2026-11-01 14:53:03



ᠨᠡᠢᠭᠡᠮ
✦ᠳᠣᠲᠣᠭᠠᠳᠤ᠎ᠶᠢ ᠬᠠᠮᠠᠭᠠᠯᠠᠬᠤ ᠶᠠᠮᠤᠨ 10 ᠰᠠᠷ᠎ᠠ᠎ᠶᠢᠨ 30᠎ᠤ ᠡᠳᠦᠷ ᠠᠯᠪᠠᠨ ᠵᠠᠷᠯᠠᠯ ᠨᠡᠢᠲᠡᠯᠡᠵᠦ᠂ 《ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ᠎ᠶᠢᠨ ᠵᠠᠰᠠᠭ ᠵᠠᠬᠢᠷᠭᠠᠨ᠎ᠤ ᠬᠡᠷᠡᠭ᠎ᠢ ᠰᠢᠢᠳᠪᠦᠷᠢᠯᠡᠬᠦ ᠳᠡᠰ ᠳᠠᠷᠠᠭᠠᠯᠠᠯ᠎ᠤᠨ ᠲᠤᠬᠠᠢ ᠲᠣᠭᠲᠠᠭᠠᠯ(ᠵᠠᠰᠠᠪᠤᠷᠢ ᠣᠷᠣᠭᠤᠯᠬᠤ ᠰᠠᠨᠠᠯ ᠬᠤᠷᠢᠶᠠᠬᠤ ᠨᠣᠣᠷᠠᠭ)》᠎ᠤᠨ ᠲᠠᠯ᠎ᠠ᠎ᠪᠠᠷ ᠨᠡᠢᠭᠡᠮ ᠨᠡᠢᠲᠡ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠃ ᠣᠯᠠᠨ ᠨᠡᠢᠲᠡ᠎ᠪᠠᠷ ᠢᠶᠠᠨ ᠳᠣᠲᠣᠭᠠᠳᠤ ᠶᠢ ᠬᠠᠮᠠᠭᠠᠯᠠᠬᠤ ᠶᠠᠮᠤᠨ᠎ᠤ ᠰᠦᠯᠵᠢᠶ᠎ᠡ (www.mps.gov.cn)ᠲᠡᠭᠡᠷ᠎ᠡ ᠡᠴᠡ ᠰᠠᠨᠠᠯ ᠬᠤᠷᠢᠶᠠᠬᠤ ᠨᠣᠣᠷᠠᠭ᠎ᠢ ᠣᠢᠯᠠᠭᠠᠵᠤ᠂ ᠰᠠᠨᠠᠯ᠎ᠢᠶᠠᠨ ᠢᠮᠧᠯ ᠪᠤᠶᠤ ᠵᠠᠬᠢᠳᠠᠯ ᠵᠢᠡᠷ ᠳᠠᠮᠵᠢᠭᠤᠯᠤᠨ ᠲᠤᠰᠬᠠᠵᠤ ᠪᠣᠯᠣᠨ᠎ᠠ᠃ ᠰᠠᠨᠠᠯ ᠬᠤᠷᠢᠶᠠᠬᠤ ᠬᠤᠭᠤᠴᠠᠭ᠎ᠠ ᠨᠢ 11 ᠰᠠᠷ᠎ᠠ ᠵᠢᠨ 28᠎ᠤ ᠡᠳᠦᠷ ᠪᠤᠯᠳᠠᠯ᠎ᠠ ᠦᠷᠭᠦᠯᠵᠢᠯᠡᠬᠦ ᠪᠤᠯᠤᠨ᠎ᠠ᠃
✦ᠤᠷᠴᠢᠮᠬᠠᠨ ᠰᠤᠷᠭᠠᠨ ᠬᠥᠮᠦᠵᠢᠯ᠎ᠦᠨ ᠶᠠᠮᠤᠨ᠎ᠠᠴᠠ《ᠰᠤᠷᠭᠠᠨ ᠬᠦᠮᠦᠵᠢᠯ᠎ᠤᠨ ᠶᠠᠮᠤᠨ᠎ᠤ 2025 ᠣᠨ᠎ᠤ ᠬᠣᠶᠠᠳᠤᠭᠠᠷ ᠪᠦᠯᠦᠭ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠭᠰᠡᠨ ᠰᠢᠶᠠᠨ (ᠬᠤᠲᠠ᠂ ᠲᠣᠭᠣᠷᠢᠭ᠋)᠎ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ᠎ᠢ ᠨᠡᠢᠲᠡᠯᠡᠬᠦ ᠲᠤᠬᠠᠢ ᠮᠡᠳᠡᠭᠳᠡᠯ》 ᠳᠠᠷᠤᠮᠠᠯᠯᠠᠨ ᠲᠠᠷᠬᠠᠭᠠᠵᠤ᠂ ᠪᠦᠬᠦ ᠤᠯᠤᠰ᠎ᠤᠨ 52 ᠰᠢᠶᠠᠨ (ᠬᠣᠲᠠ᠂ ᠲᠣᠭᠣᠷᠢᠭ᠋)᠎ᠢ ᠮᠠᠭᠠᠳᠯᠠᠨ ᠲᠣᠭᠲᠠᠭᠠᠪᠠ᠃ ᠡᠭᠦᠨ᠎ᠳᠤ ᠮᠠᠨ᠎ᠤ ᠣᠷᠣᠨ᠎ᠤ ᠬᠥᠯᠥᠨ ᠪᠤᠢᠷ ᠬᠤᠲᠠ᠎ᠶᠢᠨ ᠰᠢᠨ᠎ᠡ ᠪᠠᠷᠭᠤ ᠵᠡᠭᠦᠨ ᠬᠣᠰᠢᠭᠤ᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤ ᠰᠣᠩᠭᠣᠭᠳᠠᠪᠠ᠃
✦ᠬᠥᠬᠡᠬᠣᠲᠠ᠂ ᠪᠤᠭᠤᠲᠤ ᠬᠣᠲᠠ᠂ ᠬᠢᠩᠭᠠᠨ ᠠᠢᠮᠠᠭ᠂ ᠲᠦᠩᠯᠢᠶᠣᠣ ᠬᠣᠲᠠ᠂ ᠤᠯᠠᠭᠠᠨᠬᠠᠳᠠ ᠬᠣᠲᠠ᠂ ᠰᠢᠯᠢ᠎ᠶᠢᠨ ᠭᠣᠣᠯ ᠠᠢᠮᠠᠭ᠂ ᠤᠯᠠᠭᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠢ ᠬᠣᠲᠠ᠂ ᠠᠯᠠᠱᠠ ᠠᠢᠮᠠᠭ ᠵᠡᠷᠭᠡ ᠠᠢᠮᠠᠭ ᠬᠣᠲᠠ ᠨᠠᠮᠤᠷ᠎ᠤᠨ ᠠᠮᠠᠷᠠᠯᠲᠠ ᠵᠢ 11 ᠰᠠᠷ᠎ᠠ᠎ᠶᠢᠨ ᠰᠡᠭᠦᠯᠴᠢ᠎ᠡᠴᠡ 12 ᠰᠠᠷ᠎ᠠ᠎ᠶᠢᠨ ᠡᠬᠢ ᠪᠣᠯᠲᠠᠯ᠎ᠠ ᠳᠤᠬᠢᠷᠠᠭᠤᠯᠬᠤ ᠪᠡᠷ ᠪᠤᠯᠪᠠ᠃
✦ᠥᠪᠥᠷ ᠮᠣᠩᠭᠣᠯ᠎ᠤᠨ ᠶᠡᠬᠡ ᠰᠤᠷᠭᠠᠭᠤᠯᠢ ᠬᠢᠭᠡᠳ ᠳᠤᠮᠳᠠᠳᠤ ᠤᠯᠤᠰ᠎ᠤᠨ ᠪᠣᠭᠣᠮᠲᠠ᠎ᠶᠢᠨ ᠰᠢᠨᠵᠢᠯᠡᠭᠡᠨ᠎ᠦ ᠨᠡᠢᠭᠡᠮᠯᠢᠭ᠎ᠦᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠬᠤ ᠶᠣᠰᠣᠯᠠᠯ ᠲᠦᠷᠦᠬᠦᠬᠡᠨ ᠶᠠᠪᠤᠭᠳᠠᠪᠠ᠃ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ ᠪᠠᠷ᠎ᠢᠶᠡᠨ ᠴᠢᠳᠠᠪᠤᠷᠢᠲᠠᠨ ᠬᠥᠮᠥᠵᠢᠭᠦᠯᠬᠦ ᠬᠠᠮᠲᠤᠷᠠᠭᠰᠠᠨ ᠰᠠᠭᠤᠷᠢᠨ᠎ᠢ ᠪᠠᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠬᠦ ᠪᠠ ᠲᠤᠬᠠᠢᠯᠠᠭᠰᠠᠨ ᠠᠵᠢᠯ᠎ᠤᠨ ᠬᠡᠷᠡᠭᠴᠡᠭᠡ᠎ᠶᠢ ᠣᠨᠣᠪᠴᠢᠲᠠᠶ ᠵᠣᠯᠭᠠᠭᠤᠯᠬᠤ᠎ᠶᠢ ᠠᠬᠢᠭᠤᠯᠬᠤ ᠪᠡᠷ ᠪᠤᠢ᠃
✦ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠪᠠᠶᠠᠨᠬᠤᠰᠢᠭᠤ ᠰᠤᠮᠤ ᠪᠣᠯᠣᠨ ᠬᠥᠯᠥᠨ ᠪᠤᠢᠷ ᠬᠣᠲᠠ᠎ᠶᠢᠨ ᠰᠢᠨ᠎ᠡ ᠪᠠᠷᠭᠤ ᠵᠡᠭᠦᠨ ᠬᠣᠰᠢᠭᠤᠨ᠎ᠤ ᠭᠠᠨᠵᠤᠤᠷ ᠰᠤᠮᠤ᠎ᠶᠢᠨ ᠡᠪᠡᠰᠦ ᠪᠡᠯᠴᠢᠭᠡᠷ᠎ᠦᠨ ᠡᠬᠢ ᠪᠠᠶᠠᠯᠢᠭ᠋᠎ᠤᠨ ᠬᠠᠷᠢᠯᠴᠠᠨ ᠬᠠᠪᠰᠤᠷᠤᠯᠴᠠᠵᠤ ᠬᠠᠮᠲᠤ᠎ᠪᠠᠷ ᠪᠠᠢᠭᠤᠯᠬᠤ ᠤᠷᠳᠤ ᠬᠤᠭᠤᠴᠠᠭᠠᠨ᠎ᠤ ᠬᠠᠮᠲᠤᠷᠠᠯᠴᠠᠭᠠᠨ᠎ᠤ ᠭᠡᠷ᠎ᠡ ᠲᠣᠭᠲᠠᠬᠤ ᠶᠣᠰᠣᠯᠠᠯ ᠤᠷᠴᠢᠮᠬᠠᠨ ᠶᠠᠪᠤᠬᠳᠠᠪᠠ᠃
✦2026 ᠣᠨ᠎ᠤ 5 ᠰᠠᠷ᠎ᠠ᠎ᠳᠤ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠨᠢ ᠠᠰᠢᠭ᠍ᠯᠠᠯᠲᠠ᠎ᠳᠤ ᠣᠷᠣᠭᠰᠠᠨ᠎ᠠᠴᠠ ᠨᠠᠭᠠᠰᠢ᠂ ᠪᠥᠬᠥ ᠬᠣᠰᠢᠭᠤᠨ᠎ᠤ 15 ᠰᠤᠮᠤ ᠪᠠᠯᠭᠠᠰᠤ᠂ 60 ᠲᠤᠷᠰᠢᠯᠲᠠ᠎ᠶᠢᠨ ᠴᠡᠭ᠎ᠦᠨ ᠭᠠᠴᠠᠭ᠎ᠠ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠡᠮ ᠡᠮᠨᠡᠯᠭᠡ ᠡᠷᠡᠭᠦᠯ ᠬᠠᠮᠠᠭᠠᠯᠠᠯ᠎ᠦᠨ ᠬᠠᠮᠲᠤ᠎ᠶᠢᠨ ᠴᠣᠭᠴᠠ᠎ᠶᠢᠨ ᠮᠡᠳᠡᠭᠡ ᠵᠠᠩᠭᠢ᠎ᠶᠢᠨ ᠲᠠᠪᠴᠠᠩ᠎ᠳᠤ ᠣᠷᠣᠭᠤᠯᠪᠠ᠃ ᠣᠳᠣᠬᠠᠨ ᠪᠣᠯᠲᠠᠯ᠎ᠠ ᠲᠤᠰ ᠲᠠᠪᠴᠠᠩ᠎ᠢᠶᠠᠷ ᠳᠠᠮᠵᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠢ 9 ᠲᠠᠯᠠᠪᠠᠢ ᠤᠳᠠᠭ᠎ᠠ ᠥᠷᠨᠢᠭᠦᠯᠵᠦ᠂ ᠦᠨᠳᠦᠰᠦᠨ ᠱᠠᠲᠤᠨ᠎ᠤ ᠡᠮᠴᠢᠯᠡᠭᠡᠨ᠎ᠤ ᠠᠵᠢᠯᠲᠠᠨ 1157 ᠬᠥᠮᠥᠨ ᠤᠳᠠᠭ᠎ᠠ ᠪᠣᠯᠪᠠᠰᠤᠷᠠᠯ ᠬᠦᠷᠳᠡᠪᠡ᠃
