ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-05 11:34:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

           

          


            

            ᠨᠡᠢᠭᠡᠮ           

✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠤᠯᠤᠰ᠎ᠤᠨ ᠮᠡᠳᠡᠯᠭᠡ ᠶ᠋ᠢᠨ ᠥᠮᠴᠢᠯᠡᠯ᠎ᠤᠨ ᠡᠷᠬᠡ᠎ᠶᠢᠨ ᠲᠣᠪᠴᠢᠶ᠎ᠠ ᠣᠢᠷ᠎ᠠ᠎ᠳᠤ ᠬᠠᠮᠲᠤᠷᠠᠨ ᠲᠠᠷᠢᠶᠠᠯᠠᠩ ᠤ᠋ᠨ ᠲᠥᠷᠥᠯ ᠲᠡᠮᠳᠡᠭ᠎ᠢ ᠬᠠᠮᠠᠭᠠᠯᠠᠬᠤ ᠲᠤᠰᠬᠠᠢ ᠠᠵᠢᠯᠯᠠᠭ᠎ᠠ᠎ᠶᠢᠨ ᠬᠤᠷᠠᠯ ᠬᠤᠷᠠᠯᠳᠤᠭᠤᠯᠵᠤ᠂ ᠲᠠᠷᠢᠶᠠᠯᠠᠩ᠎ᠤᠨ ᠲᠥᠷᠥᠯ ᠲᠡᠮᠳᠡᠭ᠎ᠢ ᠪᠣᠢᠵᠢᠭᠤᠯᠬᠤ᠂ ᠬᠠᠮᠢᠶᠠᠷᠬᠤ ᠪᠠ ᠬᠠᠮᠠᠭᠠᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠪᠠ᠃

✦3᠎ᠤ ᠡᠳᠦᠷ᠎ᠶᠠᠪᠤᠭᠳᠠᠭᠰᠠᠨ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠶ᠋ᠢᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ ᠵᠢᠡᠷ᠂ 2026 ᠣᠨ᠎ᠤ 9 ᠰᠠᠷ᠎ᠠ᠎ᠳᠤ᠂ ᠳᠡᠯᠡᠬᠡᠢ᠎ᠶᠢᠨ ᠪᠦᠰᠡᠯᠡᠭᠦᠷ᠎ᠦᠨ ᠳᠤᠮᠳᠠᠳᠤ ᠳᠣᠷᠣᠨᠠᠲᠤ ᠨᠣᠮᠣᠬᠠᠨ ᠲᠡᠯᠡᠶ ᠵᠢᠨ ᠤᠷᠤᠨ᠎ᠳᠦ ᠨᠢᠭᠡ ᠤᠳᠠᠭᠠᠨ᠎ᠤ ᠬᠡᠲᠦ ᠬᠦᠴᠦᠷᠬᠡᠭ ᠡᠸᠯᠨᠢᠨᠤ᠋ ᠵᠢᠨ ᠦᠵᠡᠭᠳᠡᠯ ᠡᠭᠦᠰᠴᠦ᠂ 10 ᠰᠠᠷ᠎ᠠ᠎ᠳᠤ ᠨᠢᠭᠡᠨᠲᠡ ᠬᠢᠨᠠᠨ ᠬᠡᠮᠵᠢᠭᠰᠡᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠬᠦᠴᠦᠷᠬᠡᠭ ᠡᠸᠯᠨᠢᠨᠤ᠋ ᠵᠢᠨ ᠦᠵᠡᠭᠳᠡᠯ ᠪᠣᠯᠣᠨ ᠪᠦᠷᠢᠯᠳᠦᠵᠦ᠂ ᠵᠢᠱ᠌ᠢᠯᠲᠡ᠎ᠪᠡᠷ ᠨᠠᠮᠤᠷ᠎ᠤᠨ ᠰᠡᠭᠦᠯᠴᠢ ᠡᠪᠦᠯ᠎ᠦᠨ ᠡᠬᠢ᠎ᠪᠡᠷ ᠣᠷᠭᠢᠯ ᠬᠡᠮᠵᠢᠭᠳᠡᠯ᠎ᠳᠦ ᠬᠦᠷᠴᠦ᠂ ᠮᠠᠨ᠎ᠤ ᠤᠯᠤᠰ ᠤ᠋ᠨ ᠡᠨᠡ ᠡᠪᠦᠯ ᠢᠷᠡᠬᠦ ᠬᠠᠪᠤᠷ᠎ᠤᠨ ᠠᠭᠤᠷ ᠠᠮᠢᠰᠬᠤᠯ᠎ᠳᠤ ᠢᠯᠡᠷᠬᠡᠢ ᠨᠥᠯᠥᠭᠡ ᠦᠵᠡᠭᠦᠯᠬᠦ ᠪᠣᠯᠣᠨ᠎ᠠ᠃

