ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-02 14:19:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

                                             


            ᠨᠡᠢᠭᠡᠮ 

✦11 ᠰᠠᠷ᠎ᠠ᠎ᠶᠢᠨ 1 ᠎ᠦ ᠡᠳᠦᠷ ᠡᠴᠡ ᠬᠠᠪᠰᠤᠷᠤᠨ ᠡᠮᠴᠢᠯᠡᠬᠦ ᠦᠢᠯᠡᠴᠢᠯᠡᠭᠡᠨ ᠎ᠦ ᠠᠩᠬᠠᠳᠠᠭ᠍ᠴᠢ ᠤᠯᠤᠰ᠎ᠤᠨ ᠪᠠᠷᠢᠮᠵᠢᠶ᠎ᠠ᠎ᠶᠢ ᠬᠡᠷᠡᠭᠵᠢᠭᠦᠯᠪᠡ᠃

✦ᠠᠷᠠᠳ᠎ᠤᠨ ᠶᠠᠪᠤᠳᠠᠯ᠎ᠤᠨ ᠶᠠᠮᠤᠨ ᠲᠦᠷᠦᠭᠦᠬᠡᠨ 《ᠣᠨᠴᠠᠭᠠᠶ ᠬᠦᠴᠢᠷᠳᠡᠯᠲᠡᠢ ᠨᠠᠰᠤᠲᠠᠢᠴᠤᠳ ᠎ᠢ ᠬᠠᠯᠠᠮᠵᠢᠯᠠᠨ ᠠᠰᠠᠷᠠᠬᠤ ᠦᠢᠯᠡᠴᠢᠯᠡᠭᠡ᠎ᠶᠢ ᠭᠦᠨᠵᠡᠭᠡᠢ ᠥᠷᠨᠢᠭᠦᠯᠬᠦ ᠲᠤᠬᠠᠢ ᠮᠡᠳᠡᠭᠳᠡᠯ》 ᠳᠠᠷᠤᠮᠠᠯᠯᠠᠨ ᠲᠠᠷᠬᠠᠭᠠᠵᠤ᠂ ᠠᠮᠤᠷ ᠲᠦᠪᠰᠢᠨ᠎ᠢ ᠲᠡᠷᠢᠭᠦᠨ᠎ᠳᠦ ᠲᠠᠯᠪᠢᠬᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠠᠷ ᠦᠢᠯᠡᠴᠢᠯᠡᠭᠦᠯᠬᠦ ᠵᠠᠷᠴᠢᠮ᠎ᠢ ᠪᠠᠷᠢᠮᠲᠠᠯᠠᠨ᠂ ᠣᠨᠴᠠᠭᠠᠶ ᠬᠦᠴᠢᠷᠳᠡᠯᠲᠡᠢ ᠨᠠᠰᠤᠲᠠᠢᠴᠤᠳ᠎ᠢ ᠬᠠᠯᠠᠮᠵᠢᠯᠠᠨ ᠠᠰᠠᠷᠠᠬᠤ ᠠᠵᠢᠯ᠎ᠢ ᠤᠯᠠᠮ ᠰᠠᠢᠲᠤᠷ ᠬᠢᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃

✦ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠋᠎ᠢ ᠨᠢᠭᠡᠳᠦᠯᠲᠡᠢ ᠲᠣᠬᠢᠷᠠᠭᠤᠯᠬᠤ ᠠᠵᠢᠯ᠎ᠤᠨ ᠠᠬᠢᠴᠠ᠎ᠶᠢ ᠦᠨᠳᠦᠰᠦᠯᠡᠪᠡᠯ᠂ ᠣᠳᠤᠬᠠᠨ ᠪᠣᠯᠲᠠᠯ᠎ᠠ ᠤᠰᠤᠨ᠎ᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠥᠷᠨᠢᠭᠦᠯᠦᠭᠰᠡᠨ ᠮᠤᠵᠢ ᠠᠯᠤᠰᠯᠠᠭᠰᠠᠨ ᠭᠣᠣᠯ ᠮᠥᠷᠡᠨ᠎ᠦ ᠰᠠᠪᠠ ᠭᠠᠵᠠᠷ 89 ᠪᠣᠯᠵᠤ᠂ ᠦᠯᠡᠳᠡᠭᠰᠡᠨ 5 ᠭᠣᠣᠯ ᠮᠥᠷᠡᠨ᠎ᠢ ᠲᠥᠯᠥᠪᠯᠡᠭᠡ ᠶᠣᠰᠣᠭᠠᠷ 2026 ᠣᠨ᠎ᠦ ᠡᠴᠦᠰ᠎ᠡᠴᠡ ᠡᠮᠦᠨ᠎ᠡ ᠲᠣᠬᠢᠷᠠᠭᠤᠯᠤᠯᠲᠠ ᠬᠢᠬᠦ ᠪᠣᠯᠣᠨ᠎ᠠ᠃

✦30᠎ᠤ ᠡᠳᠤᠷ᠂ ᠠᠭᠠᠷ ᠎ᠤᠨ ᠠᠶᠠᠯᠠᠯ ᠎ᠤᠨ ᠺᠣᠮᠫᠠᠨᠢ ᠎ᠨᠤᠭᠤᠳ ᠡᠴᠡ ᠣᠢᠯᠠᠭᠠᠭᠰᠠᠨ᠎ᠢᠶᠠᠷ᠂ 11 ᠰᠠᠷ᠎ᠠ᠎ᠶᠢᠨ 5᠎ᠤ ᠡᠳᠦᠷ᠎ᠡᠴᠡ ᠡᠬᠢᠯᠡᠨ ᠳᠤᠮᠳᠠᠳᠤ ᠤᠯᠤᠰ᠎ᠤᠨ ᠳᠤᠳᠤᠷ ᠭᠠᠵᠠᠷ᠎ᠤᠨ ᠠᠭᠠᠷ᠎ᠤᠨ ᠠᠶᠠᠯᠠᠯ᠎ᠤᠨ ᠱᠤᠭᠤᠮ᠎ᠤᠨ ᠠᠶᠠᠨᠴᠢᠨ᠎ᠤ ᠪᠢᠯᠧᠲ ᠪᠣᠯᠣᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠵᠠᠷᠤᠳᠠᠯ᠎ᠢ ᠥᠰᠬᠡᠬᠦ ᠪᠡᠷ ᠪᠤᠢ᠃

 ✦ᠤᠢᠷ᠎ᠠ᠎ᠳᠤ ᠪᠣᠷᠣᠳᠣᠬᠣᠢ ᠳᠡᠭᠡᠳᠦ ᠰᠤᠷᠭᠠᠭᠤᠯᠢ ᠥᠪᠥᠷ ᠮᠣᠩᠭᠣᠯ᠎ᠤᠨ ᠤᠯᠠᠭᠠᠨᠰᠤᠬᠠᠢ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠦᠨ ᠤᠯᠤᠰ᠎ᠤᠨ ᠪᠠᠢᠷᠢ ᠲᠣᠭᠲᠠᠭᠠᠯᠲᠠ᠎ᠶᠢ ᠠᠵᠢᠭ᠍ᠯᠠᠨ ᠰᠢᠨᠵᠢᠬᠦ ᠰᠤᠳᠤᠯᠭᠠᠨ᠎ᠤ ᠥᠷᠲᠡᠭᠡ᠎ᠲᠠᠢ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠪᠠ᠃

✦29᠎ᠤ ᠡᠳᠦᠷ᠂ ᠪᠠᠶᠠᠠᠨᠠᠭᠤᠷ ᠬᠤᠳᠠ ᠵᠢᠨ ᠯᠢᠨᠾᠧ ᠲᠣᠭᠣᠷᠢᠭ᠋᠎ᠤᠨ 2026 ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠯᠠᠩᠱᠠᠨ ᠪᠠᠯᠭᠠᠰᠤᠨ᠎ᠤ ᠮᠢᠨ ᠴᠢᠶᠠᠩ ᠲᠣᠰᠬᠣᠨ᠎ᠳᠤ ᠠᠵᠢᠯ ᠡᠬᠢᠯᠡᠪᠡ᠂ ᠡᠨᠡ ᠨᠢ ᠯᠢᠨᠾᠧ ᠲᠣᠭᠣᠷᠢᠭ᠋᠎ᠤᠨ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