✦ᠵᠢᠭᠤᠯᠴᠢᠯᠠᠯ᠎ᠤᠨ ᠠᠮᠤᠷ ᠲᠦᠪᠰᠢᠨ᠎ᠢ ᠪᠦᠬᠦ ᠲᠠᠯ᠎ᠠ᠎ᠪᠠᠷ ᠪᠠᠲᠤᠯᠠᠵᠤ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠎ᠶᠢᠨ ᠲᠥᠯᠥᠭᠡ᠂ 11 ᠰᠠᠷ᠎ᠠ᠎ᠶᠢᠨ 4 — 6᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠷᠠᠰᠢᠶᠠᠨ᠎ᠤ ᠤᠯᠤᠰ᠎ᠤᠨ ᠣᠢ ᠰᠢᠭᠤᠢ᠎ᠶᠢᠨ ᠴᠡᠴᠡᠷᠯᠢᠭ ᠤ᠋ᠨ ᠠᠮᠤᠷ ᠲᠦᠪᠰᠢᠨ᠎ᠦ ᠭᠡᠮ ᠰᠣᠭᠣᠭ᠎ᠢ ᠪᠦᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠦᠵᠡᠮᠵᠢ᠎ᠶᠢᠨ ᠣᠷᠣᠨ᠎ᠤ ᠵᠠᠮ ᠵᠢᠴᠢ ᠰᠠᠭᠤᠷᠢ ᠲᠥᠬᠦᠭᠡᠷᠦᠮᠵᠢ᠎ᠶᠢ ᠰᠡᠯᠪᠢᠨ ᠵᠠᠰᠠᠬᠤ᠂ ᠪᠡᠬᠢᠵᠢᠭᠦᠯᠬᠦ ᠪᠠ ᠳᠡᠰ ᠳᠡᠪᠰᠢᠬᠦᠯᠬᠦ ᠪᠡᠷ ᠪᠤᠢ᠃ ᠡᠨᠡ ᠬᠤᠭᠤᠴᠠᠭᠠᠨ᠎ᠳᠤ ᠦᠵᠡᠮᠵᠢ ᠵᠢᠨ ᠤᠷᠤᠨ ᠲᠦᠷ ᠴᠠᠭ ᠡᠭᠦᠳᠡ ᠪᠡᠨ ᠬᠠᠭᠠᠵᠤ᠂ 11 ᠰᠠᠷ᠎ᠠ ᠵᠢᠨ 7᠎ᠤ ᠡᠳᠤᠷ ᠡᠴᠡ ᠡᠬᠢᠯᠡᠨ ᠨᠡᠭᠡᠭᠡᠯᠳᠡ ᠪᠡᠨ ᠰᠡᠷᠭᠦᠬᠡᠨ᠎ᠡ᠃
✦ᠤᠢᠷ᠎ᠠ᠎ᠳᠤ ᠣᠷᠳᠣᠰ ᠬᠣᠲᠠ᠎ᠶᠢᠨ ᠤᠳᠤᠭ ᠬᠣᠰᠢᠭᠤᠨ᠎ᠤ ᠠᠩᠬᠠᠨ᠎ᠤ ᠪᠦᠯᠦᠭ ᠠᠷᠠᠳ᠎ᠤᠨ ᠠᠮᠢᠳᠤᠷᠠᠯ᠎ᠤᠨ ᠳᠤᠯᠠᠭᠠᠯᠠᠭ᠎ᠠ᠎ᠶᠢᠨ ᠨᠡᠭᠦᠷᠡᠰᠦ᠎ᠶᠢ ᠮᠸᠩ ᠰᠢ ᠪᠠᠯᠭᠠᠰᠤᠨ᠎ᠤ ᠵᠢᠶᠠᠨ ᠬᠦᠶ ᠲᠣᠰᠬᠣᠨ᠎ᠳᠤ ᠲᠠᠷᠬᠠᠭᠠᠵᠤ᠂ ᠣᠲᠤᠭ ᠬᠣᠰᠢᠭᠤᠨ᠎ᠤ 2026 ᠣᠨ᠎ᠤ ᠳᠤᠯᠠᠭᠠᠯᠠᠭ᠎ᠠ᠎ᠵᠢᠨ ᠪᠠᠲᠤᠯᠠᠭ᠎ᠠ᠎ᠶᠢᠨ ᠠᠵᠢᠯ ᠢ ᠡᠬᠢᠯᠡᠬᠦᠯᠦᠭᠰᠡᠨ ᠪᠠᠢᠨ᠎ᠠ ᠃