✦3 ᠤ᠋ ᠡᠳᠦᠷ᠂ ᠪᠥᠬᠥ ᠤᠯᠤᠰ᠎ᠤᠨ ᠰᠠᠨᠠᠭ᠎ᠠ ᠠᠮᠤᠷ ᠬᠡᠷᠡᠭᠯᠡᠭᠡᠨ᠎ᠦ ᠲᠠᠪᠴᠠᠩ ᠠᠰᠢᠬᠯᠠᠯᠳᠠ ᠳ᠋ᠤ ᠤᠷᠤᠪᠠ᠃ ᠬᠡᠷᠡᠭᠯᠡᠭᠴᠢᠳ 《ᠬᠡᠷᠡᠭᠯᠡᠭᠡᠨ᠎ᠦ ᠪᠠᠢᠴᠠᠭᠠᠯᠲᠠ》 ᠵᠢᠷᠬᠢᠶ᠎ᠠ ᠵᠢᠨ ᠵᠢᠵᠢᠭ ᠫᠷᠣᠭ᠌ᠷᠠᠮ ᠪᠤᠶᠤ ᠪᠤᠳᠠᠳᠤ ᠴᠤᠭᠴᠠ ᠵᠢᠨ ᠺᠣᠳ᠋ ᠰᠢᠷᠪᠢᠬᠦ᠎ᠪᠡᠷ ᠳᠠᠮᠵᠢᠭᠤᠯᠤᠨ ᠲᠤᠰ ᠳᠠᠪᠴᠠᠡᠭ᠎ᠢ ᠠᠰᠢᠬᠯᠠᠵᠤ ᠪᠣᠯᠣᠨ᠎ᠠ᠃

✦ᠣᠲᠣᠬᠠᠨ ᠪᠣᠯᠲᠠᠯ᠎ᠠ ᠮᠠᠨ᠎ᠤ ᠤᠯᠤᠰ᠎ᠤᠨ ᠮᠠᠯᠤᠷ ᠥᠲᠡᠭᠡ᠎ᠶᠢᠨ ᠬᠦᠮᠦᠨ ᠤ᠋ ᠬᠦᠴᠦ ᠪᠡᠷ ᠲᠡᠵᠢᠭᠡᠭᠰᠡᠨ ᠳᠦᠷᠰᠦ᠎ᠶᠢᠨ ᠰᠦᠷᠦᠭ 830 ᠬᠦᠷᠴᠦ᠂ ᠳᠦᠷᠰᠦ᠎ᠶᠢᠨ ᠰᠦᠷᠦᠭ ᠦ᠋ᠨ ᠤᠳᠤᠮᠰᠢᠯ᠎ᠤᠨ ᠣᠯᠠᠨ ᠶᠠᠩᠵᠤᠲᠤ ᠴᠢᠨᠠᠷ ᠦᠷᠭᠦᠯᠵᠢᠯᠡᠨ  ᠰᠠᠢᠵᠢᠷᠠᠪᠠ᠃

