ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-04 11:39:51

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

                                             



           ᠨᠡᠢᠭᠡᠮ

✦ᠪᠠᠢᠭᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠮᠠᠨ᠎ᠤ ᠤᠯᠤᠰ ᠲᠥᠬᠥᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ ᠰᠢᠷᠣᠢ᠎ᠶᠢᠨ ᠵᠥᠪ ᠲᠠᠯ᠎ᠠ᠎ᠶᠢᠨ ᠨᠠᠷᠢᠨ ᠲᠠᠩᠰᠠ᠎ᠶᠢ ᠭᠠᠷᠭᠠᠵᠤ᠂ ᠭᠠᠵᠠᠷ ᠰᠣᠩᠭᠣᠬᠤ᠂ ᠬᠡᠪᠴᠢᠶᠡᠵᠢᠭᠦᠯᠬᠦ᠂ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠲᠠᠯ᠎ᠠ᠎ᠪᠠᠷ ᠲᠥᠬᠥᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ ᠰᠢᠷᠣᠢ᠎ᠶᠢᠨ ᠬᠠᠮᠢᠶᠠᠷᠤᠯᠲᠠ᠎ᠶᠢ ᠲᠡᠭᠦᠯᠳᠡᠷᠵᠢᠭᠦᠯᠵᠦ᠂ ᠲᠠᠷᠢᠶᠠᠴᠢᠳ᠎ᠤᠨ ᠬᠤᠷᠢᠶᠠᠯᠳᠠ ᠪᠠ ᠣᠷᠣᠯᠭ᠎ᠠ᠎ᠪᠠᠨ ᠨᠡᠮᠡᠭᠳᠡᠭᠦᠯᠬᠦ᠎ᠶᠢ ᠠᠬᠢᠭᠤᠯᠵᠤ᠂ ᠲᠠᠷᠢᠶᠠᠯᠠᠩ᠎ᠤᠨ ᠣᠳᠣᠬᠢᠴᠢᠯᠠᠯᠲᠠ᠎ᠶᠢᠨ ᠬᠥᠭᠵᠢᠯᠲᠡ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ ᠃

✦11 ᠰᠠᠷ᠎ᠠ ᠎ᠶᠢᠨ 1᠎ᠦ ᠡᠳᠦᠷ ᠎ᠠᠴᠠ ᠡᠬᠢᠯᠡᠨ᠂ ᠲᠡᠮᠦᠷ ᠵᠠᠮ᠎ᠤᠨ ᠰᠠᠯᠠᠭ᠎ᠠ ᠮᠥᠴᠢᠷ 20 ᠡᠳᠦᠷ᠎ᠦᠨ ᠬᠤᠭᠤᠴᠠᠭ᠎ᠠ᠎ᠲᠠᠢ 《11·11》᠎ᠤ ᠰᠦᠯᠵᠢᠶ᠎ᠡ᠎ᠪᠠᠷ ᠪᠠᠷᠠᠭ᠎ᠠ ᠬᠤᠳᠠᠯᠳᠤᠨ ᠠᠪᠬᠤ ᠣᠷᠭᠢᠯ ᠦᠶ᠎ᠡ᠎ᠶᠢᠨ ᠲᠦᠷᠭᠡᠨ ᠬᠦᠷᠭᠡᠯᠳᠡ᠎ᠶᠢᠨ ᠦᠢᠯᠡᠴᠢᠯᠡᠭᠡ᠎ᠶᠢ ᠡᠬᠢᠯᠡᠭᠦᠯᠵᠦ᠂ ᠲᠦᠷᠭᠡᠨ᠎ᠤ ᠲᠡᠮᠦᠷ ᠵᠠᠮ᠎ᠤᠨ ᠲᠦᠷᠭᠡᠨ ᠬᠦᠷᠭᠡᠯᠳᠡ᠎ᠶᠢᠨ ᠴᠢᠳᠠᠮᠵᠢ ᠵᠢᠱ᠌ᠢᠯᠲᠡ ᠪᠠᠷ ᠠᠳᠠᠯᠢ ᠬᠤᠭᠤᠴᠠᠭᠠᠨ᠎ᠤ ᠬᠢ᠎ᠡᠴᠡ 10%᠎ᠪᠡᠷ ᠨᠡᠮᠡᠭᠳᠡᠬᠦ ᠪᠣᠯᠣᠨ᠎ᠠ᠃

✦ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠪᠦᠬᠥ ᠤᠯᠤᠰ᠎ᠤᠨ ᠰᠢᠨ᠎ᠡ ᠵᠢᠯ ᠴᠠᠭᠠᠨ ᠰᠠᠷ᠎ᠠ ᠵᠢᠴᠢ ᠬᠡᠰᠡᠭ ᠪᠠᠶᠠᠷ ᠳᠤᠷᠠᠰᠬᠠᠯ᠎ᠤᠨ ᠡᠳᠦᠷ᠎ᠤᠨ ᠠᠮᠠᠷᠠᠯᠲᠠ ᠲᠠᠯᠪᠢᠬᠤ ᠠᠷᠭ᠎ᠠ》 ᠵᠢ ᠦᠨᠳᠦᠰᠦᠯᠡᠪᠡᠯ᠂ 2025 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠪᠦᠬᠦ ᠠᠷᠠᠳ᠎ᠤᠨ ᠠᠮᠠᠷᠠᠯᠲᠠ᠎ᠶᠢᠨ ᠡᠳᠦᠷ 2 ᠡᠳᠦᠷ ᠨᠡᠮᠡᠭᠳᠡᠵᠡᠢ᠃ ᠡᠭᠦᠨ᠎ᠳᠦ ᠴᠠᠭᠠᠨ ᠰᠠᠷ᠎ᠠ ᠵᠢᠨ ᠠᠮᠠᠷᠠᠯᠳᠠ ᠪᠤᠯᠤᠨ ᠬᠦᠳᠡᠯᠮᠤᠷᠢᠴᠢᠳ᠎ᠤᠨ ᠪᠠᠶᠠᠷ᠎ᠤᠨ ᠡᠳᠤᠷ᠎ᠤᠨ ᠠᠮᠠᠷᠠᠯᠳᠠ᠎ᠳᠤ ᠳᠤᠰᠪᠤᠷᠢ 1 ᠡᠳᠤᠷ ᠨᠡᠮᠡᠭᠳᠡᠪᠡ᠃ ᠤᠳᠤᠬᠠᠨ ᠪᠤᠯᠳᠠᠯ᠎ᠠ ᠬᠠᠤᠯᠢ᠎ᠳᠤ ᠳᠤᠬᠲᠠᠭᠠᠬᠰᠠᠨ ᠠᠮᠠᠷᠠᠯᠳᠠ ᠵᠢᠨ ᠡᠳᠤᠷ᠎ᠤᠨ ᠪᠦᠬᠦ ᠳᠤᠭ᠎ᠠ ᠨᠡᠢᠳᠡ 13 ᠡᠳᠤᠷ ᠪᠤᠯᠵᠠᠢ᠃

✦ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠭᠠᠭᠴᠠᠮᠣᠳᠤ ᠬᠢᠯᠢ᠎ᠶᠢᠨ ᠪᠣᠭᠣᠮᠲᠠ᠎ᠶᠢᠨ ᠭᠠᠳᠠᠭᠠᠳᠤ᠎ᠳᠤ ᠭᠠᠷᠭᠠᠭᠰᠠᠨ ᠴᠠᠬᠢᠯᠭᠠᠨ ᠬᠦᠴᠦᠨ᠎ᠤ ᠬᠡᠮᠵᠢᠶ᠎ᠡ 13.1 ᠳ᠋ᠦᠩᠰᠢᠭᠤᠷ ᠺᠢᠯᠦᠸᠠᠲ ᠴᠠᠭ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 9.3% ᠪᠠᠷ ᠨᠡᠮᠡᠭᠳᠡᠵᠡᠢ᠃