✦ᠤᠷᠴᠢᠮᠬᠠᠨ ᠤᠷᠠᠳ᠎ᠤᠨ ᠡᠮᠦᠨᠡᠲᠦ ᠬᠣᠰᠢᠭᠤ ᠮᠠᠯ᠎ᠤᠨ ᠡᠮ᠎ᠦᠨ ᠡᠵᠡᠩᠨᠡᠯᠲᠡ ᠵᠢᠴᠢ ᠲᠡᠵᠢᠭᠡᠨ ᠦᠷᠡᠵᠢᠭᠦᠯᠬᠦ᠎ᠳᠦ ᠬᠡᠷᠡᠭᠯᠡᠬᠦ ᠡᠮ᠎ᠦᠨ ᠵᠠᠬ᠎ᠠ ᠳᠡᠯᠭᠡᠭᠦᠷ᠎ᠢ ᠲᠤᠰᠬᠠᠢᠯᠠᠨ ᠴᠡᠭᠴᠡᠯᠡᠨ ᠵᠠᠰᠠᠬᠤ ᠪᠣᠯᠪᠠᠰᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠂ 200 ᠭᠠᠷᠤᠢ ᠬᠤᠪᠢ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠵᠠᠢ᠃
ᠠᠵᠤ ᠠᠬᠤᠢ
✦2026 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠰᠣᠶᠣᠯ᠎ᠤᠨ ᠠᠵᠤ ᠠᠬᠤᠢᠯᠠᠯ᠎ᠤᠨ ᠡᠵᠡᠩᠨᠡᠯᠲᠡ᠎ᠶᠢᠨ ᠣᠷᠣᠯᠭ᠎ᠠ 108210 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.3% ᠪᠡᠷ ᠨᠡᠮᠡᠭᠳᠡᠪᠡ᠃
✦2026 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠲᠦᠩᠯᠢᠶᠣᠣ ᠬᠤᠲᠠ᠎ᠶᠢᠨ ᠨᠡᠢᠭᠡᠮ᠎ᠦᠨ ᠬᠡᠷᠡᠭᠯᠡᠭᠡᠨ᠎ᠦ ᠵᠦᠢᠯᠡᠰ᠎ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 276.0 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.4% ᠪᠡᠷ ᠨᠡᠮᠡᠭᠳᠡᠨ᠂ ᠨᠡᠮᠡᠭᠳᠡᠯ᠎ᠦᠨ ᠬᠤᠷᠳᠤᠴᠠ ᠨᠢ 1 ︱ 8 ᠰᠠᠷ᠎ᠠ᠎ᠶᠢᠨ ᠬᠢ᠎ᠡᠴᠡ 1.5% ᠪᠡᠷ ᠲᠦᠷᠭᠡᠳᠪᠡ᠃
✦ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠣᠶ᠋ᠢᠯᠠᠭᠠᠨᠰᠠᠨᠢᠶᠠᠷ᠂ ᠮᠠᠨ᠎ᠤ ᠣᠷᠣᠨ᠎ᠤ《ᠥᠪᠥᠷ ᠮᠣᠩᠭᠣᠯ᠎ᠢᠶᠠᠨ ᠮᠠᠭᠲᠠᠨ ᠳᠠᠭᠠᠤᠯᠠᠶᠠ·ᠪᠦᠬᠦ ᠣᠷᠣᠨ᠎ᠤ ᠣᠯᠠᠨ ᠲᠦᠮᠡᠨ᠎ᠦ ᠮᠠᠭᠲᠠᠭᠠᠯ ᠳᠠᠭᠤᠤ᠎ᠶᠢᠨ ᠦᠵᠡᠭᠦᠯᠭᠡ᠎ᠶᠢᠨ ᠲᠣᠭᠯᠠᠯᠲᠠ》᠂ 《ᠪᠠᠬᠠᠷᠤᠯ᠎ᠲᠤ ᠤᠷᠠᠳ·ᠪᠠᠷᠠᠭᠤᠨ ᠣᠷᠣᠨ᠎ᠤ ᠠᠷᠠᠳ᠎ᠤᠨ ᠳᠠᠭᠤᠤ᠎ᠶᠢᠨ ᠴᠤᠭᠯᠠᠭᠠᠨ》 ᠵᠡᠷᠭᠡ 2 ᠲᠥᠷᠥᠯ ᠵᠦᠢᠯ ᠨᠢ 2026 ᠳᠤᠮᠳᠠᠳᠤ ᠤᠯᠤᠰ᠎ᠤᠨ ᠤᠯᠠᠨ ᠲᠦᠮᠡᠨᠴᠢ ᠰᠣᠶᠣᠯ᠎ᠦᠨ ᠲᠥᠷᠥᠯ ᠲᠡᠮᠳᠡᠭ᠎ᠦᠨ ᠵᠢᠱ᠌ᠢᠶ᠎ᠡ᠎ᠪᠡᠷ ᠰᠣᠩᠭᠣᠭᠳᠠᠪᠠ᠃
✦ᠣᠢᠷ᠎ᠠ᠎ᠳᠤ 2026 ᠣᠨ᠎ᠤ 《ᠦᠢᠰᠦᠨ ᠤᠷᠠᠯᠠᠯ ᠠᠷᠠᠰᠤᠨ ᠤᠷᠠᠯᠠᠯ᠎ᠤᠨ ᠤᠷᠠᠨ ᠰᠠᠨᠠᠭ᠎ᠠ — ᠦᠢᠰᠦᠨ ᠤᠷᠠᠯᠠᠯ ᠪᠣᠯᠣᠨ ᠠᠷᠠᠰᠤᠨ ᠤᠷᠠᠯᠠᠯ ᠦᠢᠯᠡᠳᠬᠦ ᠤᠷ᠎ᠠ ᠮᠡᠷᠭᠡᠵᠢᠯ》᠎ᠤᠨ ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ᠎ᠶᠢᠨ ᠬᠢᠴᠢᠶᠡᠯ ᠡᠬᠢᠯᠡᠬᠦ ᠶᠣᠰᠣᠯᠠᠯ ᠬᠥᠯᠥᠨ ᠪᠦᠢᠷ᠎ᠲᠤ ᠶᠠᠪᠤᠭᠳᠠᠵᠤ᠂ ᠬᠥᠬᠡᠬᠣᠲᠠ᠂ ᠲᠦᠩᠯᠢᠶᠤᠤ᠂ ᠬᠢᠩᠭᠠᠨ ᠠᠢᠮᠠᠭ ᠵᠡᠷᠭᠡ ᠡᠯ᠎ᠡ ᠠᠢᠮᠠᠭ ᠬᠤᠲᠠ᠎ᠶᠢᠨ ᠦᠢᠰᠦᠨ ᠤᠷᠠᠯᠠᠯ᠂ ᠠᠷᠠᠰᠤᠨ ᠤᠷᠠᠯᠠᠯ᠎ᠤᠨ ᠤᠷ᠎ᠠ ᠮᠡᠷᠭᠡᠵᠢᠯ᠎ᠦᠨ 25 ᠥᠪᠯᠡᠨ ᠤᠯᠠᠮᠵᠢᠯᠠᠭ᠍ᠴᠢ ᠪᠣᠯᠣᠨ ᠬᠠᠮᠢᠶ᠎ᠠ ᠪᠦᠬᠦᠢ ᠠᠵᠢᠯ ᠡᠷᠬᠢᠯᠡᠭᠰᠡᠳ ᠣᠷᠣᠯᠴᠠᠪᠠ᠃
ᠲᠠᠮᠢᠷ
✦29᠎ᠤ ᠡᠳᠤᠷ ᠶᠠᠪᠤᠬᠳᠠᠬᠰᠠᠨ 2026 ᠣᠯᠠᠨ ᠤᠯᠤᠰ᠎ᠤᠨ ᠬᠥᠯ ᠪᠥᠮᠪᠥᠭᠡ᠎ᠶᠢᠨ ᠬᠣᠯᠪᠣᠭ᠎ᠠ᠎ᠶᠢᠨ U17 ᠡᠮᠡᠭᠲᠡᠢ᠎ᠶᠢᠨ ᠬᠥᠯ ᠪᠥᠮᠪᠥᠭᠡ᠎ᠶᠢᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠤ 1/8 ᠶᠢᠨ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ U17 ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ 4᠄ 3 ᠪᠠᠷ ᠹᠷᠠᠨᠼᠢ᠎ᠶᠢᠨ ᠠᠩᠭᠢ᠎ᠶᠢ ᠢᠯᠠᠵᠤ᠂ 1/4 ᠵᠢᠨ ᠰᠢᠢᠳᠪᠦᠷᠢᠲᠦ ᠤᠷᠤᠯᠳᠤᠭᠠᠨ᠎ᠳᠤ ᠪᠷᠠᠽᠢᠯ᠎ᠤᠨ ᠠᠩᠭᠢ ᠲᠠᠢ ᠤᠷᠤᠯᠳᠤᠬᠤ ᠪᠡᠷ ᠪᠤᠯᠪᠠ᠃
✦29᠎ᠤ ᠡᠳᠦᠷ᠂ ᠪᠠᠶᠠᠠᠨᠠᠭᠤᠷ ᠬᠤᠳᠠ ᠵᠢᠨ ᠯᠢᠡᡁᠸ ᠲᠣᠭᠣᠷᠢᠭ᠋᠎ᠤᠨ 2026 ᠣᠨ᠎ᠤ ᠺᠠᠳ᠋ᠷ ᠠᠵᠢᠯᠲᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠡᠬᠢᠯᠡᠵᠦ᠂ ᠡᠯ᠎ᠡ ᠰᠢᠶᠠᠩ ᠪᠠᠯᠭᠠᠰᠤ᠂ ᠲᠠᠷᠢᠶᠠᠯᠠᠩ᠎ᠤᠨ ᠲᠠᠯᠠᠪᠠᠢ᠂ ᠵᠡᠭᠡᠯᠢ ᠭᠤᠳᠤᠮᠵᠢ᠂ ᠲᠣᠭᠣᠷᠢᠭ᠋᠎ᠤᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ 70 ᠲᠥᠯᠥᠭᠡᠯᠡᠭᠴᠢᠳ ᠦᠨ ᠠᠩᠭᠢ᠎ᠶᠢᠨ 1000 ᠭᠠᠷᠤᠢ ᠬᠥᠮᠥᠨ ᠣᠷᠣᠯᠴᠠᠵᠠᠢ᠃
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 10 ᠰᠠᠷ᠎ᠠ ᠵᠢᠨ 30᠎ᠤ ᠡᠳᠦᠷ ᠹᠢᠯᠢᠫᠢᠨᠦ ᠮᠠ ᠷᠦᠩ ᠭᠠᠯᠲᠤ ᠠᠭᠤᠯᠠ ᠳᠡᠯᠪᠡᠷᠡᠵᠦ᠂ ᠰᠡᠷᠭᠡᠢᠯᠡᠯᠲᠡ᠎ᠶᠢᠨ ᠳᠡᠰ᠎ᠢᠶᠠᠨ ᠳᠡᠭᠡᠭᠰᠢᠯᠡᠭᠦᠯᠪᠡ᠃