✦ ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠡᠴᠡ ᠰᠢᠨ᠎ᠡ ᠪᠡᠷ ᠵᠠᠰᠠᠪᠤᠷᠢ ᠣᠷᠣᠭᠤᠯᠤᠭᠰᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠡᠮ᠎ᠦᠨ ᠵᠦᠢᠯᠡᠰ ᠦ᠋ᠨ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠲᠤᠬᠠᠢ ᠪᠣᠯᠵᠣᠨ ᠶᠠᠷᠢᠯᠴᠠᠬᠤ ᠠᠷᠭ᠎ᠠ》 ᠶ᠋ᠢ ᠳᠠᠷᠤᠮᠠᠯᠯᠠᠨ ᠲᠠᠷᠬᠠᠭᠠᠪᠠ᠃

✦ᠣᠢᠷ᠎ᠠ᠎ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ 2026 ᠣᠨ᠎ᠤ (ᠲᠠᠪᠤᠳᠤᠭᠠᠷ ᠪᠦᠯᠦᠭ)ᠳᠤᠮᠳᠠ ᠵᠢᠵᠢᠭ ᠠᠵᠤ ᠠᠬᠤᠢᠯᠠᠯ ᠤ᠋ᠨ ᠣᠨᠴᠠᠯᠢᠭ᠍ᠲᠤ ᠠᠵᠤ ᠦᠢᠯᠡᠰ᠎ᠦᠨ ᠪᠦᠯᠦᠭᠵᠢᠯ᠎ᠦᠨ ᠨᠡᠷᠡᠰ᠎ᠢ ᠵᠠᠷᠯᠠᠨ ᠨᠡᠢᠲᠡᠯᠡᠵᠦ᠂ ᠬᠣᠥᠯᠢᠨᠭᠭᠣᠣᠯ ᠬᠣᠲᠠ᠎ᠶᠢᠨ ᠬᠥᠩᠭᠡᠨᠴᠠᠭᠠᠨ᠎ᠤ ᠬᠠᠢᠯᠤᠰᠢ᠎ᠶᠢᠨ ᠮᠠᠲᠧᠷᠢᠶᠠᠯ᠎ᠤᠨ ᠠᠵᠤ ᠦᠢᠯᠡᠰ᠎ᠦᠨ ᠪᠦᠯᠦᠭᠵᠢᠯ ᠵᠢᠭ᠍ᠰᠠᠭᠠᠯᠲᠠ ᠳ᠋ᠤ ᠰᠤᠨᠭᠭᠤᠭᠳᠠᠪᠠ᠃ ᠢᠩᠭᠢᠭᠡᠳ ᠥᠪᠥᠷ ᠮᠣᠩᠭᠣᠯ᠎ᠤᠨ ᠤᠯᠤᠰ᠎ᠤᠨ ᠲᠠᠰ ᠤ᠋ᠨ ᠳᠤᠮᠳᠠ ᠵᠢᠵᠢᠭ ᠠᠵᠤ ᠠᠬᠤᠢᠯᠠᠯ᠎ᠤᠨ ᠣᠨᠴᠠᠯᠢᠭ᠍ᠲᠤ ᠠᠵᠤ ᠦᠢᠯᠡᠰ ᠦ᠋ᠨ ᠪᠦᠯᠦᠭᠵᠢᠯ 4 ᠪᠣᠯᠵᠤ ᠨᠡᠮᠡᠭᠳᠡᠪᠡ᠃

