ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-30 14:57:18

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3

     


    ᠨᠡᠢᠭᠡᠮ                                       

✦ᠠᠷᠠᠳ᠎ᠤᠨ ᠶᠠᠪᠤᠳᠠᠯ᠎ᠤᠨ ᠶᠠᠮᠤᠨ᠎ᠠᠴᠠ 《ᠬᠠᠬᠢᠷ ᠡᠪᠦᠯ᠎ᠤᠨ ᠤᠯᠠᠷᠢᠯ᠎ᠳᠤ ᠬᠠᠢᠷ᠎ᠠ ᠬᠠᠯᠠᠮᠵᠢ ᠬᠦᠷᠭᠡᠬᠦ》 ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠵᠢ ᠪᠠᠢᠷᠢᠯᠠᠭᠤᠯᠤᠨ ᠥᠷᠨᠢᠭᠦᠯᠵᠦ᠂ ᠡᠯ᠎ᠡ ᠭᠠᠵᠠᠷ᠎ᠤᠨ ᠠᠪᠤᠷᠠᠨ ᠳᠤᠰᠠᠯᠠᠬᠤ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠠᠪᠤᠷᠠᠨ ᠲᠤᠰᠠᠯᠠᠬᠤ ᠤᠲᠠᠰᠤ᠎ᠶᠢ ᠪᠦᠬᠦᠯᠢ ᠡᠳᠦᠷ ᠰᠠᠭᠠᠳ ᠦᠭᠡᠢ ᠨᠡᠪᠲᠡᠷᠡᠭᠦᠯᠬᠦ᠎ᠶᠢ ᠦᠨᠡᠨ ᠬᠦ᠌ ᠪᠠᠲᠤᠯᠠᠵᠤ᠂ ᠴᠠᠭ ᠠᠭᠤᠷ᠎ᠤᠨ ᠰᠡᠷᠡᠮᠵᠢ᠎ᠶᠢᠨ ᠳᠣᠬᠢᠶ᠎ᠠ᠎ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠬᠤ ᠬᠡᠷᠡᠭᠲᠡᠢ ᠭᠡᠵᠦ ᠱᠠᠭᠠᠷᠳᠠᠪᠠ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ ᠨᠠᠢ᠍ᠮᠠᠨ ᠰᠠᠯᠠᠭ᠎ᠠ ᠮᠥᠴᠢᠷ ᠪᠢᠴᠢᠭ ᠮᠠᠲᠧᠷᠢᠶᠠᠯ ᠪᠠᠭᠤᠯᠭᠠᠵᠤ᠂ 2030 ᠣᠨ ᠪᠣᠯᠬᠤ᠎ᠳᠤ ᠮᠠᠨ᠎ᠤ ᠤᠯᠤᠰ ᠪᠦᠬᠦᠯᠢ ᠴᠣᠭᠴᠠ᠎ᠶᠢᠨ ᠰᠢᠨ᠎ᠡ᠎ᠶᠢ ᠡᠭᠦᠳᠬᠦ᠎ᠶᠢ ᠬᠥᠲᠥᠯᠥᠨ ᠳᠠᠭᠠᠭᠤᠯᠬᠤ ᠨᠢᠭᠡ ᠪᠦᠯᠦᠭ ᠵᠠᠩᠭᠢᠯᠠᠭ᠎ᠠ᠎ᠶᠢᠨ ᠰᠠᠭᠤᠷᠢ ᠦᠢᠯᠡᠳᠬᠦᠨ ᠪᠠ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ᠎ᠲᠠᠢ ᠡᠳᠦᠢ ᠲᠡᠳᠦᠢ ᠲᠥᠷᠥᠯ ᠳᠡᠮᠳᠡᠭ᠎ᠢ ᠪᠣᠶ ᠪᠣᠯᠭᠠᠵᠤ᠂ ᠠᠵᠤ ᠦᠢᠯᠡᠰ᠎ᠦᠨ ᠰᠠᠭᠤᠷᠢᠯᠠᠬᠤ ᠴᠢᠳᠠᠪᠤᠷᠢ᠎ᠶᠢ ᠶᠡᠷᠦᠩᠬᠡᠢ᠎ᠳᠡᠭᠡᠨ ᠳᠡᠯᠡᠬᠡᠢ᠎ᠶᠢᠨ ᠲᠡᠷᠢᠭᠦᠨ᠎ᠦ ᠡᠩᠨᠡᠭᠡᠨ᠎ᠳᠦ ᠣᠷᠣᠭᠤᠯᠤᠨ᠎ᠠ ᠭᠡᠵᠦ ᠳᠤᠷᠠᠳᠤᠨ ᠭᠠᠷᠭᠠᠪᠠ᠃

✦29᠎ᠤ ᠡᠳᠤᠷ᠂ 2026 ᠣᠨ᠎ᠤ ᠪᠠᠶᠠᠨᠨᠠᠭᠤᠷ᠎ᠤᠨ ᠲᠠᠷᠢᠶᠠᠯᠠᠩ᠎ᠮᠠᠯ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ᠎ᠶᠢᠨ ᠦᠷ᠎ᠡ ᠪᠦᠲᠦᠭᠡᠯ᠎ᠢ ᠲᠠᠨᠢᠯᠴᠠᠭᠤᠯᠬᠤ ᠬᠤᠷᠠᠯ ᠪᠡᠭᠡᠵᠢᠩ᠎ᠳᠤ ᠡᠬᠢᠯᠡᠨ ᠶᠠᠪᠤᠬᠳᠠᠪᠠ᠃

✦10 ᠰᠠᠷ᠎ᠠ᠎ᠶᠢᠨ 28᠎ᠤ ᠡᠳᠦᠷ ᠪᠣᠯ ᠪᠦᠬᠦ ᠤᠯᠤᠰ᠎ᠤᠨ ᠮᠠᠯ᠎ᠤᠨ ᠡᠮᠴᠢ᠎ᠶᠢᠨ ᠪᠠᠶᠠᠷ᠎ᠤᠨ ᠡᠳᠦᠷ ᠪᠣᠯᠣᠨ᠎ᠠ᠃ ᠦᠦᠰᠢᠨ ᠬᠣᠰᠢᠭᠤᠨ᠎ᠤ ᠵᠢᠷᠭᠤᠳᠤᠭᠠᠷ ᠤᠳᠠᠭᠠᠨ᠎ᠤ ᠮᠠᠯ᠎ᠤᠨ ᠡᠮᠴᠢ᠎ᠶᠢᠨ ᠪᠠᠶᠠᠷ᠎ᠢ ᠪᠡᠯᠭᠡᠯᠡᠬᠦ ᠵᠢᠴᠢ ᠮᠡᠳᠡᠯᠭᠡ ᠮᠡᠷᠭᠡᠵᠢᠯ᠂ ᠠᠷᠭ᠎ᠠ ᠲᠤᠷᠰᠢᠯᠭ᠎ᠠ᠎ᠪᠠᠨ ᠰᠣᠯᠢᠯᠴᠠᠬᠤ ᠠᠵᠢᠯᠯᠠᠭ᠎ᠠ ᠭᠠᠯᠠᠭᠤᠲᠤ ᠪᠠᠯᠭᠠᠰᠤᠨ᠎ᠳᠤ ᠶᠠᠪᠤᠭᠳᠠᠵᠤ᠂ ᠠᠵᠢᠯᠯᠠᠭ᠎ᠠ᠎ᠳᠤ ᠪᠦᠬᠦ ᠬᠣᠰᠢᠭᠤᠨ᠎ᠤ 100 ᠭᠠᠷᠤᠢ ᠮᠠᠯ᠎ᠤᠨ ᠡᠮᠴᠢ ᠴᠤᠭᠯᠠᠷᠠᠵᠤ᠂ ᠮᠠᠯ ᠡᠮᠴᠢᠯᠡᠬᠦ ᠠᠷᠭ᠎ᠠ ᠲᠤᠷᠰᠢᠯᠭ᠎ᠠ᠎ᠪᠠᠨ ᠬᠤᠪᠢᠶᠠᠯᠴᠠᠬᠤ᠂ ᠲᠤᠬᠠᠢ᠎ᠶᠢᠨ ᠲᠠᠯᠠᠪᠤᠷ᠎ᠲᠤ ᠤᠨᠤᠰᠢᠯᠠᠯᠳᠠ ᠬᠢᠬᠦ ᠵᠡᠷᠭᠡ ᠠᠭᠤᠯᠭ᠎ᠠ ᠪᠡᠷ ᠶᠠᠪᠤᠬᠳᠠᠪᠠ᠃

✦ᠣᠢᠷ᠎ᠠ᠎ᠳᠦ ᠤᠷᠠᠳ᠎ᠤᠨ ᠬᠣᠢᠲᠤ ᠬᠣᠰᠢᠭᠤᠨ᠎ᠤ ᠣᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ 2026 ᠣᠨ᠎ᠤ《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠣᠢᠵᠢᠭᠤᠯᠤᠯᠲᠠ᠎ᠶᠢᠨ ᠴᠢᠬᠢ ᠮᠣᠳᠣ᠌᠎ᠶᠢ ᠲᠠᠬᠢᠨ ᠪᠠᠢᠴᠠᠭᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠪᠡ᠃

✦ᠵᠡᠭᠦᠨ ᠦᠵᠦᠮᠦᠴᠢᠨ ᠬᠣᠰᠢᠭᠤᠨ᠎ᠤ ᠬᠠᠲᠠᠪᠴᠢ ᠪᠠᠯᠭᠠᠰᠤᠨ᠎ᠤ ᠪᠠᠶᠠᠨᠲᠤᠯᠠᠭᠠᠨ ᠭᠠᠴᠠᠭᠠᠨ᠎ᠤ 70% ᠵᠢᠨ ᠡᠷᠦᠬᠡ ᠡᠪᠦᠯ ᠬᠠᠪᠤᠷ᠎ᠤᠨ ᠲᠡᠵᠢᠭᠡᠯ ᠪᠣᠷᠳᠣᠭ᠎ᠠ᠂ ᠨᠡᠭᠦᠷᠡᠰᠦ᠂ ᠮᠣᠳᠣᠨ ᠲᠦᠯᠡᠰᠢ ᠵᠡᠷᠭᠡ᠎ᠶᠢ ᠬᠠᠮᠲᠤ ᠪᠠᠷ ᠵᠠᠬᠢᠶᠠᠯᠠᠵᠤ᠂ ᠵᠢᠯ᠎ᠳᠦ 40 ᠭᠠᠷᠤᠢ ᠲᠦᠮᠡᠨ ᠲᠥᠭᠥᠷᠢᠭ᠎ᠦᠨ ᠵᠠᠷᠤᠳᠠᠯ᠎ᠢ ᠠᠷᠪᠢᠯᠠᠵᠤ  ᠴᠢᠳᠠᠭᠰᠠᠨ ᠪᠠᠢᠨ᠎ᠠ᠃

✦ᠡᠨᠡ ᠵᠢᠯ ᠡᠴᠡ ᠨᠠᠭᠠᠰᠢ ᠺᠠᠢᠯᠤ ᠰᠢᠶᠠᠨ᠎ᠤ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ 30.98 ᠳ᠋ᠦᠩᠰᠢᠭᠤᠷ ᠺᠢᠯᠦᠸᠠᠲ ᠴᠠᠭ᠎ᠲᠤ ᠬᠦᠷᠪᠡ᠃ ᠡᠭᠦᠨ ᠎ᠳᠦ ᠰᠠᠯᠬᠢᠨ ᠬᠦᠴᠦᠨ ᠵᠢᠡᠷ ᠴᠠᠬᠢᠯᠭᠠᠨ  ᠭᠠᠷᠭᠠᠭᠰᠠᠨ ᠬᠡᠮᠵᠢᠶ᠎ᠡ 28.71 ᠳ᠋ᠦᠩᠰᠢᠭᠤᠷ ᠺᠢᠯᠦᠸᠠᠲ ᠴᠠᠭ᠂ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠭᠰᠠᠨ ᠬᠡᠮᠵᠢᠶ᠎ᠡ 2.27 ᠳ᠋ᠦᠩᠰᠢᠭᠤᠷ ᠺᠢᠯᠦᠸᠠᠲ ᠴᠠᠭ᠎ᠲᠤ ᠬᠥᠷᠪᠡ᠃

 

✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠣᠷᠤᠯᠠᠭᠤᠯᠭ᠎ᠠ᠎ᠶᠢᠨ ᠬᠡᠮᠵᠢᠶ᠎ᠡ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ 2.5 ᠳ᠋ᠦᠩᠰᠢᠭᠤᠷ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠡᠢ᠃

✦ᠤᠢᠷ᠎ᠠ᠎ᠶᠢᠨ ᠵᠢᠯ᠎ᠡᠴᠡ ᠨᠠᠭᠠᠰᠢ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠵᠤ ᠠᠬᠤᠢ᠎ᠶᠢᠨ ᠣᠢ᠎ᠶᠢᠨ ᠶᠡᠷᠦᠩᠬᠡᠢ ᠲᠠᠯᠠᠪᠠᠢ 37.7 ᠲᠦᠮᠡᠨ ᠮᠦ᠍᠎ᠳᠦ ᠬᠦᠷᠴᠦ᠂ ᠵᠢᠮᠢᠰ᠎ᠦᠨ ᠶᠡᠷᠦᠩᠬᠡᠢ ᠭᠠᠷᠤᠯᠲᠠ 1.49 ᠲᠦᠮᠡᠨ ᠲᠣᠨ᠎ᠳᠤ ᠬᠦᠷᠦᠨ᠂ ᠦᠢᠯᠡᠳᠬᠦᠨ᠎ᠦ ᠶᠡᠷᠦᠩᠬᠡᠢ ᠥᠷᠲᠡᠭ 6143.85 ᠲᠦᠮᠡᠨ ᠲᠥᠭᠥᠷᠢᠭ᠎ᠲᠦ ᠬᠥᠷᠪᠡ᠃ ᠲᠡᠵᠢᠭᠡᠯ ᠪᠣᠷᠳᠣᠭᠠᠨ᠎ᠳᠤ ᠬᠡᠷᠡᠭᠯᠡᠬᠦ ᠬᠢᠶᠠᠭ ᠡᠪᠡᠰᠦ ᠲᠠᠷᠢᠬᠤ ᠰᠠᠭᠤᠷᠢᠨ᠎ᠢ 3.12 ᠲᠦᠮᠡᠨ ᠮᠸ᠋ ᠪᠠᠢᠭᠤᠯᠵᠤ᠂ 7.2 ᠲᠦᠮᠡᠨ ᠮᠦ᠍ ᠲᠠᠴᠢᠷᠳᠠᠭᠰᠠᠨ ᠨᠤᠲᠤᠭ ᠪᠡᠯᠴᠢᠭᠡᠷ᠎ᠢ ᠵᠠᠰᠠᠨ ᠰᠠᠢᠵᠢᠷᠠᠭᠤᠯᠪᠠ᠃

 

✦ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ 《ᠠᠷᠤ ᠬᠣᠷᠴᠢᠨ᠎ᠤ ᠠᠷᠪᠠᠨ ᠰᠤᠮᠤ᠎ᠶᠢᠨ ᠬᠤᠷᠢᠮ᠎ᠤᠨ ᠶᠤᠰᠤᠨ》᠎ᠤ ᠵᠠᠩ ᠤᠢᠯᠡ ᠵᠢᠨ ᠤᠷᠳᠤ᠎ᠶᠢᠨ ᠳᠠᠭᠤᠤ᠎ᠶᠢᠨ ᠲᠤᠰᠬᠠᠢ ᠲᠣᠭᠯᠠᠯᠲᠠ ᠣᠢᠷ᠎ᠠ᠎ᠳᠤ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠪᠠ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ ᠳ᠋ᠤ ᠲᠤᠰ ᠲᠤᠰ ᠶᠠᠪᠤᠬᠳᠠᠪᠠ᠃

✦10 ᠰᠠᠷ᠎ᠠ᠎ᠶᠢᠨ 27᠎ᠤ ᠡᠳᠦᠷ᠂ ᠳᠤᠮᠳᠠᠳᠤ᠎ᠶᠢᠨ ᠦᠨᠳᠦᠰᠦᠲᠡᠨ᠎ᠦ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠬᠥᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ᠂ ᠰᠤᠷᠤᠭ᠍ᠴᠢᠳ᠎ᠤᠨ ᠮᠡᠳᠡᠯᠭᠡ᠎ᠶᠢᠨ ᠬᠦᠷᠢᠶ᠎ᠡ ᠬᠡᠪᠴᠢᠶ᠎ᠡ᠎ᠶᠢ ᠥᠷᠭᠡᠳᠬᠡᠨ᠂ ᠪᠡᠶᠡᠴᠢᠯᠡᠨ ᠤᠷᠤᠯᠴᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ ᠤᠯᠠᠮᠵᠢᠯᠠᠯᠲᠤ ᠭᠠᠷ ᠤᠷᠠᠯᠠᠯ᠎ᠤᠨ ᠲᠣᠯᠣᠭᠠᠢ᠎ᠶᠢᠨ ᠵᠠᠰᠠᠯ ᠤᠢᠯᠡᠳᠬᠦ ᠪᠣᠯᠪᠠᠰᠤᠷᠠᠯ᠎ᠤᠨ ᠠᠵᠢᠯᠯᠠᠭ᠎ᠠ ᠦᠷᠨᠢᠬᠦᠯᠪᠠ᠃

 

✦27᠎ᠤ ᠡᠳᠦᠷ᠂ ᠳᠤᠮᠳᠠᠳᠤ ᠤᠯᠤᠰ᠎ᠤᠨ ᠰᠤᠷᠤᠭ᠍ᠴᠢᠳ᠎ᠤᠨ ᠪᠡᠶ᠎ᠡ᠎ᠶᠢᠨ ᠲᠠᠮᠢᠷ᠎ᠤᠨ ᠬᠤᠯᠪᠤᠭ᠎ᠠ᠂ ᠳᠤᠮᠳᠠᠳᠤ ᠤᠯᠤᠰ᠎ᠤᠨ ᠲᠣᠣᠷ ᠪᠥᠮᠪᠥᠭᠡ ᠵᠢᠨ ᠨᠡᠢᠭᠡᠮᠯᠢᠭ᠎ᠡᠴᠡ ᠬᠠᠮᠲᠤᠷᠠᠨ ᠡᠷᠬᠢᠯᠡᠭᠰᠡᠨ ᠰᠤᠷᠤᠭ᠍ᠴᠢᠳ᠎ᠤᠨ ᠪᠡᠶ᠎ᠡ ᠵᠢᠨ ᠲᠠᠮᠢᠷ᠎ᠤᠨ ᠬᠤᠯᠪᠤᠭ᠎ᠠ ᠵᠢᠨ 2026 ᠣᠨ᠎ᠦ ᠪᠦᠬᠦ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ( ᠵᠠᠯᠠᠭᠤᠴᠤᠳ ᠪᠠᠭᠠᠴᠤᠳ )᠎ᠤᠨ ᠲᠣᠣᠷ ᠪᠥᠮᠪᠥᠭᠡ᠎ᠶᠢᠨ ᠰᠣᠳᠣᠴᠤᠤᠯ᠎ᠤᠨ ᠣᠷᠤᠯᠳᠤᠭᠠᠨ ᠬᠥᠬᠡᠬᠤᠲᠠ᠎ᠳᠤ ᠡᠬᠢᠯᠡᠪᠡ᠃ ᠲᠤᠰ ᠣᠷᠤᠯᠳᠤᠭᠠᠨ᠎ᠳᠤ ᠪᠥᠬᠥ ᠤᠯᠤᠰ᠎ᠤᠨ ᠡᠯ᠎ᠡ ᠭᠠᠵᠠᠷ ᠡᠴᠡ ᠠᠩᠬ᠎ᠠ ᠵᠡᠷᠭᠡ᠎ᠶᠢᠨ ᠪᠠ ᠳᠡᠭᠡᠳᠤ ᠵᠡᠷᠭᠡ᠎ᠶᠢᠨ ᠳᠤᠮᠳᠠᠳᠤ ᠰᠤᠷᠭᠠᠭᠤᠯᠢ ᠵᠢᠨ 46 ᠲᠥᠯᠥᠭᠡᠯᠡᠭᠴᠢ ᠵᠢᠨ ᠠᠩᠭᠢ ᠣᠷᠣᠯᠴᠠᠵᠤ᠂ ᠣᠷᠣᠯᠳᠤᠭᠠᠨ ᠨᠢ ᠳᠥᠷᠪᠡᠨ ᠡᠳᠦᠷ ᠶᠠᠪᠤᠭᠳᠠᠬᠤ ᠪᠣᠯᠣᠨ᠎ᠠ᠃

✦ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠷᠭᠠᠭᠤᠯᠢ᠎ᠶᠢᠨ ᠬᠦᠷᠢᠶᠡᠨ᠎ᠦ ᠨᠠᠭᠠᠳᠤᠮ ᠤᠷᠴᠢᠮᠬᠠᠨ ᠶᠠᠪᠤᠭᠳᠠᠵᠤ᠂ ᠪᠥᠬᠡ᠂ ᠰᠤᠷ ᠬᠠᠷᠪᠤᠭ᠎ᠠ᠂ ᠰᠢᠲᠠᠷ᠎ᠠ᠂ ᠱᠠᠭ᠎ᠠ ᠵᠡᠷᠭᠡ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠥᠷᠥᠯ᠎ᠢ ᠲᠣᠬᠢᠷᠠᠭᠤᠯᠵᠠᠢ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠲᠸᠷᠠᠮᠫᠦ᠋ 28᠎ᠤ ᠡᠳᠤᠷ ᠢᠯᠡᠷᠬᠡᠢᠯᠡᠬᠦ᠎ᠳᠡᠭᠡᠨ᠂ ᠫᠦᠲ᠋ᠢᠨ ᠪᠣᠯᠣᠨ ᠽᠸᠯᠢᠶᠠᠨᠰᠺᠢ ᠵᠢᠨ ᠠᠭᠤᠯᠵᠠᠯᠲᠠ᠎ᠶᠢ 《ᠮᠠᠰᠢ ᠲᠦᠷᠭᠡᠨ》 ᠲᠣᠬᠢᠷᠠᠭᠤᠯᠬᠤ ᠪᠣᠯᠣᠨ᠎ᠠ ᠭᠡᠪᠡ᠃  

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠷᠴᠢᠮᠬᠠᠨ ᠺᠠᠲ᠋ᠠᠷ᠎ᠤᠨ ᠡᠶᠡᠳᠡᠭᠦᠯᠦᠭᠴᠢ ᠡᠴᠡ ᠢᠷᠠᠨ᠎ᠳᠤ ᠢᠷᠠᠨ ᠪᠣᠯᠣᠨ ᠠᠮᠧᠷᠢᠺᠠ᠂ ᠢᠰᠷᠧᠯ᠎ᠦᠨ ᠲᠡᠶ᠋ᠢᠨ᠎ᠢ ᠳᠠᠭᠤᠰᠬᠠᠬᠤ᠎ᠪᠠᠷ ᠵᠣᠷᠢᠯᠭ᠎ᠠ ᠪᠣᠯᠭᠠᠭᠰᠠᠨ ᠨᠢᠭᠡ ᠬᠤᠪᠢ ᠰᠢᠨ᠎ᠡ ᠵᠥᠪᠯᠡᠯᠴᠡᠭᠡᠷ᠎ᠦᠨ ᠲᠥᠰᠥᠯ᠎ᠢ ᠲᠤᠰᠢᠶᠠᠪᠠ᠃

 

✦ᠬᠦᠬᠡᠬᠤᠳᠠ ᠵᠢᠨ ᠰᠤᠷᠭᠠᠨ ᠬᠦᠮᠦᠵᠢᠯ᠎ᠤᠨ ᠰᠢᠰᠲᠸᠮ᠎ᠤᠨ ᠬᠠᠷᠢᠶ᠎ᠠ ᠠᠵᠢᠯ ᠤᠢᠯᠡᠰ᠎ᠤᠨ ᠨᠢᠭᠡᠴᠢ ᠴᠢᠳᠠᠪᠤᠷᠢᠳᠠᠨ ᠡᠯᠰᠡᠵᠦ ᠪᠤᠢ᠃

 

ᠲᠠᠨ ᠎ᠤ ᠲᠤᠰᠡ ᠳ᠋ᠤ  

 

✦ᠨᠠᠮᠤᠷ᠎ᠤᠨ ᠤᠯᠠᠷᠢᠯ᠎ᠳᠤ ᠪᠡᠶ᠎ᠡ ᠰᠤᠪᠢᠯᠠᠬᠤ᠎ᠳᠤ ᠶᠠᠭᠤ ᠵᠢ ᠠᠩᠬᠠᠷᠬᠤ ᠴᠢᠬᠤᠯᠠᠲᠠᠢ ᠪᠣᠶ?

1. ᠨᠠᠮᠤᠷ ᠪᠣᠯᠪᠠᠯ ᠡᠳᠦᠷ ᠣᠬᠣᠷ ᠰᠥᠨᠢ ᠤᠷᠲᠤ ᠪᠣᠯᠬᠤ ᠤᠴᠢᠷ ᠡᠴᠡ ᠬᠥᠮᠥᠰ ᠶᠡᠷᠦ ᠨᠢ ᠬᠡᠲᠦᠷᠡᠲᠡᠯ᠎ᠡ ᠤᠨᠲᠠᠬᠤ ᠭᠡᠳ ᠪᠠᠢᠳᠠᠭ᠂ ᠡᠨᠡ ᠨᠢ ᠬᠦᠮᠦᠰ᠎ᠢ ᠰᠦᠷ ᠰᠦᠯᠳᠡ ᠦᠭᠡᠢ ᠪᠣᠯᠭᠠᠳᠠᠭ ᠡᠴᠡ ᠡᠷᠲᠡ ᠤᠨᠲᠠᠵᠤ ᠡᠷᠲᠡ ᠪᠣᠰᠬᠤ᠎ᠶᠢ ᠪᠠᠷᠢᠮᠲᠠᠯᠠᠭᠠᠷᠠᠢ᠃

2. ᠰᠤᠯᠠ ᠠᠯᠬᠤᠬᠤ᠂ ᠠᠯᠭᠤᠷ ᠭᠦᠶᠦᠬᠦ᠂ ᠠᠭᠤᠯᠠ ᠠᠪᠠᠷᠢᠬᠤ ᠵᠡᠷᠭᠡ ᠲᠠᠮᠢᠷ᠎ᠤᠨ ᠬᠥᠳᠡᠯᠭᠡᠭᠡᠨ᠎ᠳᠦ ᠢᠳᠡᠪᠬᠢᠲᠡᠢ ᠣᠷᠣᠯᠴᠠᠪᠠᠯ ᠵᠣᠬᠢᠨ᠎ᠠ᠃

3. ᠰᠣᠩᠭᠢᠨ᠎ᠠ᠂ ᠭᠠ᠂ ᠰᠠᠷᠢᠮᠰᠠᠭ᠂ ᠭᠣᠭᠣᠳ ᠵᠡᠷᠭᠡ ᠭᠤᠱᠤᠭᠤᠨ ᠢᠳᠡᠭᠡᠨ᠎ᠢ ᠴᠥᠭᠡᠨ ᠢᠳᠡᠨ᠎ᠡ᠃ ᠭᠤᠱᠤᠭᠤᠨ ᠢᠳᠡᠭᠡᠨ᠎ᠢ ᠬᠡᠲᠦᠷᠡᠲᠡᠯ᠎ᠡ ᠢᠳᠡᠪᠡᠯ ᠳᠣᠲᠣᠷ ᠬᠠᠯᠠᠭᠤᠨ ᠶᠡᠬᠡᠰᠬᠦ ᠪᠤᠶᠤ ᠬᠣᠷᠭᠣᠰᠤᠯᠠᠬᠤ ᠵᠡᠷᠭᠡ ᠪᠠᠢᠳᠠᠯ ᠭᠠᠷᠳᠠᠭ᠃


(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面