ᠪᠤᠳᠤᠯᠳᠠ ᠵᠢᠨ ᠬᠦᠴᠦᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠱᠠᠳᠤᠴᠢ ᠴᠢᠨᠠᠷᠲᠠᠢ ᠴᠢᠬᠤᠯᠠ ᠶᠡᠬᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃

✦26᠎ᠤ ᠡᠳᠦᠷ᠂ ᠢᠷᠭᠠᠢ᠎ᠠᠴᠠ ᠪᠠᠶᠠᠨᠬᠣᠲᠠ ᠬᠦᠷᠬᠦ ᠲᠡᠮᠦᠷ ᠵᠠᠮ᠎ᠤᠨ ᠬᠣᠯᠪᠤᠭᠠᠯᠠᠨ ᠲᠣᠬᠢᠷᠠᠭᠤᠯᠵᠤ ᠬᠣᠯᠪᠤᠭᠠᠯᠠᠨ ᠲᠤᠷᠰᠢᠬᠤ ᠠᠵᠢᠯ ᠡᠬᠢᠯᠡᠪᠡ᠃ ᠡᠨᠡ ᠨᠢ ᠢᠷᠭᠠᠢ᠎ᠠᠴᠠ ᠪᠠᠶᠠᠨᠬᠣᠲᠠ ᠬᠦᠷᠬᠦ ᠲᠡᠮᠦᠷ ᠵᠠᠮ ᠨᠢᠭᠡᠨᠲᠡ ᠪᠠᠷᠢᠯᠭ᠎ᠠ ᠵᠢᠨ ᠠᠵᠢᠯ᠎ᠤᠨ᠎ᠰᠢᠯᠭᠠᠨ ᠪᠠᠢᠴᠠᠭᠠᠯᠳᠠ ᠵᠢᠨ ᠵᠠᠩᠭᠢᠯᠠᠭ᠎ᠠ᠎ᠶᠢᠨ ᠱᠠᠲᠤᠨ᠎ᠳᠤ ᠣᠷᠣᠭᠰᠠᠨ᠎ᠢ ᠬᠠᠷᠠᠭᠤᠯᠵᠤ᠂ ᠮᠥᠨ ᠴᠦ᠍ ᠡᠨᠡ ᠵᠢᠯ᠎ᠦᠨ ᠪᠦᠬᠦ ᠱᠤᠭᠤᠮ᠎ᠢᠶᠠᠷ ᠲᠡᠷᠭᠡ ᠨᠡᠪᠲᠡᠷᠡᠬᠦ᠎ᠳᠦ ᠰᠠᠭᠤᠷᠢ ᠲᠠᠯᠪᠢᠵᠤ ᠪᠠᠢᠨ᠎ᠠ᠃ ᠲᠤᠰ ᠲᠡᠮᠦᠷ ᠵᠠᠮ ᠨᠢ ᠪᠠᠷᠤᠭ 111 ᠺᠢᠯᠣᠮᠧᠲᠷ ᠪᠠᠢᠵᠤ᠂ ᠲᠥᠯᠥᠪᠯᠡᠭᠰᠡᠨ ᠬᠤᠷᠳᠤᠴᠠ ᠨᠢ ᠴᠠᠭ ᠪᠦᠷᠢ 200 ᠺᠢᠯᠣᠮᠧᠲᠷ ᠪᠣᠯᠣᠨ᠎ᠠ᠃

✦2026 ᠣᠨ᠎ᠳᠤ᠂ ᠲᠦᠩᠯᠢᠶᠣᠣ ᠬᠣᠲᠠ ᠡᠷᠳᠡᠨᠢ ᠰᠢᠰᠢ᠎ᠶᠢᠨ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠢᠨᠵᠧᠨᠧᠷᠢᠩ ᠎ᠢ 1354 ᠲᠦᠮᠡᠨ ᠮᠦ᠍ ᠬᠡᠷᠡᠭᠵᠢᠭᠦᠯᠵᠦ᠂ ᠪᠦᠬᠦ ᠬᠤᠲᠠ᠎ᠶᠢᠨ ᠪᠠᠷᠤᠭ 406.99 ᠲᠦᠮᠡᠨ ᠮᠦ᠍ ᠲᠠᠷᠢᠶᠠᠨ ᠭᠠᠵᠠᠷ ᠨᠢ 《ᠲᠣᠨ ᠎ᠤ ᠬᠤᠷᠢᠶᠠᠯᠳᠡ ᠵᠢᠨ ᠲᠠᠷᠢᠶ᠎ᠠ》 ᠵᠢᠨ ᠬᠢᠷᠢ ᠲᠦᠪᠰᠢᠨ᠎ᠳᠦ ᠬᠦᠷᠦᠭᠰᠡᠨ ᠪᠠᠢᠨ᠎ᠠ᠃

✦10 ᠰᠠᠷ᠎ᠠ᠎ᠶᠢᠨ 26᠎ᠤ ᠡᠳᠦᠷ ᠪᠣᠯ ᠪᠦᠬᠦ ᠤᠯᠤᠰ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠳ᠎ᠤᠨ ᠪᠠᠶᠠᠷ᠎ᠤᠨ ᠡᠳᠦᠷ ᠪᠣᠯᠣᠨ᠎ᠠ᠃ ᠬᠠᠩᠭᠢᠨ ᠬᠣᠰᠢᠭᠤᠨ᠎ᠤ ᠬᠤᠲᠠ᠎ᠶᠢᠨ ᠨᠡᠶ᠋ᠢᠲᠡ᠎ᠶᠢᠨ ᠠᠰᠠᠷᠠᠮᠵᠢ ᠵᠢᠨ ᠦᠢᠯᠡᠰ ᠎ᠦᠨ ᠦᠢᠯᠡᠴᠢᠯᠡᠭᠡᠨ᠎ᠦ ᠲᠥᠪ᠎ᠦᠨ ᠬᠢᠨ ᠬᠠᠢᠷ᠎ᠠ ᠬᠠᠯᠠᠮᠵᠢᠲᠤ ᠠᠵᠤ ᠠᠬᠤᠢᠯᠠᠯ ᠵᠢᠴᠢ ᠬᠤᠳᠠᠯᠳᠤᠭᠠᠴᠢᠨ᠎ᠲᠠᠢ ᠬᠠᠮᠲᠤᠷᠠᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠳ᠎ᠢ ᠲᠣᠬᠣᠨᠢᠭᠤᠯᠬᠤ ᠠᠵᠢᠯᠯᠠᠭ᠎ᠠ ᠦᠷᠨᠢᠬᠦᠯᠵᠤ᠂ ᠳᠡᠳᠡᠨ᠎ᠳᠤ ᠪᠠᠶᠠᠷ᠎ᠤᠨ ᠡᠳᠤᠷ᠎ᠤᠨ ᠮᠡᠨᠳᠤᠴᠢᠯᠡᠯ ᠳᠡᠪᠰᠢᠬᠦᠯᠵᠠᠢ᠃ ᠤᠢᠯᠠᠭᠠᠬᠰᠠᠨ ᠵᠢᠡᠷ ᠳᠤᠰ ᠤᠳᠠᠭᠠᠨ᠎ᠤ ᠠᠵᠢᠯᠯᠠᠭ᠎ᠠ᠎ᠳᠤ 4 ᠠᠵᠤ ᠠᠬᠤᠢᠯᠠᠯ᠎ᠤᠨ ᠬᠢᠨ ᠨᠡᠢᠲᠡ 10 ᠲᠦᠮᠡᠨ ᠲᠥᠭᠥᠷᠢᠭ᠎ᠦᠨ ᠥᠷᠲᠡᠭ ᠪᠦᠬᠦᠢ ᠡᠳ᠋ ᠪᠣᠳᠠᠰ᠎ᠢᠶᠠᠷ ᠪᠦᠬᠥ ᠬᠣᠰᠢᠭᠤᠨ᠎ᠤ 420 ᠭᠠᠷᠤᠢ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠠᠵᠢᠯᠴᠢᠳ᠎ᠢ ᠲᠣᠬᠣᠨᠢᠭᠤᠯᠵᠠᠢ᠃

 

✦ᠲᠦᠷᠦᠭᠦᠦ 9 ᠰᠠᠷ᠎ᠠ᠎ᠳᠤ᠂ ᠮᠠᠨ᠎ᠤ ᠤᠯᠤᠰ᠎ᠤᠨ ᠪᠥᠭᠡᠮ ᠪᠣᠷᠤᠯᠠᠭᠤᠯᠭ᠎ᠠ ᠪᠠ ᠰᠤᠯᠠ ᠪᠣᠷᠤᠯᠠᠭᠤᠯᠭ᠎ᠠ᠎ᠶᠢᠨ ᠦᠢᠯᠡᠰ᠎ᠦᠨ ᠨᠡᠮᠡᠭᠳᠡᠯ ᠥᠷᠲᠡᠭ 11.1 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.4%᠎ᠪᠠᠷ ᠨᠡᠮᠡᠭᠳᠡᠵᠦ᠂ ᠠᠵᠢᠯ ᠲᠥᠷᠥᠯ᠎ᠦᠨ ᠬᠥᠭᠵᠢᠯᠲᠡ ᠶᠡᠷᠦᠩᠬᠡᠢ᠎ᠳᠡᠭᠡᠨ ᠰᠠᠢᠵᠢᠷᠠᠪᠠ᠃

✦ᠲᠦᠷᠦᠭᠦᠦ ᠭᠤᠷᠪᠠᠨ ᠤᠯᠠᠷᠢᠯ᠎ᠳᠤ᠂ ᠲᠣᠭᠠᠴᠢᠯᠠᠭᠰᠠᠨ ᠠᠵᠤ ᠠᠬᠤᠢ᠎ᠶᠢᠨ ᠭᠣᠣᠯᠯᠠᠬᠤ ᠠᠵᠤ ᠦᠢᠯᠡᠰ᠂ ᠮᠡᠳᠡᠯᠭᠡ᠎ᠶᠢᠨ ᠪᠦᠲᠦᠭᠡᠭᠳᠡᠬᠦᠨ᠎ᠦ ᠦᠮᠴᠢᠯᠠᠯ᠎ᠤᠨ ᠡᠷᠬᠡ᠎ᠶᠢᠨ ᠬᠥᠳᠡᠯᠮᠦᠷᠢ ᠬᠦᠴᠦ ᠨᠢᠬᠲᠠᠷᠠᠬᠰᠠᠨ ᠬᠡᠯᠪᠡᠷᠢ᠎ᠶᠢᠨ ᠠᠵᠤ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰᠪᠣᠷᠢ 9.1% ᠪᠠ 13.1% ᠪᠠᠷ ᠨᠡᠮᠡᠭᠳᠡᠵᠦ᠂ ᠰᠢᠨ᠎ᠡ ᠬᠥᠳᠡᠯᠭᠡᠬᠦ ᠬᠦᠴᠦᠨ᠎ᠤ ᠠᠵᠢᠯ ᠲᠥᠷᠥᠯ᠎ᠦᠨ ᠬᠥᠭᠵᠢᠯᠲᠡ ᠵᠢ ᠲᠦᠷᠭᠡᠳᠭᠡᠪᠡ᠃

 

✦ᠣᠲᠤᠭ᠎ᠤᠨ ᠡᠮᠦᠨᠡᠲᠦ ᠬᠣᠰᠢᠭᠤᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠷᠠᠯᠢᠭ᠋᠎ᠤᠨ ᠦᠵᠡᠭᠦᠯᠭᠡ ᠲᠦᠷᠦᠬᠦᠬᠡᠨ ᠤᠲᠤᠭ᠎ᠤᠨ ᠡᠮᠦᠨᠡᠲᠦ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃ ᠤᠯᠠᠮᠵᠢᠯᠠᠯᠳᠤ ᠬᠤᠨᠢᠨ ᠨᠤᠤᠰᠤᠨ᠎ᠤ ᠢᠰᠡᠬᠡᠢ ᠭᠠᠷ ᠤᠷᠠᠯᠠᠯ᠎ᠤᠨ ᠪᠦᠲᠦᠭᠡᠯ ᠨᠢ ᠪᠤᠳᠠᠰ᠎ᠤᠨ ᠪᠤᠰᠤ ᠰᠤᠶᠤᠯ᠎ᠤᠨ ᠦᠪ᠎ᠤᠨ ᠭᠤᠸ᠎ᠠ ᠰᠠᠢᠬᠠᠨ᠎ᠤ ᠬᠦᠮᠦᠵᠢᠯ᠂ ᠴᠢᠳᠠᠪᠤᠷᠢᠳᠠᠨ ᠬᠦᠮᠦᠵᠢᠬᠦᠯᠬᠦ ᠤᠨᠴᠠᠯᠢᠭ᠎ᠲᠦ ᠰᠠᠭᠤᠷᠢᠯᠠᠵᠤ᠂ ᠳᠠᠯ᠎ᠠ ᠨᠤᠲᠤᠭ᠎ᠤᠨ ᠰᠤᠶᠤᠯ᠎ᠤᠨ ᠡᠬᠢ ᠪᠠᠶᠠᠯᠢᠭ᠎ᠢ ᠬᠦᠨ ᠠᠭᠤᠳᠠᠯᠵᠠᠢ᠃

 

✦27᠎ᠤ ᠡᠳᠦᠷ᠂ 2026 ᠣᠨ᠎ᠤ ᠪᠦᠬᠦ ᠤᠯᠤᠰ᠎ᠤᠨ ᠤᠮᠪᠠᠯᠲᠠ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ( 25 ᠮᠧᠲᠷ )᠂ ᠡᠮᠡᠭᠲᠡᠢ᠎ᠶᠢᠨ 100 ᠮᠧᠲᠷ᠎ᠦᠨ ᠡᠷᠪᠡᠬᠡᠢ ᠤᠮᠪᠠᠯᠲᠠ᠎ᠶᠢᠨ ᠰᠢᠢᠳᠪᠦᠷᠢᠲᠦ ᠤᠷᠤᠯᠳᠤᠭᠠᠨ᠎ᠳᠤ ᠵᠠᠩ ᠢᠦᠢ 54 ᠰᠧᠺᠦ᠋ᠨ᠋ᠳ᠋ 87 ᠎ᠶᠢᠨ ᠬᠢᠷᠢ ᠪᠦᠲᠦᠮᠵᠢ᠎ᠪᠡᠷ ᠠᠯᠲᠠᠨ ᠮᠧᠳᠠᠯ ᠣᠯᠣᠭᠰᠠᠨ ᠪᠥᠭᠡᠳ ᠳᠤᠰ ᠲᠦᠷᠦᠯ᠎ᠤᠨ ᠤᠷᠤᠯᠳᠤᠭᠠᠨ᠎ᠤ ᠠᠽᠢᠶ᠎ᠠ ᠲᠢᠪ᠎ᠦᠨ ᠲᠡᠮᠳᠡᠭᠯᠡᠯ᠎ᠢ ᠡᠭᠦᠳᠴᠡᠢ᠃ ᠡᠷᠡᠭᠲᠡᠢ᠎ᠶᠢᠨ 800 ᠮᠧᠲᠷ᠎ᠦᠨ ᠴᠢᠯᠦᠭᠡᠲᠦ ᠤᠮᠪᠠᠯᠲᠠ᠎ᠶᠢᠨ ᠰᠢᠢᠳᠪᠦᠷᠢᠲᠦ ᠤᠷᠤᠯᠳᠤᠭᠠᠨ᠎ᠳᠤ᠂ ᠵᠠᠩ ᠵᠠᠨ ᠱᠦᠸᠸ 7 ᠮᠢᠨᠦ᠋ᠲ 28 ᠰᠧᠺᠦ᠋ᠨ᠋ᠳ᠋ 61 ᠵᠢᠨ ᠬᠢᠷᠢ ᠪᠦᠲᠦᠮᠵᠢ᠎ᠪᠡᠷ ᠮᠠᠩᠯᠠᠢᠯᠠᠭᠰᠠᠨ ᠪᠥᠭᠡᠳ ᠳᠤᠰ ᠲᠦᠷᠦᠯ᠎ᠤᠨ ᠤᠷᠤᠯᠳᠤᠭᠠᠨ᠎ᠤ ᠠᠽᠢᠶ᠎ᠠ ᠲᠢᠪ᠎ᠦᠨ ᠲᠡᠮᠳᠡᠭᠯᠡᠯ᠎ᠢ ᠡᠭᠦᠳᠦᠭᠰᠡᠨ ᠪᠠᠢᠨ᠎ᠠ᠃

✦2025 ᠤᠨ᠎ᠳᠤ ᠠᠩᠬ᠎ᠠ ᠤᠳᠠᠭᠠᠨ᠎ᠤ ᠤᠷᠤᠯᠳᠤᠭᠠᠨ ᠵᠢᠡᠨ ᠡᠷᠬᠢᠯᠡᠭᠰᠡᠨ ᠡᠴᠡ ᠨᠠᠭᠠᠰᠢ᠂ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤ ᠨᠡᠢᠳᠡ 8 ᠤᠳᠠᠭ᠎ᠠ ᠵᠢᠨ 《ᠳᠤᠰᠬᠤᠨ᠎ᠤ ᠬᠦᠶᠦᠯᠳᠡ ᠵᠢᠨ ᠤᠷᠤᠯᠳᠤᠭᠠᠨ》᠎ᠤ ᠠᠵᠢᠯᠯᠠᠭ᠎ᠠ ᠦᠷᠨᠢᠬᠦᠯᠵᠤ᠂ 8 ᠰᠤᠮᠤ ᠰᠢᠶᠠᠩ ᠪᠠᠯᠭᠠᠰᠤ ᠳᠠᠯᠠᠪᠠᠢ ᠵᠢ ᠬᠠᠮᠤᠷᠴᠤ᠂ ᠤᠷᠤᠯᠴᠠᠬᠰᠠᠨ ᠤᠯᠠᠨ ᠲᠦᠮᠡᠨ ᠨᠡᠢᠳᠡ 3.5 ᠲᠦᠮᠡ ᠭᠠᠷᠤᠢ ᠬᠦᠮᠦᠨ ᠤᠳᠠᠭ᠎ᠠ᠎ᠳᠤ ᠬᠦᠷᠪᠡ᠃

 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠺᠠᠨᠠᠳᠠ᠎ᠶᠢᠨ ᠶᠡᠷᠦᠩᠬᠡᠢ ᠰᠠᠢᠳ ᠺᠠᠨᠠᠳᠠ ᠪᠣᠯᠣᠨ ᠠᠮᠧᠷᠢᠺᠠ᠎ᠶᠢᠨ ᠠᠷᠠᠯᠵᠢᠶᠠᠨ᠎ᠤ ᠬᠡᠯᠡᠯᠴᠡᠭᠡ 《ᠪᠠᠭ᠎ᠠ ᠬᠡᠮᠵᠢᠶ᠎ᠡ᠎ᠪᠡᠷ ᠰᠠᠢᠵᠢᠷᠠᠪᠠ》 ᠭᠡᠪᠡ᠃

✦ᠠᠷᠠᠳ᠎ᠤᠨ ᠡᠳᠤᠷ᠎ᠤᠨ ᠰᠤᠨᠢᠨ᠎ᠤ ᠮᠡᠳᠡᠭᠡ ᠵᠢ ᠦᠨᠳᠦᠰᠦᠯᠡᠪᠡᠯ᠂ 27᠎ᠤ ᠡᠳᠦᠷ᠂ ᠣᠷᠣᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ ᠪᠣᠯᠣᠨ ᠦᠺᠷᠠᠢᠨ᠎ᠤ ᠳᠡᠭᠡᠳᠦ ᠵᠡᠷᠭᠡ᠎ᠶᠢᠨ ᠲᠤᠰᠢᠶᠠᠯᠲᠠᠨ ᠡᠴᠡ ᠬᠣᠶᠠᠷ ᠲᠠᠯ᠎ᠠ᠎ᠪᠠᠷ᠎ᠢᠶᠠᠨ ᠲᠤᠰ ᠡᠳᠦᠷ ᠳᠠᠶ᠋ᠢᠨ ᠵᠣᠭᠰᠣᠵᠤ᠂ ᠬᠥᠮᠥᠯᠢᠭ ᠦᠵᠡᠯ᠎ᠦᠨ ᠠᠵᠢᠯᠯᠠᠭ᠎ᠠ ᠥᠷᠨᠢᠭᠦᠯᠵᠦ ᠪᠠᠢᠬᠤ ᠵᠢ ᠭᠡᠷᠡᠴᠢᠯᠡᠪᠡ᠃

 

✦ᠪᠤᠭᠤᠳᠤ ᠬᠤᠳᠠ ᠵᠢᠨ ᠳᠤᠳᠤᠭᠠᠳᠤ ᠵᠢ ᠬᠠᠮᠠᠭᠠᠯᠠᠬᠤ ᠳᠤᠪᠴᠢᠶ᠎ᠠ ᠠᠵᠢᠯᠳᠠᠨ ᠡᠯᠰᠡᠵᠤ ᠪᠤᠢ᠃ 


ᠲᠠᠨ ᠎ᠤ ᠲᠤᠰᠡ ᠳ᠋ᠤ   

✦ᠦᠷᠯᠦᠭᠡᠨ᠎ᠤ ᠬᠤᠭᠤᠯᠠᠨ᠎ᠳᠠᠭᠠᠨ ᠡᠳᠡᠭᠡᠷ 4 ᠵᠤᠢᠯ᠎ᠤᠨ ᠢᠳᠡᠭᠡᠨ᠎ᠢ ᠢᠳᠡᠪᠡᠯ ᠡᠯᠢᠭᠡᠨ᠎ᠳᠤ ᠰᠠᠢᠨ ᠪᠠᠢᠳᠠᠭ᠃

1. ᠨᠠᠩᠭᠤᠸᠠ᠃ ᠨᠠᠩᠭᠤᠸᠠ᠎ᠳᠤ ᠣᠯᠠᠨ ᠲᠥᠷᠥᠯ᠎ᠦᠨ ᠸᠢᠲ᠋ᠠᠮᠢᠨ᠂ ᠡᠷᠦᠳᠡᠰᠦ ᠪᠣᠳᠠᠰ ᠪᠠ ᠵᠢᠮᠢᠰ᠎ᠦᠨ ᠴᠠᠪᠠᠤᠯᠢᠭ᠋ ᠡᠳ᠋ ᠡᠯᠪᠡᠭ ᠠᠭᠤᠯᠤᠭᠳᠠᠵᠤ ᠪᠠᠢᠳᠠᠭ᠃

2. ᠲᠥᠪᠡᠳ ᠬᠠᠰᠢ᠃ ᠲᠥᠪᠡᠳ ᠬᠠᠰᠢ᠎ᠳᠤ ᠸᠢᠲ᠋ᠠᠮᠢᠨ C᠂ ᠸᠢᠲ᠋ᠠᠮᠢᠨ A᠂ ᠸᠢᠲ᠋ᠠᠮᠢᠨ B1 ᠡᠯᠪᠡᠭ ᠠᠭᠤᠯᠤᠭᠳᠠᠳᠠᠭ ᠪᠥᠭᠡᠳ ᠢᠰᠦᠯᠳᠦᠬᠦ ᠎ᠶᠢ ᠬᠠᠷᠰᠢᠯᠠᠬᠤ ᠪᠠ ᠥᠮᠡᠨ᠎ᠢ ᠡᠰᠡᠷᠭᠦᠴᠡᠬᠦ ᠡᠳ᠋ ᠠᠭᠤᠯᠤᠭᠳᠠᠳᠠᠭ᠃

3. ᠥᠨᠳᠡᠭᠡ᠃ ᠥᠨᠳᠡᠭᠡ  ᠨᠢ  ᠤᠭᠤᠷᠠᠭ ᠡᠯᠪᠡᠭ  ᠪᠥᠭᠡᠳ  ᠡᠯᠢᠭᠡᠨ ᠎ᠦ ᠴᠢᠳᠠᠪᠬᠢ᠎ᠶᠢ ᠰᠠᠢᠵᠢᠷᠠᠭᠤᠯᠬᠤ ᠪᠠ ᠡᠰ᠎ᠦᠨ ᠰᠡᠯᠪᠢᠯᠲᠡ᠎ᠶᠢ ᠲᠦᠷᠭᠡᠳᠬᠡᠳᠡᠭ᠃

4. ᠪᠤᠭᠤᠳᠠᠢ᠎ᠶᠢᠨ ᠲᠥᠷᠥᠯ᠎ᠤᠨ ᠢᠳᠡᠭᠡᠨ᠃  ᠸᠢᠲ᠋ᠠᠮᠢᠨ F  ᠡᠯᠪᠡᠭ ᠠᠭᠤᠯᠤᠬᠳᠠᠵᠤ᠂ ᠥᠯ᠎ᠲᠠᠢ ᠪᠥᠭᠡᠳ ᠬᠣᠳᠣᠭᠣᠳᠤᠨ᠎ᠳᠤ ᠡᠭᠡᠯᠢᠲᠡᠢ ᠲᠤᠯᠠ ᠥᠷᠯᠥᠭᠡ ᠢᠳᠡᠬᠦ᠎ᠳᠦ ᠲᠣᠬᠢᠷᠠᠮᠵᠢᠲᠠᠢ ᠪᠠᠢᠳᠠᠭ᠃

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠶᠠᠨᠭ ᠸᠧᠨ ᠭᠤᠸᠠᠩ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面