✦2᠎ᠤᠨ ᠡᠳᠦᠷ᠂ 《ᠪᠦᠬᠦ ᠪᠥᠮᠪᠥᠷᠴᠡᠭ᠎ᠦᠨ ᠭᠤᠷᠪᠠᠨ ᠶᠡᠬᠡ ᠡᠭᠦᠳᠦᠯᠲᠡ ᠶ᠋ᠢᠨ ᠦᠵᠡᠰᠬᠦᠯᠡᠩ》 ᠤ᠋ᠨ ᠨᠢᠭᠡ ᠬᠡᠮᠡᠭᠳᠡᠭᠰᠡᠨ 78 ᠳ᠋ᠤᠭᠠᠷ ᠬᠤᠭᠤᠴᠠᠭᠠᠨ᠎ᠤ ᠭᠸᠷᠮᠠᠨ᠎ᠤ ᠨᠢᠦ᠋ᠷᠥᠨ᠋ᠪᠦ᠋ᠷᠢᠭ ᠤᠯᠠᠨ ᠤᠯᠤᠰ᠎ᠤᠨ ᠡᠭᠦᠳᠦᠯᠲᠡ᠎ᠶᠢᠨ ᠦᠵᠡᠰᠬᠦᠯᠡᠩ ᠥᠨᠳᠥᠷᠯᠡᠵᠦ᠂ ᠬᠥᠯᠥᠨ ᠪᠣᠶ᠋ᠢᠷ᠎ᠤᠨ ᠶᠠᠭ᠍ᠰᠢ ᠬᠣᠲᠠ᠎ᠶᠢᠨ ᠳᠣᠯᠣᠳᠤᠭᠠᠷ ᠳᠤᠮᠳᠠᠳᠤ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠦᠯᠬᠦᠮ᠎ᠦᠨ ᠭᠤᠷᠪᠠᠨ ᠪᠦᠲᠦᠭᠡᠯ ᠤᠷᠤᠯᠳᠤᠭᠠᠨ᠎ᠳᠤ ᠣᠷᠣᠯᠴᠠᠵᠤ᠂ ᠬᠣᠶᠠᠷ ᠠᠯᠲᠠᠨ   ᠮᠸᠳᠠᠯ᠂ ᠨᠢᠭᠡ ᠮᠥᠩᠭᠥᠨ ᠮᠸᠳᠠᠯ ᠭᠥᠷᠳᠡᠪᠡ᠃

✦ᠡᠨᠡ ᠵᠢᠯ ᠲᠦᠩᠯᠢᠶᠣᠣ ᠬᠣᠲᠠ ᠲᠡᠷᠢᠭᠦᠨ᠎ᠦ ᠦᠢᠯᠡᠳᠬᠦ ᠦᠢᠯᠡᠰ᠂ ᠣᠲᠣ᠌ ᠦᠶ᠎ᠡ᠎ᠶᠢᠨ ᠦᠢᠯᠡᠴᠢᠯᠡᠭᠡ᠂ ᠰᠢᠨ᠎ᠡ ᠠᠵᠢᠯ ᠮᠡᠷᠭᠡᠵᠢᠯ ᠵᠡᠷᠭᠡ ᠬᠠᠯᠠᠮᠰᠢᠯ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠥᠷᠥᠯᠵᠢᠬᠦᠯᠦᠭᠰᠡᠨ ᠪᠣᠯᠪᠠᠰᠤᠷᠠᠯ᠎ᠢ ᠨᠡᠶ᠋ᠢᠲᠡ 3444 ᠬᠥᠮᠥᠨ ᠤᠳᠠᠭ᠎ᠠ ᠥᠷᠨᠢᠭᠦᠯᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠲᠦᠩᠯᠢᠶᠣᠣ ᠬᠣᠲᠠ ᠬᠣᠲᠠ ᠪᠠᠯᠭᠠᠰᠤᠨ᠎ᠤ᠋ 1.39 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ᠃

✦ᠣᠢᠷ᠎ᠠ᠎ᠳᠤ ᠤᠷᠳᠤᠰ ᠬᠤᠳᠠ ᠵᠢᠨ ᠳ᠋ᠦᠩᠱᠧᠩ ᠲᠣᠭᠣᠷᠢᠭ᠋᠎ᠤᠨ 19 ᠬᠡᠷᠡᠯᠴᠢ ᠴᠡᠨᠡᠭ᠎ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ᠎ᠦ ᠴᠠᠬᠢᠯᠭᠠᠨ ᠴᠡᠨᠡᠭᠯᠡᠬᠦ ᠰᠠᠷᠠᠪᠴᠢ᠎ᠶᠢᠨ ᠪᠦᠲᠦᠭᠡᠨ ᠪᠠᠢᠭᠤᠯᠤᠯᠲᠠ ᠡᠬᠢᠯᠡᠵᠦ᠂ ᠲᠥᠷᠥᠯ ᠵᠦᠢᠯ ᠪᠠᠢᠭᠤᠯᠤᠭᠳᠠᠭᠰᠠᠨ᠎ᠤ ᠳᠠᠷᠠᠭ᠎ᠠ 1.7 ᠲᠦᠮᠡ ᠭᠠᠷᠤᠢ ᠡᠷᠦᠬᠡ᠂ 4.5 ᠲᠦᠮᠡᠨ ᠰᠠᠭᠤᠭᠠᠯᠢ ᠠᠷᠠᠳ᠎ᠲᠤ ᠠᠰᠢᠭ᠋ ᠬᠦᠷᠲᠡᠭᠡᠵᠦ᠂ ᠰᠠᠭᠤᠭᠠᠯᠢ ᠠᠷᠠᠳ᠎ᠤᠨ ᠴᠠᠬᠢᠯᠭᠠᠨ ᠴᠡᠨᠡᠭᠯᠡᠬᠦ᠎ᠳᠦ ᠬᠦᠴᠢᠷᠳᠡᠯᠲᠡᠢ ᠪᠠᠢᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ ᠪᠤᠯᠤᠨ᠎ᠠ ᠃