✦ᠵᠡᠭᠦᠨ ᠦᠵᠦᠮᠦᠴᠢᠨ ᠬᠣᠰᠢᠭᠤᠨ᠎ᠤ 《ᠮᠠᠯᠴᠢᠨ ᠦᠢᠯᠡᠳᠪᠦᠷᠢᠯᠡᠭᠴᠢᠳ ᠬᠤᠯᠪᠤᠭᠠᠯᠠᠯ》ᠨᠢ ᠮᠠᠯᠴᠢᠳ ᠲᠠᠭᠠᠨ ᠡᠯ᠎ᠡ ᠲᠥᠷᠥᠯ᠎ᠦᠨ ᠮᠠᠯ᠎ᠤᠨ ᠪᠣᠷᠳᠣᠭ᠎ᠠ ᠬᠠᠩᠭᠠᠬᠤ᠎ᠠᠴᠠ ᠭᠠᠳᠠᠨ᠎ᠠ ᠪᠠᠰᠠ 《ᠰᠢᠨ᠎ᠡ ᠬᠥᠳᠡᠭᠡ ᠨᠡᠭᠦᠷᠡᠰᠦᠨ ᠥᠷᠲᠡᠭᠡ》 ᠲᠠᠶ ᠬᠠᠮᠲᠤᠷᠠᠨ ᠨᠡᠭᠦᠷᠡᠰᠦ᠂ ᠮᠣᠳᠣᠨ ᠲᠦᠯᠡᠰᠢ ᠵᠡᠷᠭᠡ᠎ᠶᠢ ᠴᠦ᠍ ᠲᠤᠰᠬᠠᠢ ᠦᠢᠯᠡᠳᠪᠦᠷᠢ᠎ᠲᠠᠢ ᠨᠢ ᠬᠠᠷᠢᠴᠠᠨ ᠬᠢᠮᠳᠠ ᠦᠨ᠎ᠡ᠎ᠪᠡᠷ ᠮᠠᠯᠴᠢᠳ᠎ᠲᠠᠭᠠᠨ ᠬᠦᠷᠭᠡᠵᠦ ᠪᠠᠢᠨ᠎ᠠ᠃

✦ᠣᠢᠷ᠎ᠠ᠎ᠳᠤ ᠦᠦᠰᠢᠨ ᠬᠣᠰᠢᠭᠤᠨ᠎ᠤ ᠦᠦᠰᠢᠨᠵᠤᠤ ᠪᠠᠯᠭᠠᠰᠤ᠎ᠶᠢᠨ ᠦᠦᠰᠢᠨᠵᠤᠤ ᠭᠠᠴᠠᠭᠠᠨ᠎ᠳᠤ ᠭᠠᠩ ᠬᠠᠭᠰᠠᠷᠠᠭᠠᠨ᠎ᠢ ᠠᠷᠭᠠᠴᠠᠭᠠᠬᠤ ᠡᠪᠡᠰᠦ ᠪᠣᠷᠳᠣᠭ᠎ᠠ ᠲᠠᠷᠬᠠᠭᠠᠬᠤ ᠠᠵᠢᠯᠯᠠᠭ᠎ᠠ ᠶᠠᠪᠤᠭᠳᠠᠵᠤ᠂ 2597 ᠲᠣᠨ ᠲᠡᠵᠢᠭᠡᠯ ᠡᠪᠡᠰᠦ ᠪᠣᠷᠳᠣᠭ᠎ᠠ᠎ᠶᠢ ᠪᠥᠬᠦ ᠪᠠᠯᠭᠠᠰᠤᠨ᠎ᠤ 7 ᠭᠠᠴᠠᠭ᠎ᠠ ᠲᠣᠰᠬᠣᠨ᠎ᠤ 2041 ᠮᠠᠯᠴᠢᠨ ᠲᠠᠷᠢᠶᠠᠴᠢᠨ᠎ᠳᠤ ᠲᠠᠷᠬᠠᠭᠠᠪᠠ᠃

✦ᠠᠷᠤ ᠬᠣᠷᠴᠢᠨ ᠬᠣᠰᠢᠭᠤᠨ᠎ᠤ ᠪᠠᠯᠴᠢᠷᠤᠳ ᠰᠤᠮᠤ ᠤᠷᠴᠢᠮᠬᠠᠨ ᠮᠠᠯᠵᠢᠬᠤ ᠲᠠᠷᠢᠶᠠᠯᠠᠬᠤ ᠣᠷᠣᠨ᠎ᠤ ᠠᠵᠢᠯ ᠣᠯᠭᠣᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠨ ᠶᠠᠪᠤᠭᠳᠠᠭᠤᠯᠵᠤ᠂ ᠬᠠᠷᠢᠶ᠎ᠠ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠠᠵᠢᠯ ᠬᠦᠯᠢᠶᠡᠵᠦ ᠪᠠᠢᠭ᠎ᠠ ᠵᠠᠯᠠᠭᠤᠴᠤᠳ᠂ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠡᠷᠭᠡ 170 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃

 ᠠᠵᠦ ᠠᠬᠤᠢ 

✦ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠠᠴᠠ ᠣᠢᠯᠠᠭᠠᠭᠰᠠᠨ ᠵᠢᠡᠷ᠂ 1996 ᠣᠨ᠎ᠳᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠥᠷᠨᠢᠭᠦᠯᠦᠭᠰᠡᠨ᠎ᠡᠴᠡ ᠨᠠᠭᠠᠰᠢ᠂ ᠬᠣᠶᠠᠷ ᠲᠠᠯ᠎ᠠ᠎ᠪᠠᠷ ᠵᠢᠡᠨ ᠬᠡᠷᠡᠭᠯᠡᠭᠡ᠎ᠶᠢ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ ᠮᠠᠨ᠎ᠤ ᠣᠷᠣᠨ ᠨᠡᠢᠲᠡ 1500 ᠳ᠋ᠦᠩᠰᠢᠭᠤᠷ ᠲᠥᠭᠥᠷᠢᠭ᠎ᠤᠨ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠤ ᠪᠣᠷᠣᠯᠠᠭᠤᠯᠪᠠ᠃

   ᠰᠤᠶᠤᠯ 

✦10 ᠰᠠᠷ᠎ᠠ ᠎ᠶᠢᠨ 31᠎ᠦ ᠡᠳᠦᠷ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ 30 ᠵᠢᠯ᠎ᠦᠨ ᠣᠢ᠎ᠶᠢ ᠪᠡᠯᠭᠡᠯᠡᠬᠦ᠎ᠶᠢᠨ ᠲᠥᠯᠥᠭᠡ᠂ ᠰᠢᠯᠤᠭᠤᠨ ᠬᠥᠬᠡ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠭᠰᠡᠨ 2026 ᠡᠯᠪᠡᠭ ᠬᠤᠷᠢᠶᠠᠯᠲᠠ᠎ᠶᠢᠨ ᠨᠠᠭᠠᠳᠤᠮ ᠪᠡᠭᠡᠵᠢᠩ᠎ᠦᠨ ᠬᠠᠢ ᠳ᠋ᠢᠶᠠᠨ ᠴᠡᠴᠡᠷᠯᠢᠭ᠎ᠲᠦ ᠬᠥᠰᠢᠭᠡ ᠰᠡᠬᠦᠪᠡ᠃ ᠡᠨᠡ ᠨᠠᠭᠠᠳᠤᠮ᠎ᠳᠤ ᠨᠡᠢᠰᠯᠡᠯ᠎ᠦᠨ ᠡᠯ᠎ᠡ ᠡᠲᠡᠭᠡᠳ᠎ᠦᠨ ᠣᠯᠠᠨ ᠲᠦᠮᠡᠨ ᠪᠣᠯᠣᠨ ᠪᠡᠭᠡᠵᠢᠩ᠎ᠳᠤ ᠪᠠᠢᠭ᠎ᠠ ᠥᠪᠥᠷ ᠮᠣᠩᠭᠣᠯᠴᠤᠳ ᠨᠡᠢᠲᠡ 6 ᠲᠦᠮᠡ ᠭᠠᠷᠤᠢ ᠬᠦᠮᠦᠨ ᠴᠤᠭᠯᠠᠷᠠᠵᠤ᠂ ᠠᠵᠢᠯᠯᠠᠭ᠎ᠠ ᠨᠢ ᠭᠤᠷᠪᠠᠨ ᠡᠳᠤᠷ᠎ᠤᠨ ᠬᠤᠭᠤᠴᠠᠭ᠎ᠠ ᠲᠠᠢ ᠦᠷᠭᠦᠯᠵᠢᠯᠡᠬᠦ ᠪᠤᠯᠤᠨ᠎ᠠ᠃