✦11 ᠰᠠᠷ᠎ᠠ᠎ᠶᠢᠨ 2᠎ᠤᠨ ᠡᠳᠦᠷ᠂ 2026 ᠣᠨ᠎ᠤ ᠤᠯᠠᠭᠠᠠᠬᠠᠳᠠ ᠬᠣᠲᠠ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠨᠳᠦᠰᠦᠲᠡᠨ᠎ᠦ ᠬᠡᠯᠡᠨ᠎ᠦ ᠣᠷᠴᠢᠭᠤᠯᠭ᠎ᠠ᠎ᠶᠢᠨ ᠪᠣᠯᠪᠠᠰᠤᠷᠠᠯ᠎ᠤᠨ ᠠᠩᠭᠢ ᠥᠪᠥᠷ ᠮᠣᠩᠭᠣᠯ᠎ᠤᠨ ᠠᠳᠬᠠᠨ᠎ᠤ ᠺᠠᠳ᠋ᠷ᠎ᠤᠨ ᠳᠡᠭᠡᠳᠦ ᠰᠤᠷᠭᠠᠭᠤᠯᠢ᠎ᠳᠤ ᠬᠢᠴᠢᠶᠡᠯ ᠡᠬᠢᠯᠡᠪᠡ᠃ ᠲᠤᠰ ᠤᠳᠠᠭᠠᠨ᠎ᠤ ᠪᠣᠯᠪᠠᠰᠤᠷᠠᠯ᠎ᠦᠨ ᠠᠩᠭᠢ ᠨᠢ 11 ᠰᠠᠷ᠎ᠠ᠎ᠶᠢᠨ 4᠎ᠦ ᠡᠳᠦᠷ ᠪᠣᠯᠲᠠᠯ᠎ᠠ ᠭᠤᠷᠪᠠᠨ ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ ᠪᠤᠯᠤᠨ᠎ᠠ᠃

✦ᠤᠷᠴᠢᠮᠬᠠᠨ ᠭᠣᠣᠯ ᠬᠦᠴᠦᠳᠡᠯ ᠥᠭᠡᠷᠡᠴᠢᠯᠡᠭᠴᠢ ᠳᠥᠷᠪᠡᠨ ᠮᠠᠰᠢᠨ ᠲᠣᠣᠷ᠎ᠲᠤ ᠨᠡᠢᠯᠡᠨ ᠠᠵᠢᠯᠯᠠᠬᠤ᠎ᠶᠢ ᠳᠠᠭᠠᠯᠳᠤᠨ᠂ ᠠᠯᠠᠱᠠ᠎ᠶᠢᠨ ᠴᠠᠬᠢᠯᠭᠠᠨ᠎ᠢ ᠤᠯᠠᠭᠠᠨᠴᠠᠪ᠎ᠲᠤ ᠣᠷᠣᠭᠤᠯᠬᠤ 500 ᠺᠢᠯᠦᠸᠠᠲ᠎ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠰᠢᠭ᠍ᠯᠠᠯᠲᠠ᠎ᠳᠤ ᠣᠷᠣᠪᠠ᠃

✦ᠤᠢᠷ᠎ᠠ᠎ᠳᠤ ᠤᠷᠠᠳ᠎ᠤᠨ ᠳᠤᠮᠳᠠᠳᠤ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠤᠬᠠᠭᠤᠯᠤᠨ ᠳᠠᠢᠴᠢᠯᠠᠬᠤ᠂ ᠰᠦᠪᠡᠭᠴᠢ᠎ᠶᠢ ᠬᠠᠷᠭᠤᠭᠤᠯᠤᠨ ᠪᠠᠢᠴᠠᠭᠠᠬᠤ᠂ ᠴᠣᠬᠢᠯᠲᠠ ᠥᠭᠴᠦ ᠴᠡᠭᠴᠡᠯᠡᠨ ᠵᠠᠰᠠᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠬᠤᠯᠪᠤᠯᠳᠤᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ᠎ᠶᠢ ᠪᠠᠢᠩᠭᠤᠵᠢᠭᠤᠯᠵᠤ᠂ ᠮᠠᠯᠵᠢᠬᠤ ᠣᠷᠣᠨ᠎ᠤ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠎ᠶᠢ ᠰᠠᠬᠢᠨ ᠬᠠᠮᠠᠭᠠᠯᠠᠵᠤ ᠪᠠᠢᠨ᠎ᠠ᠃ 