✦ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 30 ᠤ ᠡᠳᠦᠷ ᠰᠣᠷᠪᠤᠯᠵᠢᠯᠠᠭ᠎ᠠ ᠬᠦᠯᠢᠶᠡᠬᠦ᠎ᠳᠡᠭᠡᠨ᠂ ᠢᠷᠠᠨ᠎ᠤ ᠲᠡᠶ᠋ᠢᠨ 《ᠤᠳᠠᠯ ᠦᠭᠡᠢ ᠳᠠᠭᠤᠰᠤᠨ᠎ᠠ》 ᠭᠡᠵᠡᠢ᠃ ᠠᠮᠧᠷᠢᠺᠠ ᠵᠢᠨ ᠬᠢᠨ 《ᠢᠷᠡᠨ ᠬᠡᠵᠢᠶᠡᠳᠡ ᠴᠥᠮ᠎ᠡ᠎ᠶᠢᠨ ᠵᠡᠪᠰᠡᠭ᠎ᠲᠠᠢ ᠪᠣᠯᠬᠤ ᠦᠭᠡᠢ》 ᠭᠡᠳᠡᠭ ᠪᠠᠳᠤᠯᠠᠭ᠎ᠠ ᠵᠢ ᠤᠯᠬᠤ ᠴᠢᠬᠤᠯᠠᠳᠠᠢ ᠭᠡᠪᠡ᠃
✦ᠪᠤᠭᠤᠳᠤ ᠬᠤᠳᠠ ᠵᠢᠨ ᠳᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠴᠠᠭᠳᠠᠭᠠᠨ᠎ᠤ ᠶᠠᠪᠤᠳᠠᠯ᠎ᠤᠨ ᠲᠤᠰᠠᠯᠠᠭ᠍ᠴᠢ ᠠᠵᠢᠯᠳᠠᠨ ᠡᠯᠰᠡᠬᠦ ᠪᠡᠷ ᠪᠤᠢ᠃
ᠲᠠᠨ᠎ᠤ ᠲᠤᠰᠠ᠎ᠳᠤ
✦ᠡᠳᠡᠭᠡᠷ ᠵᠢᠮᠢᠰ᠎ᠢ ᠬᠠᠮᠲᠤ ᠢᠳᠡᠵᠦ ᠪᠣᠯᠬᠤ ᠦᠭᠡᠢ!
1. ᠭᠦᠢᠯᠡᠰᠦᠨ ᠦᠷ᠎ᠡ ᠪᠣᠯᠣᠨ ᠲᠠᠤᠯᠠᠢ᠎ᠶᠢᠨ ᠪᠥᠭᠡᠷ᠎ᠡ — ᠬᠥᠮᠥᠨ᠎ᠦ ᠪᠡᠶᠡᠳᠦ ᠬᠣᠣᠷᠲᠤ ᠪᠣᠳᠠᠰ ᠡᠭᠦᠰᠬᠡᠵᠦ᠂ ᠬᠣᠳᠣᠭᠣᠳᠤ᠎ᠶᠢ ᠭᠡᠮᠲᠦᠭᠡᠨ᠎ᠡ᠃
2. ᠭᠦᠵᠡᠯᠵᠡᠭᠡᠨ᠎ᠡ ᠪᠣᠯᠣᠨ ᠢᠩᠲᠤᠤᠷ — ᠪᠡᠶ᠎ᠡ ᠳᠦ ᠬᠠᠯᠠᠭᠤᠨ ᠰᠠᠭᠤᠯᠭᠠᠨ᠎ᠠ᠃
3. ᠵᠦᠷᠵᠢ ᠪᠣᠯᠣᠨ ᠨᠢᠮᠪᠡᠭᠡ — ᠰᠢᠩᠭᠡᠭᠡᠯᠲᠡ᠎ᠶᠢ ᠬᠠᠷᠰᠢᠯᠠᠵᠤ᠂ ᠬᠣᠳᠣᠭᠣᠳᠤᠨ᠎ᠤ ᠬᠡᠪ᠎ᠦᠨ ᠠᠵᠢᠯᠯᠠᠭ᠎ᠠ᠎ᠶᠢ ᠨᠥᠯᠥᠭᠡᠯᠡᠨ᠎ᠡ᠃
ᠵᠠᠯᠭᠠᠭᠠᠳ 《ᠴᠡᠴᠡᠭᠬᠡᠨ ᠦᠷ᠎ᠡ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠤᠷᠠᠨᠲᠠᠨ᠎ᠠ
-
ᠨᠡᠪᠲᠡᠷᠡᠭᠦᠯᠦᠭᠴᠢ᠄
ᠤᠷᠠᠨᠲᠠᠨ᠎ᠠ
-
ᠮᠡᠷᠭᠡᠵᠢᠯ᠄
ᠬᠠᠢ ᠯᠢ ᠶᠠᠨ
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