  ᠠᠵᠦ ᠠᠬᠤᠢ 

✦3᠎ᠤ ᠡᠳᠦᠷ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ《ᠰᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠬᠥᠭᠵᠢᠯᠲᠡ᠎ᠶᠢᠨ ᠮᠡᠳᠡᠭᠦᠯᠦᠯᠲᠡ (2026)》 ᠵᠢ ᠨᠡᠢᠲᠡᠯᠡᠪᠡ᠃ ᠮᠡᠳᠡᠭᠦᠯᠦᠯᠲᠡ᠎ᠡᠴᠡ ᠦᠵᠡᠪᠡᠯ᠂ 2025 ᠣᠨ᠎ᠳᠤ ᠬᠥᠳᠡᠭᠡ ᠲᠣᠰᠬᠣᠨ᠎ᠤ ᠬᠡᠷᠡᠭᠯᠡᠭᠡᠨ᠎ᠦ ᠵᠦᠢᠯᠡᠰ᠎ᠦᠨ ᠵᠢᠵᠢᠭᠯᠡᠨ ᠬᠤᠳᠠᠯᠳᠤᠭᠰᠠᠨ ᠬᠡᠮᠵᠢᠶ᠎ᠡ 6.8 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.1% ᠪᠡᠷ ᠨᠡᠮᠡᠭᠳᠡᠵᠡᠢ᠃

 ᠰᠤᠶᠤᠯ

✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠠ᠋ᠴᠠ ᠣᠢᠯᠠᠭᠠᠭᠰᠠᠨ ᠵᠢᠡᠷ᠂ ᠣᠢᠷ᠎ᠠ᠎ᠳᠤ ᠮᠠᠨ᠎ᠤ ᠤᠯᠤᠰ ᠨᠠᠢ᠍ᠮᠠᠳᠤᠭᠠᠷ ᠪᠦᠯᠦᠭ᠎ᠦᠨ 88 ᠵᠦᠢᠯ᠎ᠦᠨ ᠤᠯᠠᠮᠵᠢᠯᠠᠯᠲᠤ ᠲᠠᠷᠢᠶᠠᠯᠠᠩ᠎ᠤᠨ ᠰᠢᠰᠲᠧᠮ ᠢ᠋ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ ᠵᠢᠡᠷ ᠮᠠᠭᠠᠳᠯᠠᠨ ᠲᠣᠭᠲᠠᠭᠠᠵᠤ᠂ ᠳᠤᠮᠳᠠᠳᠤ ᠤᠯᠤᠰ᠎ᠤᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ 276 ᠪᠣᠯᠵᠤ ᠨᠡᠮᠡᠭᠳᠡᠵᠡᠢ᠃ ᠣᠲᠣᠬᠠᠨ ᠪᠣᠯᠲᠠᠯ᠎ᠠ 276 ᠵᠦᠢᠯ᠎ᠦᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ᠎ᠦᠨ ᠳᠣᠲᠣᠷ᠎ᠠ 25 ᠵᠦᠢᠯ᠎ᠢ ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠡᠴᠠ ᠪᠥᠬᠥ ᠳᠡᠯᠡᠬᠡᠢ᠎ᠶᠢᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ᠎ᠢᠶᠡᠷ ᠮᠠᠭᠠᠳᠯᠠᠨ ᠲᠣᠭᠲᠠᠭᠠᠵᠤ᠂ ᠲᠣᠭ᠎ᠠ ᠬᠡᠮᠵᠢᠶ᠎ᠡ ᠨᠢ ᠳᠡᠯᠡᠬᠡᠢ᠎ᠶᠢᠨ ᠲᠡᠷᠢᠭᠦᠨ᠎ᠳᠦ ᠣᠷᠣᠪᠠ᠃

 ᠲᠠᠮᠢᠷ 

✦ᠳᠡᠯᠡᠬᠡᠢ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠵᠥᠪᠯᠡᠯ ᠲᠤᠬᠠᠢ ᠶ᠋ᠢᠨ ᠭᠠᠵᠠᠷ᠎ᠤᠨ ᠴᠠᠭ᠎ᠢᠶᠠᠷ 2᠎ᠤᠨ ᠡᠳᠦᠷ ᠢᠡᠯᠷᠬᠡᠢᠯᠡᠭᠰᠡᠨ ᠵᠢᠡᠷ᠂ 2036 ᠣᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ᠎ᠪᠡᠷ ᠭᠤᠶᠤᠴᠢᠯᠠᠬᠤ ᠰᠠᠨᠠᠮᠵᠢ᠎ᠶᠢᠨ ᠨᠡᠷᠡᠰ᠎ᠢ ᠲᠣᠭᠲᠠᠭᠠᠵᠤ᠂ ᠭᠸᠷᠮᠠᠨ᠂ ᠬᠠᠩᠭᠠᠷᠢ᠂ ᠡᠨᠡᠳᠬᠡᠭ᠂ ᠺᠠᠲ᠋ᠠᠷ᠂ ᠺᠣᠷᠢᠶᠠ᠂ ᠡᠮᠦᠨᠡᠲᠦ ᠠᠹᠷᠢᠺᠠ ᠪᠣᠯᠣᠨ ᠲᠦᠷᠺ ᠵᠡᠷᠭᠡ ᠳᠤᠯᠤᠭᠠᠨ ᠤᠯᠤᠰ ᠵᠢᠭᠰᠠᠭᠠᠭᠳᠠᠵᠠᠢ᠃

✦3᠎ᠤ ᠡᠳᠦᠷ᠂ ᠠᠽᠢᠶ᠎ᠠ ᠲᠢᠪ᠎ᠦᠨ ᠬᠥᠯ ᠪᠥᠮᠪᠥᠭᠡ᠎ᠶᠢᠨ ᠬᠣᠯᠪᠣᠭ᠎ᠠ ᠵᠢᠨ ᠮᠡᠳᠡᠭᠡᠯᠡᠭᠰᠡᠨ ᠵᠢᠡᠷ᠂ ᠠᠮᠤᠷ ᠲᠦᠪᠰᠢᠨ᠎ᠦ ᠪᠠᠢᠳᠠᠯ᠎ᠢ ᠦᠨᠳᠦᠰᠦᠯᠡᠨ ᠰᠠᠦᠢ᠍ᠳ᠋ ᠠᠷᠠᠪ᠎ᠤᠨ 2027 ᠣᠨ᠎ᠤ ᠠᠽᠢᠶ᠎ᠠ ᠲᠢᠪ ᠬᠤᠨᠳᠠᠭᠠᠲᠤ ᠬᠥᠯ ᠪᠥᠮᠪᠥᠭᠡ ᠶ᠋ᠢᠨ ᠤᠷᠤᠯᠳᠤᠭᠠᠨ᠎ᠢ 2027 ᠣᠨ᠎ᠤ 12 ᠰᠠᠷ᠎ᠠ᠎ᠶᠢᠨ 23᠎ᠤ ᠡᠳᠦᠷ᠎ᠡᠴᠡ 2028 ᠣᠨ᠎ᠤ 1 ᠰᠠᠷ᠎ᠠ᠎ᠶᠢᠨ 21᠎ᠦ ᠡᠳᠦᠷ ᠪᠤᠯᠭᠠᠵᠤ ᠬᠣᠢᠰᠢᠯᠠᠭᠤᠯᠤᠨ᠎ᠠ᠃ ᠲᠣᠰ ᠬᠤᠭᠤᠴᠠᠭᠠᠨ᠎ᠤ ᠤᠷᠤᠯᠳᠤᠭᠠᠨ᠎ᠢ ᠤᠤᠯ ᠨᠢ 2027 ᠣᠨ᠎ᠤ 1 ᠰᠠᠷ᠎ᠠ᠎ᠶᠢᠨ 7᠎ᠤ ᠡᠳᠦᠷ᠎ᠡᠴᠡ 2 ᠰᠠᠷ᠎ᠠ᠎ᠶᠢᠨ 5᠎ᠤ ᠡᠳᠦᠷ ᠪᠣᠯᠲᠠᠯ᠎ᠠ ᠶᠠᠪᠤᠭᠳᠠᠭᠤᠯᠬᠤ ᠪᠡᠷ ᠪᠠᠢᠵᠠᠢ᠃

 ᠲᠡᠯᠡᠬᠡᠢ 

✦ᠣᠯᠠᠨ ᠤᠯᠤᠰ᠎ᠤᠨ ᠴᠠᠬᠢᠯᠭᠠᠨ ᠬᠣᠯᠪᠣᠭᠠᠨ᠎ᠤ ᠬᠣᠯᠪᠣᠭ᠎ᠠ ᠲᠤᠬᠠᠢ᠎ᠶᠢᠨ ᠭᠠᠵᠠᠷ᠎ᠤᠨ ᠴᠠᠭ᠎ᠢᠶᠠᠷ 3᠎ᠤ ᠡᠳᠦᠷ ᠢᠯᠡᠷᠬᠡᠢᠯᠡᠬᠦ᠎ᠳᠡᠭᠡᠨ᠂ 2026 ᠣᠨ᠎ᠳᠤ ᠪᠥᠬᠥ ᠳᠡᠯᠡᠬᠡᠢ᠎ᠶᠢᠨ ᠢᠨᠲᠧᠷ ᠰᠦᠯᠵᠢᠶ᠎ᠡ ᠬᠡᠷᠡᠭᠯᠡᠵᠦ ᠪᠠᠢᠭ᠎ᠠ ᠬᠥᠮᠥᠨ᠎ᠦ ᠲᠣᠭ᠎ᠠ ᠪᠠᠷᠤᠭ 63 ᠳ᠋ᠦᠩᠰᠢᠭᠤᠷ ᠪᠠᠢᠵᠤ᠂ ᠳᠡᠯᠡᠬᠡᠢ᠎ᠶᠢᠨ ᠬᠥᠮᠥᠨ ᠠᠮᠠ᠎ᠶᠢᠨ 76% ᠶ᠋ᠢ ᠡᠵᠡᠯᠡᠨ᠎ᠡ᠂ ᠭᠡᠪᠡᠴᠦ ᠠᠳᠠᠯᠢ ᠪᠤᠰᠤ ᠤᠯᠤᠰ ᠪᠠ ᠬᠥᠮᠥᠰ᠎ᠦᠨ ᠢᠨᠲᠧᠷ ᠰᠦᠯᠵᠢᠶ᠎ᠡ ᠳ᠋ᠤ ᠬᠤᠯᠪᠤᠭᠳᠠᠬᠤ ᠲᠠᠯ᠎ᠠ᠎ᠪᠠᠷ ᠬᠢ ᠲᠡᠩᠴᠡᠭᠦᠷᠢ ᠦᠭᠡᠢ ᠪᠠᠢᠳᠠᠯ ᠮᠥᠨ ᠯᠡ ᠣᠷᠣᠰᠢᠭ᠍ᠰᠠᠭᠠᠷ ᠪᠠᠢᠨ᠎ᠠ ᠭᠡᠵᠡᠢ᠃

✦ᠲᠤᠬᠠᠢ ᠶ᠋ᠢᠨ ᠭᠠᠵᠠᠷ᠎ᠤᠨ ᠴᠠᠭ᠎ᠢᠶᠠᠷ 3᠎ᠤ ᠡᠳᠦᠷ᠂ ᠣᠷᠣᠰ᠎ᠤᠨ ᠶᠡᠷᠦᠩᠬᠡᠢᠯᠡᠭᠴᠢ ᠶ᠋ᠢᠨ ᠰᠣᠨᠢᠨ ᠮᠡᠳᠡᠭᠡᠨ᠎ᠦ ᠨᠠᠷᠢᠨ ᠪᠢᠴᠢᠭᠡᠴᠢ ᠫᠸᠰᠺᠤᠹ ᠢᠯᠡᠷᠬᠡᠢᠯᠡᠬᠦ ᠳ᠋ᠡᠭᠡᠨ᠂ ᠣᠷᠣᠰ ᠠᠮᠧᠷᠢᠺᠠ ᠪᠣᠯᠣᠨ ᠦᠺᠷᠠᠢᠨ᠎ᠤ ᠭᠤᠷᠪᠠᠨ ᠲᠠᠯ᠎ᠠ  ᠶ᠋ᠢᠨ ᠬᠡᠯᠡᠯᠴᠡᠭᠡ 11 ᠰᠠᠷ᠎ᠠ ᠶ᠋ᠢᠨ 10 ᠠ᠋ᠴᠠ 11᠎ᠦ ᠡᠳᠦᠷ ᠪᠣᠯᠲᠠᠯ᠎ᠠ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠠᠪᠦ᠋ᠽᠠᠪᠢ ᠳ᠋ᠥ ᠶᠠᠪᠤᠭᠳᠠᠨ᠎ᠠ ᠭᠡᠵᠡᠢ᠃

    ᠦᠢᠯᠡᠴᠢᠯᠡᠭᠡ

✦ᠶᠠᠭ᠍ᠰᠢ ᠬᠣᠲᠠ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ ᠳ᠋ᠤ 19 ᠠᠵᠢᠯᠲᠠᠨ ᠡᠯᠰᠡᠨ᠎ᠠ᠃ ᠨᠠᠷᠢᠨ ᠠᠭᠤᠯᠭ᠎ᠠ ᠶ᠋ᠢ 《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ!

  ᠲᠠᠨ᠎ᠤ ᠲᠤᠰᠠ᠎ᠳᠤ 

✦ᠠᠭᠠᠷ᠎ᠤᠨ ᠳᠤᠯᠠᠭᠠᠨ᠎ᠳᠣᠷᠣᠭᠰᠢᠯᠠᠬᠤ᠎ᠶᠢ ᠳᠠᠭᠠᠯᠳᠤᠨ ᠨᠡᠭᠦᠷᠡᠰᠦᠨ ᠭᠠᠯ ᠳᠡᠭᠡᠷ᠎ᠠ ᠬᠠᠯᠠᠭᠤᠨ ᠲᠣᠭᠣᠭ᠎ᠠ ᠪᠤᠴᠠᠯᠭᠠᠬᠤ᠂ ᠴᠠᠢ ᠴᠢᠨᠠᠬᠤ ᠦᠵᠡᠭᠳᠡᠯ ᠢᠯᠡᠳᠲᠡ ᠨᠡᠮᠡᠭᠳᠡᠳᠡᠭ᠃ ᠡᠮᠴᠢ᠎ᠶᠢᠨ ᠰᠠᠨᠠᠭᠤᠯᠤᠭᠰᠠᠨ᠎ᠢᠶᠠᠷ᠂ ᠨᠢᠭ᠍ᠲᠠ ᠪᠢᠲᠡᠭᠦᠮᠵᠢᠯᠡᠭᠰᠡᠨ ᠣᠷᠴᠢᠨ ᠲᠣᠭᠣᠷᠢᠨ᠎ᠳᠤ ᠨᠡᠭᠦᠷᠡᠰᠦᠨ ᠭᠠᠯ ᠳᠡᠭᠡᠷ᠎ᠠ ᠬᠠᠯᠠᠭᠤᠨ ᠲᠤᠭᠤᠭ᠎ᠠ ