ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-10-31 16:19:03

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3



 


ᠨᠡᠢᠭᠡᠮ

✦ ᠰᠢᠨ᠎ᠡ ᠎ᠪᠡᠷ ᠵᠠᠰᠠᠪᠤᠷᠢ ᠣᠷᠣᠭᠤᠯᠤᠭᠰᠠᠨ 《ᠨᠠᠭᠠᠳᠤᠮ ᠳᠤᠬᠯᠠᠭᠠᠮ ᠎ᠤᠨ ᠵᠦᠢᠯᠡᠰ᠎ᠦᠨ ᠠᠮᠤᠷ ᠳᠦᠪᠰᠢᠨ》᠎ᠤ ᠰᠢᠷᠢᠰ ᠠᠯᠪᠠᠳᠠᠯᠭ᠎ᠠ᠎ᠶᠢᠨ ᠴᠢᠨᠠᠷᠲᠠᠢ ᠤᠯᠤᠰ᠎ᠤᠨ ᠪᠠᠷᠢᠮᠵᠢᠶ᠎ᠠ᠎ᠶᠢ 11 ᠰᠠᠷ᠎ᠠ᠎ᠶᠢᠨ 1 ᠎ᠦ ᠡᠳᠦᠷ᠎ᠡᠴᠡ ᠡᠬᠢᠯᠡᠵᠦ ᠬᠡᠷᠡᠭᠵᠢᠬᠦᠯᠬᠦ ᠪᠡᠷ ᠪᠤᠢ᠃ ᠲᠣᠰ ᠪᠠᠷᠢᠮᠵᠢᠶ᠎ᠠ ᠨᠢ ᠨᠠᠭᠠᠳᠤᠮ ᠲᠣᠭᠯᠠᠭᠠᠮ᠎ᠤᠨ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠮᠡᠷᠭᠡᠵᠢᠯ᠎ᠦᠨ ᠱᠠᠭᠠᠷᠳᠠᠯᠭ᠎ᠠ ᠪᠠ ᠲᠤᠷᠰᠢᠯᠲᠠ᠎ᠶᠢᠨ ᠠᠷᠭ᠎ᠠ ᠵᠢ ᠪᠥᠬᠥ ᠲᠠᠯ᠎ᠠ᠎ᠪᠠᠷ ᠲᠠᠰ ᠳᠡᠪᠰᠢᠭᠦᠯᠪᠡ᠃

✦ ᠮᠠᠨ᠎ᠤ ᠤᠯᠤᠰ᠎ᠤᠨ ᠰᠢᠨᠵᠢᠯᠡᠬᠦ ᠤᠬᠠᠭᠠᠨᠳᠠᠳ ᠰᠢᠨ᠎ᠡ ᠨᠡᠭᠦᠷᠡᠰᠦᠳᠦ᠋ᠷᠦᠭᠴᠢᠳᠦ ᠨᠠᠨᠦᠮᠧᠲᠷ᠎ᠦᠨ ᠪᠦᠰᠡ᠎ᠶᠢ ᠪᠦᠲᠦᠭᠡᠵᠦ᠂ ᠥᠨᠳᠥᠷ ᠦᠷ᠎ᠡ ᠠᠰᠢᠭ᠋᠎ᠲᠠᠢ ᠡᠯᠧᠺᠲᠷᠣᠨ ᠲᠡᠭᠡᠭᠡᠪᠦᠷᠢᠯᠡᠯᠲᠡ᠎ᠶᠢ ᠪᠡᠶᠡᠯᠡᠭᠦᠯᠵᠦ᠂ ᠬᠣᠯᠪᠣᠭᠳᠠᠬᠤ ᠦᠷ᠎ᠡ ᠪᠦᠲᠦᠭᠡᠯ᠎ᠢ 29᠎ᠦ ᠡᠳᠦᠷ 《ᠪᠠᠢᠭᠠᠯᠢ》 ᠰᠡᠳᠬᠦᠯ ᠎ᠳᠤ ᠨᠡᠢᠳᠡᠯᠡᠪᠡ᠃

✦ ᠮᠠᠨ᠎ᠤ ᠤᠯᠤᠰ᠎ᠤᠨ ᠬᠠᠮᠤᠭ᠎ᠤᠨ ᠤᠷᠲᠤ ᠭᠠᠵᠠᠷ ᠳᠣᠣᠷᠠᠬᠢ ᠲᠡᠮᠦᠷ ᠵᠠᠮ᠎ᠤᠨ ᠲᠣᠭᠣᠷᠢᠭ᠋ ᠱᠤᠭᠤᠮ — ᠦᠬᠠᠨ᠎ᠤ ᠭᠠᠵᠠᠷ ᠳᠣᠣᠷᠠᠬᠢ ᠲᠡᠮᠦᠷ ᠵᠠᠮ᠎ᠤᠨ 12 ᠨᠣᠮᠧᠷᠲᠤ ᠱᠤᠭᠤᠮ ᠪᠥᠬᠥ ᠱᠤᠭᠤᠮ᠎ᠢᠶᠠᠷ᠎ᠢᠶᠠᠨ ᠠᠰᠢᠭ᠍ᠯᠠᠯᠲᠠ᠎ᠳᠤ ᠣᠷᠣᠪᠠ᠃ ᠡᠨᠡᠬᠦ ᠱᠤᠭᠤᠮ᠎ᠤᠨ ᠪᠦᠬᠦ ᠤᠷᠲᠤ ᠨᠢ 59.9 ᠺᠢᠯᠣᠮᠧᠲᠷ ᠪᠠᠢᠵᠤ᠂ 37 ᠭᠠᠵᠠᠷ ᠳᠣᠣᠷᠠᠬᠢ ᠲᠡᠷᠭᠡᠨ ᠥᠷᠲᠡᠭᠡ ᠲᠠᠢ᠃ ᠡᠨᠡ ᠨᠢ ᠠᠽᠢᠶ᠎ᠠ ᠲᠢᠪ᠎ᠦᠨ ᠨᠢᠭᠡᠳᠦᠭᠡᠷ᠂ ᠳᠡᠯᠡᠬᠡᠢ᠎ᠶᠢᠨ ᠬᠣᠶᠠᠳᠤᠭᠠᠷ ᠤᠷᠲᠤ ᠭᠠᠵᠠᠷ ᠳᠣᠣᠷᠠᠬᠢ ᠲᠡᠮᠦᠷ ᠵᠠᠮ᠎ᠤᠨ ᠲᠣᠭᠣᠷᠢᠭ᠋ ᠱᠤᠭᠤᠮ ᠪᠤᠯᠤᠨ᠎ᠠ᠃

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠡᠳ᠋᠎ᠤᠨ ᠵᠠᠰᠠᠭ᠎ᠦᠨ ᠶᠠᠮᠤᠨ᠂ ᠤᠯᠤᠰ᠎ᠦᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠮᠲᠤᠷᠠᠨ ᠴᠣᠬᠣᠯᠠᠪᠤᠷᠢ ᠥᠭᠴᠦ᠂ ᠤᠯᠤᠰ᠎ᠤᠨ ᠳᠡᠰ᠎ᠤᠨ ᠤᠰᠤᠲᠦ᠋ᠷᠦᠭᠴᠢ ᠡᠨᠧᠷᠭᠢ᠎ᠶᠢᠨ ᠲᠤᠷᠰᠢᠯᠲᠠ᠎ᠶᠢᠨ ᠬᠣᠲᠠ᠎ᠶᠢ ᠰᠣᠩᠭᠣᠨ ᠭᠠᠷᠭᠠᠵᠠᠢ᠃ ᠡᠭᠦᠨ᠎ᠳᠦ ᠮᠠᠨ᠎ᠤ ᠣᠷᠣᠨ᠎ᠤ ᠣᠷᠳᠣᠰ᠂ ᠪᠤᠭᠤᠲᠤ᠂ ᠦᠬᠠᠢ᠂ ᠰᠢᠯᠢ᠎ᠶᠢᠨ ᠭᠣᠣᠯ᠂ ᠤᠯᠠᠭᠠᠠᠴᠠᠪ᠂ ᠤᠯᠠᠭᠠᠨᠬᠠᠳᠠ᠂ ᠬᠢᠩᠭᠠᠨ ᠠᠢᠮᠠᠭ ᠵᠡᠷᠭᠡ 7 ᠠᠢᠮᠠᠭ ᠬᠣᠲᠠ ᠤᠯᠤᠰ᠎ᠤᠨ ᠳᠠᠰ᠎ᠤᠨ ᠤᠰᠤᠲᠦ᠋ᠷᠦᠭᠴᠢ ᠡᠨᠧᠷᠭᠢ ᠎ᠶᠢᠨ ᠬᠣᠲᠠ ᠎ᠶᠢᠨ ᠨᠡᠷᠡᠰ᠎ᠲᠦ ᠰᠣᠩᠭᠣᠭᠳᠠᠵᠠᠢ᠃ ᠡᠢᠨᠬᠦ ᠮᠠᠨ᠎ᠤ ᠣᠷᠣᠨ ᠨᠢ ᠪᠦᠬᠦ ᠤᠯᠤᠰ᠎ᠤᠨ ᠣᠷᠣᠨ ᠪᠦᠰᠡ ᠠᠯᠤᠰᠯᠠᠭᠰᠠᠨ ᠤᠰᠤᠲᠦ᠋ᠷᠦᠭᠴᠢ ᠡᠨᠧᠷᠭᠢ᠎ᠶᠢᠨ ᠲᠤᠷᠰᠢᠯᠲᠠ ᠵᠢᠨ ᠬᠣᠲᠠ᠎ᠶᠢᠨ ᠲᠣᠭ᠎ᠠ᠎ᠪᠠᠷ ᠬᠠᠮᠤᠭ᠎ᠤᠨ ᠣᠯᠠᠨ ᠮᠤᠵᠢ᠎ᠶᠢᠨ ᠨᠢᠭᠡ ᠪᠣᠯᠵᠠᠢ᠃

✦ ᠤᠷᠴᠢᠮᠬᠠᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ 2026 ᠣᠨ᠎ᠤ ᠪᠦᠬᠦ ᠣᠷᠣᠨ᠎ᠤ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠠᠵᠢᠯᠴᠢᠨ᠎ᠢ ᠲᠥᠪᠯᠡᠷᠡᠭᠦᠯᠦᠨ ᠲᠣᠬᠣᠨᠢᠭᠤᠯᠬᠤ ᠠᠵᠢᠯᠯᠠᠭ᠎ᠠ ᠥᠷᠨᠢᠭᠦᠯᠪᠠ᠃ ᠠᠵᠢᠯᠯᠠᠭ᠎ᠠ ᠎ᠳᠤ ᠪᠥᠬᠥ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠠᠴᠠ 830 ᠭᠠᠷᠤᠢ ᠲᠦᠮᠡᠨ ᠲᠥᠭᠥᠷᠢᠭ ᠴᠤᠭᠯᠠᠭᠤᠯᠤᠨ 4.3 ᠲᠦᠮᠡ ᠭᠠᠷᠤᠢ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠠᠵᠢᠯᠴᠢᠨ᠎ᠢ ᠲᠣᠬᠣᠨᠢᠭᠤᠯᠵᠠᠢ᠃

✦ ᠤᠢᠷ᠎ᠠ᠎ᠳᠤ ᠠᠯᠠᠱᠠ ᠠᠢᠮᠠᠭ᠎ᠤᠨ ᠮᠠᠯ ᠠᠵᠤ ᠠᠬᠤᠢ᠎ᠶᠢᠨ ᠰᠤᠳᠤᠯᠭᠠᠨ᠎ᠤ ᠭᠠᠵᠠᠷ᠎ᠤᠨ ᠬᠠᠷᠢᠭᠤᠴᠠᠨ ᠬᠡᠷᠡᠭᠵᠢᠭᠦᠯᠵᠦ ᠪᠠᠢᠭ᠎ᠠ 《ᠬᠣᠣᠰ ᠪᠥᠬᠥᠲᠦ ᠢᠩᠭᠡᠨ ᠰᠦ᠎ᠶᠢᠨ ᠭᠠᠷᠤᠯᠲᠠ᠎ᠶᠢᠨ ᠮᠣᠯᠧᠺᠦ᠋ᠯ᠎ᠦᠨ ᠤᠳᠤᠮᠯᠠᠯ᠎ᠤᠨ ᠲᠡᠮᠳᠡᠭ ᠵᠢᠴᠢ ᠬᠡᠷᠡᠭᠯᠡᠭᠡᠨ᠎ᠦ ᠰᠤᠳᠤᠯᠤᠯ》᠎ᠦᠨ ᠲᠥᠷᠥᠯ ᠵᠦᠢᠯ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠰᠢᠯᠭᠠᠨ ᠪᠠᠢᠴᠠᠭᠠᠯᠲᠠ᠎ᠶᠢ ᠥᠩᠭᠡᠷᠡᠭᠡᠵᠦ᠂ ᠠᠯᠠᠱᠠ ᠵᠢᠨ ᠬᠣᠣᠰ ᠪᠥᠬᠥᠲᠦ ᠢᠩᠭᠡᠨ ᠰᠦ᠎ᠶᠢᠨ ᠭᠠᠷᠤᠯᠲᠠ᠎ᠶᠢᠨ ᠮᠣᠯᠧᠺᠦ᠋ᠯ᠎ᠢ ᠰᠣᠩᠭᠣᠨ ᠪᠣᠶ᠋ᠢᠵᠢᠭᠤᠯᠠᠠᠤ ᠬᠦᠷᠢᠶᠡᠨ᠎ᠳᠡᠬᠢ ᠮᠡᠷᠭᠡᠵᠢᠯ᠎ᠦᠨ ᠳᠤᠲᠠᠭᠤᠳᠠᠯ᠎ᠢ ᠨᠥᠬᠥᠪᠦᠷᠢᠯᠡᠵᠦ᠂ ᠲᠡᠮᠡᠭᠡᠨ᠎ᠦ ᠠᠵᠤ ᠦᠢᠯᠡᠰ᠎ᠤᠨ ᠴᠢᠨᠠᠷ ᠰᠠᠢᠲᠠᠢ ᠬᠥᠭᠵᠢᠯᠲᠡ᠎ᠳᠦ ᠰᠢᠨᠵᠢᠯᠡᠬᠦ ᠤᠬᠠᠭᠠᠨᠴᠢ ᠮᠡᠷᠭᠡᠵᠢᠯ᠎ᠦᠨ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠢᠨ᠎ᠠ᠃

✦ ᠣᠯᠠᠨ ᠲᠦᠮᠡᠨ᠎ᠦ ᠬᠣᠳᠣᠭᠣᠳᠤ ᠭᠡᠳᠡᠰᠦᠨ᠎ᠦ ᠡᠷᠡᠭᠦᠯ ᠴᠢᠭᠢᠷᠠᠭ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠰᠢᠩᠭᠡᠭᠡᠯᠲᠡ᠎ᠶᠢᠨ ᠰᠢᠰᠲᠧᠮ᠎ᠦᠨ ᠡᠪᠡᠳᠴᠢᠨ᠎ᠢ ᠡᠷᠲᠡ ᠰᠢᠭ᠌ᠰᠢᠨ ᠪᠠᠢᠴᠠᠭᠠᠵᠤ᠂ ᠡᠷᠲᠡ ᠡᠮᠴᠢᠯᠡᠨ ᠵᠠᠰᠠᠵᠤ᠂ ᠡᠷᠲᠡ ᠡᠷᠡᠭᠦᠯᠵᠢᠭᠦᠯᠬᠦ ᠎ᠶᠢᠨ ᠲᠥᠯᠥᠭᠡ᠂ ᠣᠢᠷ᠎ᠠ᠎ᠳᠦ ᠦᠦᠰᠢᠨ ᠬᠣᠰᠢᠭᠤᠨ᠎ᠤ ᠭᠠᠯᠠᠭᠤᠲᠤ ᠪᠠᠯᠭᠠᠰᠤ ᠰᠢᠩᠭᠡᠭᠡᠯᠲᠡ᠎ᠶᠢᠨ ᠰᠢᠰᠲᠧᠮ᠎ᠦᠨ ᠡᠪᠡᠳᠴᠢᠨ᠎ᠢ ᠰᠦᠢᠳᠬᠡᠯ ᠬᠤᠷᠢᠶᠠᠬᠤ ᠦᠭᠡᠢ᠎ᠪᠡᠷ ᠰᠢᠭ᠌ᠰᠢᠨ ᠪᠠᠢᠴᠠᠭᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠶᠢ ᠪᠥᠬᠥ ᠪᠠᠯᠭᠠᠰᠤᠨ᠎ᠤ 40 ︱ 70 ᠨᠠᠰᠤᠨ᠎ᠤ ᠮᠠᠯᠵᠢᠬᠤ ᠲᠠᠷᠢᠶᠠᠯᠠᠬᠤ ᠣᠷᠣᠨ᠎ᠦ ᠡᠷᠦᠬᠡ ᠠᠮᠠ ᠪᠦᠬᠦᠢ ᠣᠯᠠᠨ ᠲᠦᠮᠡᠨ᠎ᠳᠦ ᠬᠠᠨᠳᠤᠭᠤᠯᠤᠨ ᠥᠷᠨᠢᠭᠦᠯᠵᠤ᠂ ᠣᠳᠣᠬᠠᠨ ᠪᠣᠯᠲᠠᠯ᠎ᠠ 485 ᠬᠥᠮᠥᠨ ᠤᠳᠠᠭ᠎ᠠ᠎ᠳᠤ ᠦᠢᠯᠡᠴᠢᠯᠡᠵᠦ᠂ 1200 ᠬᠥᠮᠥᠨ᠎ᠳᠦ ᠠᠰᠢᠭ᠋ ᠬᠦᠷᠲᠡᠭᠡᠭᠰᠡᠨ ᠪᠠᠢᠨ᠎ᠠ᠃

✦ ᠰᠢᠯᠤᠭᠤᠨ ᠬᠥᠬᠡ ᠬᠣᠰᠢᠭᠤᠨ᠎ᠤ ᠪᠤᠱᠤᠤᠲᠠᠶ ᠰᠤᠮᠤᠨ᠎ᠤ ᠨᠠᠷᠢᠠᠨᠠᠭᠤᠷ ᠭᠠᠴᠠᠭ᠎ᠠ᠎ᠪᠠᠷ ᠨᠤᠲᠤᠭᠲᠠᠢ ᠰᠤᠯᠤᠩᠭ᠎ᠠ ᠰᠢᠭᠤᠳ ᠨᠡᠪᠲᠡᠷᠡᠭᠦᠯᠭᠡ᠎ᠪᠡᠷ ᠳᠠᠮᠵᠢᠨ ᠣᠷᠳᠣᠰ᠂ ᠤᠯᠠᠭᠠᠨᠴᠠᠪ᠂ ᠪᠠᠶᠠᠨᠨᠠᠭᠤᠷ᠂ ᠠᠯᠠᠱᠠ ᠵᠡᠷᠭᠡ ᠭᠠᠵᠠᠷ᠎ᠢᠶᠠᠷ ᠵᠢᠯ᠎ᠳᠦ᠎ᠪᠠᠨ ᠪᠠᠷᠤᠭ 50 ᠲᠦᠮᠡᠨ ᠲᠣᠨ ᠡᠪᠡᠰᠦ ᠪᠣᠷᠣᠯᠠᠭᠤᠯᠵᠤ ᠪᠠᠢᠨ᠎ᠠ᠃

ᠠᠵᠤ ᠠᠬᠤᠢ

✦ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠬᠠᠲᠤᠨ ᠭᠣᠣᠯ᠎ᠤᠨ ᠰᠠᠪᠠ ᠭᠠᠵᠠᠷ᠎ᠤᠨ ᠭᠠᠳᠠᠭᠠᠳᠤ ᠣᠷᠣᠭᠤᠯᠤᠯᠲᠠ ᠭᠠᠷᠭᠠᠯᠲᠠ 5 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ 5.58 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 17.5%᠎ᠪᠠᠷ ᠨᠡᠮᠡᠭᠳᠡᠪᠡ᠃

✦ ᠲᠥᠪ ᠪᠠᠩᠬᠢ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2026 ᠣᠨ᠎ᠤ ᠭᠤᠷᠪᠠᠳᠤᠭᠠᠷ ᠤᠯᠠᠷᠢᠯ᠎ᠤᠨ ᠰᠡᠬᠦᠯᠴᠢ ᠪᠤᠯᠳᠠᠯ᠎ᠠ᠂ ᠵᠢᠭᠡᠯᠡᠯᠭᠡ᠎ᠶᠢᠨ ᠳᠡᠮᠵᠢᠯᠭᠡ ᠣᠯᠣᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ 30.73 ᠲᠦᠮᠡ ᠪᠣᠯᠵᠤ᠂ ᠵᠢᠭᠡᠯᠡᠯᠭᠡ ᠣᠯᠣᠭᠰᠠᠨ ᠨᠣᠷᠮ᠎ᠠ ᠨᠢ 51.1%᠎ᠳᠤ ᠬᠦᠷᠪᠡ᠃

ᠲᠠᠮᠢᠷ

✦ 2026 ᠣᠨ᠎ᠤ ᠪᠥᠬᠡ᠎ᠶᠢᠨ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠮᠡᠭᠲᠡᠢ᠎ᠶᠢᠨ 57 ᠺᠢᠯᠣᠭ᠌ᠷᠠᠮ᠎ᠤᠨ ᠳᠡᠰ᠎ᠤᠨ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠠᠮᠢᠷᠴᠢᠨ ᠬᠣᠩ ᠺᠧ ᠰᠢᠨ ᠮᠠᠩᠯᠠᠢᠯᠠᠪᠠ᠂ ᠡᠨᠡ ᠨᠢ ᠮᠥᠨ ᠴᠦ᠍ ᠳᠤᠮᠳᠠᠳᠤ ᠤᠯᠤᠰ᠎ᠤᠨ ᠪᠥᠬᠡ 8 ᠵᠢᠯ ᠠᠯᠤᠰᠯᠠᠭᠠᠳ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠣᠯᠢᠮᠫᠢᠺ᠎ᠦᠨ ᠲᠡᠰ᠎ᠤᠨ ᠠᠯᠲᠠᠨ ᠮᠧᠳᠠᠯ᠎ᠢ ᠳᠠᠬᠢᠨᠲᠠ ᠣᠯᠣᠭᠰᠠᠨ ᠶᠠᠪᠤᠳᠠᠯ ᠪᠣᠯᠣᠨ᠎ᠠ᠃

ᠳᠡᠯᠡᠬᠡᠢ 

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠎ᠶᠢᠨ ᠨᠡᠢᠲᠡᠯᠡᠭᠰᠡᠨ ᠮᠡᠳᠡᠭᠦᠯᠦᠯᠲᠡ᠎ᠡᠴᠡ ᠦᠵᠡᠪᠡᠯ᠂ ᠬᠠᠶ᠋ᠢᠲ᠋ᠢ᠎ᠶᠢᠨ ᠠᠮᠤ ᠪᠤᠳᠠᠭᠠᠨ᠎ᠤ ᠬᠢᠮᠤᠷᠠᠯ ᠬᠡᠴᠡᠭᠦᠳᠡᠵᠦ᠂ 600 ᠲᠦᠮᠡᠨ ᠬᠥᠮᠥᠨ ᠬᠦᠨᠳᠦ ᠰᠦᠷᠡᠬᠡᠢ ᠥᠯᠥᠰᠬᠦᠯᠡᠩ᠎ᠳᠦ ᠤᠴᠠᠷᠠᠵᠠᠢ᠃

✦ ᠳᠡᠯᠡᠬᠡᠢ᠎ᠶᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ᠎ᠶᠢᠨ 27᠎ᠤ ᠡᠳᠦᠷ ᠨᠡᠢᠲᠡᠯᠡᠭᠰᠡᠨ ᠬᠠᠮᠤᠭ᠎ᠦᠨ ᠰᠢᠨ᠎ᠡ ᠮᠡᠳᠡᠭᠦᠯᠦᠯᠲᠡ᠎ᠳᠤ  ᠢᠯᠡᠷᠡᠭᠦᠯᠦᠭᠰᠡᠨ᠎ᠢᠶᠡᠷ᠂ 2025 ᠣᠨ᠎ᠳᠤ ᠳᠡᠯᠡᠬᠡᠢ᠎ᠶᠢᠨ ᠪᠥᠮᠪᠥᠷᠴᠡᠭ᠎ᠦᠨ ᠠᠭᠠᠷ ᠮᠠᠨᠳᠠᠯ᠎ᠳᠡᠬᠢ ᠨᠡᠭᠦᠷᠡᠰᠦᠳᠥ᠋ᠷᠥᠭᠴᠢ᠎ᠶᠢᠨ ᠳᠠᠪᠬᠤᠷ ᠢᠰᠦᠯ ᠪᠣᠯᠣᠨ ᠪᠤᠰᠤᠳ ᠭᠣᠣᠯ ᠪᠣᠯᠬᠤ ᠬᠦᠯᠡᠮᠵᠢ᠎ᠶᠢᠨ ᠬᠡᠢ ᠪᠡᠶᠡᠲᠦ᠎ᠶᠢᠨ ᠥᠳᠬᠡᠴᠡ ᠲᠡᠦᠬᠡ᠎ᠶᠢᠨ ᠰᠢᠨ᠎ᠡ ᠲᠦᠪᠰᠢᠨ᠎ᠳᠦ ᠬᠦᠷᠴᠦ᠂ ᠪᠦᠬᠦ ᠪᠥᠮᠪᠥᠷᠴᠡᠭ᠎ᠦᠨ ᠤᠷᠳᠤ ᠬᠤᠭᠤᠴᠠᠭ᠎ᠠ᠎ᠪᠠᠷ ᠳᠤᠯᠠᠭᠠᠷᠠᠬᠤ ᠬᠠᠨᠳᠤᠰᠢ ᠦᠷᠭᠦᠯᠵᠢᠯᠡᠨ ᠨᠡᠮᠡᠭᠳᠡᠵᠦ ᠪᠠᠢᠬᠤ᠎ᠶᠢ ᠬᠠᠷᠠᠭᠤᠯᠵᠤ ᠪᠠᠢᠨ᠎ᠠ᠃

ᠦᠢᠯᠡᠴᠢᠯᠡᠭᠡ

✦ ᠪᠡᠭᠡᠵᠢᠩ ᠶᠡᠬᠡ ᠰᠤᠷᠭᠠᠭᠤᠯᠢ ᠵᠢᠨ ᠤᠷᠳᠤᠰ᠎ᠤᠨ ᠡᠨ᠋ᠸᠷᠬᠢ ᠵᠢᠨ ᠰᠤᠳᠤᠯᠭᠠᠨ᠎ᠤ ᠬᠦᠷᠢᠶᠡᠯᠡᠩ ᠠᠵᠢᠯᠳᠠᠨ ᠡᠯᠰᠡᠵᠤ ᠪᠤᠢ᠃ 

✦ 29 ᠎ᠦ ᠡᠳᠦᠷ᠎ᠦᠨ 24 ᠴᠠᠭ᠎ᠠᠴᠠ ᠡᠬᠢᠯᠡᠨ᠂ ᠤᠯᠤᠰ᠎ᠤᠨ ᠳᠣᠲᠣᠭᠠᠳᠤ᠎ᠶᠢᠨ ᠴᠢᠶᠢᠦ ᠲᠣᠰᠣ᠌᠂ ᠴᠠᠶ᠋ᠢᠶᠢᠦ ᠳᠤᠰᠤᠨ᠎ᠤ ᠦᠨ᠎ᠡ ᠲᠣᠨ ᠪᠦᠷᠢ᠎ᠳᠡᠭᠡᠨ 345 ᠲᠥᠭᠥᠷᠢᠭ ᠪᠠ 335 ᠲᠥᠭᠥᠷᠢᠭ ᠦᠰᠴᠠᠢ᠃

ᠲᠠᠨ᠎ᠤ ᠲᠤᠰᠠ᠎ᠳᠤ 

✦ ᠬᠠᠷ᠎ᠠ ᠳᠡᠯᠳᠡᠦ ᠵᠢ ᠤᠬᠢᠶᠠᠬᠤ᠎ᠳᠠᠭᠠᠨ ᠵᠢᠭᠠᠬᠠᠨ ᠭᠤᠯᠢᠷ ᠬᠢᠪᠡᠯ ᠳᠡᠯᠳᠡᠤ᠎ᠳᠤ ᠨᠠᠭᠠᠯᠳᠤᠬᠰᠠᠨ ᠵᠤᠢᠯᠡᠰ᠎ᠢ ᠴᠡᠪᠡᠷᠬᠡᠨ ᠠᠷᠢᠯᠭᠠᠵᠤ ᠳᠡᠢᠯᠳᠡᠭ᠃ ᠦᠵᠦᠮ᠎ᠢ ᠤᠬᠢᠶᠠᠬᠤ᠎ᠳᠠᠭᠠᠨ ᠵᠢᠭᠠᠬᠠᠨ ᠴᠠᠷᠳᠠᠭᠤᠯ ᠬᠢᠪᠡᠯ ᠴᠡᠪᠡᠷᠬᠡᠨ ᠪᠦᠭᠡᠳ ᠭᠦᠯᠳᠡᠭᠡᠨᠡᠭᠰᠡᠨ ᠰᠠᠢᠬᠠᠨ ᠪᠤᠯᠳᠠᠭ᠃

ᠵᠠᠯᠭᠠᠭᠠᠳ 《ᠰᠦ ᠪᠡᠷ ᠳᠠᠯᠠᠯᠤᠬᠰᠠᠨ ᠡᠵᠢ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面