     ᠲᠠᠮᠢᠷ

✦2026 ᠣᠨ᠎ᠤ ᠣᠷᠳᠣᠰ ᠬᠣᠲᠠ᠎ᠶᠢᠨ ᠬᠣᠷᠢᠳᠤᠭᠠᠷ ᠬᠤᠭᠤᠴᠠᠭᠠᠨ᠎ᠤ ᠫᠢᠩᠫᠠᠩ ᠪᠥᠮᠪᠥᠭᠡ᠎ᠶᠢᠨ ᠤᠷᠢᠯᠭ᠎ᠠ᠎ᠶᠢᠨ ᠤᠷᠤᠯᠳᠤᠭᠠᠨ 10 ᠰᠠᠷ᠎ᠠ᠎ᠶᠢᠨ 31᠎ᠦ ᠡᠳᠦᠷ ᠣᠷᠳᠣᠰ ᠬᠤᠲᠠ᠎ᠶᠢᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠭᠦᠯᠦᠯᠲᠡ᠎ᠶᠢᠨ ᠲᠥᠪ᠎ᠦᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠡᠬᠢᠯᠡᠪᠡ᠃

  ᠲᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 10 ᠰᠠᠷ᠎ᠠ ᠵᠢᠨ 31᠎ᠤ ᠡᠳᠤᠷ ᠣᠷᠣᠰ᠎ᠤᠨ ᠵᠠᠰᠠᠭ᠎ᠤᠨ ᠣᠷᠳᠣᠨ ᠮᠡᠳᠡᠭᠡ ᠨᠡᠢᠲᠡᠯᠡᠵᠦ᠂ ᠤᠯᠤᠰ᠎ᠤᠨ ᠳᠣᠲᠣᠭᠠᠳᠤ᠎ᠶᠢᠨ ᠰᠢᠲᠠᠭᠠᠯᠭ᠎ᠠ᠎ᠶᠢᠨ ᠲᠣᠰᠣᠨ᠎ᠤ ᠵᠠᠬ᠎ᠠ ᠳᠡᠯᠭᠡᠭᠦᠷ᠎ᠦᠨ ᠲᠣᠭᠲᠠᠭᠤᠨ ᠪᠠᠢᠳᠠᠯ᠎ᠢ ᠪᠠᠲᠤᠯᠠᠬᠤ᠎ᠶᠢᠨ ᠲᠥᠯᠥᠭᠡ᠂ ᠣᠷᠣᠰ᠎ᠤᠨ ᠬᠢᠨ ᠰᠢᠲᠠᠭᠠᠯᠭ᠎ᠠ᠎ᠶᠢᠨ ᠲᠣᠰᠣᠨ᠎ᠤ ᠦᠢᠯᠡᠳᠪᠦᠷᠢᠯᠡᠭᠴᠢ᠎ᠳᠦ ᠴᠢᠭᠯᠡᠭᠦᠯᠦᠭᠰᠡᠨ ᠴᠠᠶ᠋ᠢᠶᠢᠤ᠌ ᠳᠤᠰᠤ᠎ᠶᠢᠨ ᠭᠠᠳᠠᠭᠠᠳᠤ ᠭᠠᠷᠭᠠᠯᠲᠠ᠎ᠶᠢ ᠴᠠᠭᠠᠵᠠᠯᠠᠬᠤ ᠬᠦᠴᠦᠨ᠎ᠪᠦᠬᠦᠢ ᠬᠤᠭᠤᠴᠠᠭ᠎ᠠ᠎ᠶᠢ 2027 ᠣᠨ᠎ᠤ 1 ᠰᠠᠷ᠎ᠠ᠎ᠶᠢᠨ 31᠎ᠦ ᠡᠳᠦᠷ ᠪᠣᠯᠲᠠᠯ᠎ᠠ ᠤᠷᠲᠤᠳᠬᠠᠬᠤ᠎ᠪᠠᠷ ᠲᠣᠭᠲᠠᠪᠠ᠃    

✦ᠠᠷᠠᠳ᠎ᠤᠨ ᠡᠳᠤᠷ᠎ᠤᠨ ᠰᠤᠨᠢᠨ᠎ᠤ ᠮᠡᠳᠡᠭᠡ ᠵᠢ ᠦᠨᠳᠦᠰᠦᠯᠡᠪᠡᠯ᠂ 10 ᠰᠠᠷ᠎ᠠ᠎ᠶᠢᠨ 30᠎ᠤ ᠣᠷᠣᠢ᠂ ᠶᠠᠫᠤᠨ᠎ᠤ ᠲᠦᠮᠡ ᠰᠢᠬᠠᠮ ᠠᠷᠠᠳ ᠲᠣᠣᠺᠢᠤ᠋᠎ᠶᠢᠨ ᠤᠯᠤᠰ᠎ᠤᠨ ᠬᠤᠷᠠᠯ᠎ᠤᠨ ᠵᠥᠪᠯᠡᠬᠦ ᠲᠠᠩᠬᠢᠮ᠎ᠤᠨ ᠭᠣᠣᠯ ᠡᠭᠦᠳᠡᠨ᠎ᠳᠦ ᠴᠤᠭᠯᠠᠭᠠᠨ ᠪᠣᠯᠵᠤ᠂ ᠵᠠᠰᠠᠭ᠎ᠤᠨ ᠣᠷᠳᠣᠨ᠎ᠤ ᠴᠥᠮ᠎ᠡ᠎ᠶᠢᠨ ᠲᠥᠷᠥ᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠵᠡᠷᠭᠡ ᠴᠡᠷᠢᠭ᠎ᠢᠶᠡᠨ ᠥᠷᠭᠡᠳᠬᠡᠬᠦ ᠬᠠᠨᠳᠤᠰᠢ᠎ᠶᠢ ᠡᠰᠡᠷᠭᠦᠴᠡᠵᠡᠢ᠃

    ᠦᠢᠯᠡᠴᠢᠯᠡᠭᠡ 

 ✦ᠦᠪᠤᠷ ᠮᠤᠩᠭᠤᠯ᠎ᠤᠨ ᠴᠠᠬᠢᠯᠭᠠᠨ ᠬᠦᠴᠦᠨ᠎ᠤ ᠠᠵᠢᠯ ᠮᠡᠷᠭᠡᠵᠢᠯ᠎ᠤᠨ ᠰᠤᠷᠭᠠᠭᠤᠯᠢ ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文) ᠦᠰᠦᠭ ᠎ᠢ  ᠳᠤᠪᠴᠢᠳᠠᠵᠤ ᠦᠵᠡᠭᠡᠷᠡᠢ!

✦ᠤᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠠᠴᠠ ᠥᠪᠥᠷ ᠮᠣᠩᠭᠣᠯ ᠎ᠤᠨ 2026 ᠣᠨ᠎ᠤ ᠮᠠᠰᠢᠨ ᠲᠡᠷᠭᠡᠨ᠎ᠤ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠦᠷᠢ ᠭᠤᠶᠤᠴᠢᠯᠠᠨ ᠮᠡᠳᠡᠭᠦᠯᠬᠦ ᠴᠠᠭ᠎ᠤᠨ ᠲᠤᠬᠠᠢ ᠠᠯᠪᠠᠨ ᠵᠠᠷᠯᠠᠯ ᠨᠡᠢᠲᠡᠯᠡᠪᠡ᠃ ᠠᠯᠪᠠᠨ ᠵᠠᠷᠯᠠᠯ᠎ᠢ ᠦᠨᠳᠦᠰᠦᠯᠡᠪᠡᠯ᠂ ᠡᠨᠡᠬᠦ ᠨᠥᠬᠥᠪᠦᠷᠢ᠎ᠶᠢ ᠭᠤᠶᠤᠴᠢᠯᠠᠨ ᠮᠡᠳᠡᠭᠦᠯᠬᠦ ᠴᠠᠭ ᠨᠢ 2027 ᠣᠨ᠎ᠤ 1 ᠰᠠᠷ᠎ᠠ ᠵᠢᠨ 10 ᠎ᠤ ᠡᠳᠦᠷ᠎ᠦᠨ 24 ᠴᠠᠭ ᠪᠣᠯᠲᠠᠯ᠎ᠠ ᠦᠷᠭᠦᠯᠵᠢᠯᠡᠬᠦ ᠪᠤᠯᠤᠨ᠎ᠠ᠃

    ᠲᠠᠨ᠎ᠤ ᠲᠤᠰᠠ᠎ᠳᠤ 

 ✦ᠬᠡᠲᠦ ᠬᠠᠯᠠᠭᠤᠨ ᠱᠥᠯᠥ ᠤᠤᠭᠤᠬᠤ ᠪᠠ ᠨᠣᠭᠣᠭ᠎ᠠ ᠢᠳᠡᠬᠦ ᠡᠴᠡ ᠵᠠᠢᠯᠠᠰᠬᠢᠬᠤ ᠬᠡᠷᠡᠭᠳᠠᠢ᠃ ᠬᠠᠯᠠᠭᠤᠨ ᠱᠥᠯᠥ ᠤᠤᠭᠤᠬᠤ ᠪᠤᠶᠤ ᠬᠠᠭᠤᠷᠤᠬᠰᠠᠨ ᠨᠣᠭᠣᠭ᠎ᠠ ᠵᠢ ᠬᠡᠳᠤ ᠬᠠᠯᠠᠭᠤᠨ ᠵᠢᠡᠷ ᠢᠳᠡᠪᠡᠯ ᠠᠮᠠᠨ ᠬᠥᠨᠳᠡᠢ᠂ ᠪᠠᠭᠠᠯᠵᠠᠭᠤᠷ᠂ ᠤᠯᠠᠭᠠᠨ ᠬᠣᠭᠣᠯᠠᠢ᠂ ᠬᠣᠳᠣᠭᠣᠳᠤ᠎ᠶᠢᠨ ᠰᠠᠯᠢᠰᠤᠲᠤ ᠪᠦᠷᠬᠦᠪᠴᠢ᠎ᠶᠢᠨ ᠬᠠᠯᠠᠭᠠᠭᠰᠠᠨ ᠰᠢᠷᠬ᠎ᠠ ᠪᠣᠯᠵᠤ᠂ ᠴᠢᠰᠤ ᠬᠤᠷᠠᠵᠤ ᠰᠢᠷᠬᠠᠯᠠᠭ᠎ᠠ ᠪᠣᠯᠳᠠᠭ᠃ ᠪᠠᠢᠨ ᠳᠠᠬᠢᠨ ᠭᠡᠮᠲᠦᠭᠡᠵᠦ᠂ ᠰᠡᠳᠡᠯᠲᠡ ᠥᠭᠭᠦᠭᠡᠳ ᠪᠠᠢᠪᠠᠯ ᠡᠳᠦᠷ᠎ᠦᠨ ᠤᠳᠠᠭᠠᠨ᠎ᠳᠠᠭᠠᠨ ᠬᠤᠪᠢᠷᠠᠯᠲᠠ ᠭᠠᠷᠴᠤ ᠥᠮᠡᠨ ᠡᠭᠦᠰᠬᠡᠵᠦ ᠮᠡᠳᠡᠨ᠎ᠡ᠃ 

ᠵᠠᠯᠭᠠᠭᠠᠳ 《ᠬᠤᠤᠰ ᠨᠠᠷᠠ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面