✦ᠪᠠᠶᠠᠨᠨᠠᠭᠤᠷ ᠬᠣᠲᠠ ᠪᠣᠯ ᠪᠦᠬᠦ ᠤᠯᠤᠰ᠎ᠤᠨ ᠬᠠᠮᠤᠭ᠎ᠤᠨ ᠶᠡᠬᠡ ᠨᠡᠷᠡᠨ ᠬᠤᠸᠠᠷ᠎ᠤᠨ ᠦᠷ᠎ᠡ᠎ᠶᠢᠨ ᠦᠢᠯᠡᠳᠪᠦᠷᠢᠯᠡᠯ᠎ᠤᠨ ᠰᠠᠭᠤᠷᠢᠨ ᠪᠣᠯᠣᠨ᠎ᠠ᠂ ᠡᠨᠡ ᠵᠢᠯ ᠨᠡᠷᠡᠨ ᠬᠤᠸᠠᠷ ᠳᠠᠷᠢᠭ᠍ᠰᠠᠨ ᠲᠠᠯᠠᠪᠠᠢ ᠨᠢ 474 ᠲᠦᠮᠡᠨ ᠮᠦ᠍᠎ᠳᠤ ᠬᠦᠷᠴᠦ᠂ ᠪᠠᠷᠤᠭ ᠪᠦᠬᠦ ᠤᠯᠤᠰ᠎ᠤᠨ ᠶᠡᠷᠦᠩᠬᠡᠢ ᠲᠠᠯᠠᠪᠠᠢ᠎ᠶᠢᠨ 40% ᠵᠢ ᠡᠵᠡᠯᠡᠵᠤ ᠪᠣᠶ᠃

 ᠰᠤᠶᠤᠯ

✦ᠤᠢᠷ᠎ᠠ᠎ᠳᠤ ᠤᠷᠠᠳ᠎ᠤᠨ ᠳᠤᠮᠳᠠᠳᠤ ᠬᠣᠰᠢᠭᠤᠨ᠎ᠤ ᠲᠤᠷᠰᠢᠯᠲᠠ᠎ᠶᠢᠨ ᠰᠤᠷᠭᠠᠭᠤᠯᠢ᠎ᠳᠤ《ᠤᠷᠠᠯᠢᠭ᠋᠎ᠢ ᠰᠤᠳᠤᠯᠬᠤ ᠎ᠪᠠᠷ ᠢᠵᠠᠭᠤᠷ᠎ᠢᠶᠠᠨ ᠬᠠᠢᠵᠤ  ᠰᠠᠷᠠᠭᠤᠯ ᠢᠷᠡᠭᠡᠳᠦᠢ ᠵᠦᠭ ᠲᠡᠮᠡᠦᠯᠦᠶ᠎ᠡ》 ᠭᠡᠭᠦ ᠰᠢᠯᠢᠳᠡᠭ ᠤᠯᠠᠮᠵᠢᠯᠠᠯᠲᠤ ᠰᠣᠶᠣᠯ ᠎ᠦᠨ ᠬᠢᠴᠢᠶᠡᠯ ᠎ᠦᠨ ᠤᠷᠤᠯᠳᠤᠭᠠᠨ ᠶᠠᠪᠤᠭᠳᠠᠪᠠ᠃ 11 ᠪᠠᠭ᠍ᠰᠢ ᠦᠪᠡᠷᠮᠢᠴᠡ ᠠᠭᠤᠯᠭ᠎ᠠ ᠪᠦᠬᠦᠢ ᠬᠢᠴᠢᠶᠡᠯ ᠪᠡᠯᠡᠳᠬᠡᠵᠦ᠂ ᠰᠤᠷᠤᠭ᠍ᠴᠢᠳ᠎ᠲᠤ ᠤᠯᠠᠮᠵᠢᠯᠠᠯᠲᠤ ᠰᠣᠶᠣᠯ᠎ᠢ ᠨᠠᠷᠢᠯᠢᠬᠵᠢᠭᠤᠯᠤᠨ  ᠳᠠᠨᠢᠯᠴᠠᠭᠤᠯᠤᠬᠰᠠᠨ ᠪᠠᠢᠨ᠎ᠠ᠃

 ᠲᠠᠮᠢᠷ

✦ᠰᠠᠶᠢᠬᠠᠨ ᠦᠨᠳᠦᠷᠯᠡᠭᠰᠡᠨ 2026 ᠣᠨ᠎ᠤ ᠳ᠋ᠠᠺᠠᠷ᠎ᠤᠨ ᠵᠠᠯᠠᠭᠤᠴᠤᠳ᠎ᠤᠨ ᠣᠯᠢᠮᠫᠢᠺ᠎ᠤᠨ ᠳᠠᠮᠢᠷ᠎ᠤᠨ ᠴᠤᠭᠯᠠᠭᠠᠨ᠎ᠤ ᠲᠡᠯᠡᠶ᠎ᠶᠢᠨ ᠡᠷᠭᠢ᠎ᠶᠢᠨ ᠤᠷᠤᠯᠳᠤᠭᠠᠨ᠎ᠤ ᠣᠩᠭᠣᠴᠠᠨ᠎ᠤ ᠡᠯᠡᠰᠦᠨ ᠲᠠᠩ᠎ᠤᠨ ᠬᠣᠣᠰ ᠬᠥᠮᠥᠨ᠎ᠦ ᠬᠣᠣᠰ ᠰᠡᠯᠢᠭᠦᠷ᠎ᠦᠨ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠳᠠᠮᠢᠷᠴᠢᠨ ᠰᠸ᠋ ᠵᠢᠶᠦ᠋ᠨ ᠲᠤᠤ / ᠯᠢᠦ ᠯᠢ ᠯᠢ ᠠᠯᠲᠠᠨ ᠮᠧᠳᠠᠯ ᠤᠯᠵᠤ᠂ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠣᠰ ᠬᠤᠭᠤᠴᠠᠭᠠᠨ᠎ᠤ ᠵᠠᠯᠠᠭᠤᠴᠤᠳ᠎ᠤᠨ ᠣᠯᠢᠮᠫᠢᠺ᠎ᠤᠨ ᠳᠠᠮᠢᠷ᠎ᠤᠨ ᠴᠤᠭᠯᠠᠭᠠᠨ᠎ᠳ᠋ᠡᠬᠢ ᠠᠩᠬᠠᠳᠠᠭ᠍ᠴᠢ ᠠᠯᠲᠠᠨ ᠮᠧᠳᠠᠯ᠎ᠢ ᠭᠦᠷᠳᠡᠭᠰᠡᠨ ᠪᠠᠢᠨ᠎ᠠ᠃

✦ᠠᠩᠬᠠᠳᠤᠭᠠᠷ ᠬᠤᠭᠤᠴᠠᠭᠠᠨ᠎ᠤ CMG ᠳᠡᠯᠡᠬᠡᠢ᠎ᠶᠢᠨ ᠮᠠᠰᠢᠨ ᠬᠥᠮᠥᠨ᠎ᠤ ᠲᠠᠢᠱᠠᠨ ᠠᠭᠤᠯᠠ᠎ᠶᠢ ᠠᠪᠠᠷᠢᠬᠤ ᠤᠷᠤᠯᠳᠤᠭᠠᠨ 11 ᠰᠠᠷ᠎ᠠ ᠎ᠶᠢᠨ 2᠎ᠤᠨ ᠡᠳᠦᠷ ᠡᠬᠢᠯᠡᠪᠡ᠂ ᠲᠤᠰ ᠤᠳᠠᠭᠠᠨ᠎ᠤ ᠤᠷᠤᠯᠳᠤᠭᠠᠨ᠎ᠳᠤ ᠠᠭᠤᠯᠠᠨ ᠭᠠᠵᠠᠷ᠎ᠤᠨ ᠪᠤᠳᠤᠯᠢᠶᠠᠨᠲᠠᠢ ᠵᠠᠮ ᠎ᠤᠨ ᠪᠠᠢᠳᠠᠯ ᠎ᠳᠤ ᠬᠠᠨᠳᠤᠭᠤᠯᠤᠨ ᠬᠤᠷᠳᠤᠴᠠ᠎ᠶᠢᠨ ᠤᠷᠤᠯᠳᠤᠭᠠᠨ ᠪᠠ ᠲᠤᠰᠬᠠᠢ ᠲᠥᠷᠥᠯ᠎ᠦᠨ ᠤᠷᠤᠯᠳᠤᠭᠠᠨ ᠲᠣᠬᠢᠷᠠᠭᠤᠯᠤᠬᠰᠠᠨ ᠪᠠᠢᠨ᠎ᠠ᠃

ᠲᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠭᠠᠳᠠᠭᠠᠳᠤ ᠶᠠᠪᠤᠳᠠᠯ᠎ᠤᠨ ᠶᠠᠮᠤᠨ ᠎ᠤ ᠥᠭᠦᠯᠡᠭᠴᠢ 2 ᠎ᠤᠨ ᠡᠳᠦᠷ ᠢᠯᠡᠷᠬᠡᠢᠯᠡᠬᠦ᠎ᠳᠡᠭᠡᠨ᠂ ᠠᠮᠧᠷᠢᠺᠠ ᠬᠡᠷᠪᠡ ᠢᠷᠠᠨ᠎ᠤ ᠬᠦᠰᠡᠯ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠶᠢ ᠵᠥᠪᠰᠢᠶᠡᠷᠡᠪᠡᠯ᠂ ᠬᠣᠯᠪᠣᠭᠳᠠᠯ ᠪᠦᠬᠦᠢ ᠲᠥᠰᠥᠯ᠎ᠢ ᠬᠠᠮᠤᠭ᠎ᠤᠨ ᠬᠤᠷᠳᠤᠨ᠎ᠳᠠᠭᠠᠨ ᠬᠣᠶᠠᠷ ᠡᠳᠦᠷ᠎ᠦᠨ ᠳᠣᠲᠣᠷ᠎ᠠ ᠡᠬᠢᠯᠡᠭᠦᠯᠵᠦ ᠪᠤᠯᠬᠤ ᠪᠦᠭᠡᠳ ᠬᠤᠷᠮᠤᠽ ᠬᠣᠭᠣᠯᠠᠢ᠎ᠶᠢᠨ ᠠᠮᠤᠷ ᠲᠦᠪᠰᠢᠨ ᠪᠠᠢᠳᠠᠯ᠎ᠴᠦ ᠰᠡᠷᠭᠦᠵᠦ᠂ ᠢᠷᠠᠨ ᠠᠮᠧᠷᠢᠺᠠ᠎ᠶᠢᠨ ᠬᠡᠯᠡᠯᠴᠡᠭᠡ ᠴᠦ᠍ ᠳᠠᠭᠠᠯᠳᠤᠨ ᠡᠬᠢᠯᠡᠬᠦ ᠪᠣᠯᠣᠨ᠎ᠠ ᠭᠡᠪᠡ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠭᠸᠷᠮᠠᠨ᠎ᠤ ᠰᠣᠨᠢᠨ ᠮᠡᠳᠡᠭᠡᠨ᠎ᠦ ᠬᠣᠷᠢᠶ᠎ᠠ 2᠎ᠤᠨ ᠡᠳᠦᠷ ᠮᠡᠳᠡᠭᠡᠯᠡᠭᠰᠡᠨ ᠵᠢᠡᠷ᠂ ᠠᠨᠭ᠌ᠭ᠌ᠯᠢ ᠪᠣᠯᠣᠨ ᠭᠸᠷᠮᠠᠨ ᠴᠡᠷᠢᠭ᠎ᠦᠨ ᠶᠠᠪᠤᠳᠠᠯ᠎ᠤᠨ ᠬᠠᠮᠲᠤᠷᠠᠯᠴᠠᠭ᠎ᠠ᠎ᠶᠢ ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠳᠦ ᠬᠦᠷᠲᠡᠯ᠎ᠡ ᠥᠷᠭᠡᠳᠬᠡᠵᠦ᠂ ᠬᠣᠯᠪᠣᠭᠳᠠᠯ ᠪᠦᠬᠦᠢ ᠮᠡᠷᠭᠡᠵᠢᠯ᠎ᠦᠨ ᠰᠢᠯᠭᠠᠯᠲᠠ᠂ ᠰᠤᠳᠤᠯᠭᠠᠨ᠎ᠢ ᠬᠠᠮᠲᠤᠷᠠᠨ ᠥᠷᠨᠢᠭᠦᠯᠵᠦ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢ ᠴᠡᠷᠢᠭ ᠠᠩᠭᠢ᠎ᠳᠤ ᠬᠡᠷᠡᠭᠯᠡᠬᠦ᠎ᠶᠢ ᠠᠯᠬᠤᠮ ᠠᠯᠬᠤᠮ᠎ᠢᠶᠠᠷ ᠠᠬᠢᠭᠤᠯᠬᠤ᠎ᠪᠠᠷ ᠲᠥᠯᠥᠪᠯᠡᠵᠦ ᠪᠤᠢ ᠭᠡᠪᠡ᠃

 ᠦᠢᠯᠡᠴᠢᠯᠡᠭᠡ 

✦ᠦᠪᠤᠷ ᠮᠤᠩᠭᠤᠯ᠎ᠤᠨ ᠴᠠᠬᠢᠯᠭᠠᠨ ᠬᠦᠴᠦᠨ(ᠪᠦᠯᠦᠭᠯᠡᠯ)᠎ᠤ ᠬᠢᠵᠠᠭᠠᠷᠳᠤ ᠺᠤᠮᠫᠠᠨᠢ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ ᠵᠢ 《ᠤᠤᠯ ᠵᠤᠬᠢᠶᠠᠯ᠎ᠢ ᠦᠵᠡᠬᠦ》 (阅读原文) ᠦᠰᠦᠭ ᠎ᠢ  ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠤᠨᠳᠠᠬᠤ ᠡᠴᠡ ᠪᠡᠨ ᠡᠮᠦᠨ᠎ᠡ ᠦᠯᠦᠰᠪᠡᠯ ᠶᠠᠭᠤᠮ᠎ᠠ ᠢᠳᠡᠵᠤ ᠪᠤᠯᠤᠨ᠎ᠠ᠎ᠤᠤ?

ᠬᠡᠷᠪᠡ ᠣᠷᠣᠢ᠎ᠶᠢᠨ ᠬᠣᠭᠣᠯᠠ᠎ᠪᠠᠨ ᠴᠠᠳᠲᠠᠯ᠎ᠠ ᠢᠳᠡᠭᠰᠡᠨ ᠦᠭᠡᠢ ᠪᠦᠭᠡᠳ ᠬᠡᠲᠦᠷᠬᠡᠢ ᠣᠷᠣᠢ ᠤᠨᠳᠠᠬᠰᠠᠨ ᠪᠣᠯ ᠤᠨᠲᠠᠬᠤ᠎ᠠᠴᠠ ᠪᠡᠨ ᠡᠮᠦᠨ᠎ᠡ ᠥᠯᠥᠰᠬᠦ ᠨᠢ ᠬᠡᠪ᠎ᠦᠨ ᠹᠢᠽᠢᠣᠯᠣᠭᠢ᠎ᠶᠢᠨ ᠲᠤᠰᠬᠠᠯ ᠪᠣᠯᠣᠨ᠎ᠠ᠃ ᠬᠠᠶᠠ ᠵᠠᠷᠢᠮ᠎ᠳᠠᠭᠠᠨ ᠤᠨᠲᠠᠬᠤ᠎ᠠᠴᠠ᠎ᠪᠠᠨ ᠡᠮᠦᠨ᠎ᠡ ᠪᠠᠭ᠎ᠠ ᠰᠠᠭ᠎ᠠ ᠢᠳᠡᠬᠦ ᠨᠢ ᠮᠠᠷᠢᠶᠠᠯᠠᠬᠤ ᠦᠭᠡᠢ ᠪᠠᠢᠳᠠᠭ᠃ ᠳᠠᠷᠤᠢ ᠤᠨᠲᠠᠬᠤ᠎ᠠᠴᠠ ᠪᠡᠨ 1 — 2 ᠴᠠᠭ᠎ᠤᠨ ᠡᠮᠦᠨ᠎ᠡ ᠵᠢᠮᠢᠰ᠂ ᠪᠦᠳᠦᠭᠦᠯᠢᠭ ᠠᠮᠤ᠂ ᠴᠠᠭᠠᠨ ᠢᠳᠡᠭᠡ ᠪᠠᠭ᠎ᠠ ᠢᠳᠡᠵᠦ ᠪᠣᠯᠣᠨ᠎ᠠ᠂ ᠲᠣᠰᠣ᠌ ᠶᠡᠬᠡᠳᠠᠢ᠂ ᠭᠤᠱᠤᠭᠤᠨ ᠠᠮᠲᠠᠲᠠᠢ᠂ ᠰᠢᠬᠢᠷ ᠶᠡᠬᠡᠲᠡᠢ ᠢᠳᠡᠭᠡᠨ᠎ᠢ ᠠᠯᠢ ᠴᠢᠳᠠᠬᠤ᠎ᠪᠠᠷ ᠢᠳᠡᠬᠦ ᠦᠭᠡᠢ ᠪᠣᠯ ᠵᠣᠬᠢᠨ᠎ᠠ᠃

ᠵᠠᠯᠭᠠᠭᠠᠳ 《ᠨᠠᠨᠳᠢᠨ ᠬᠠᠢᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面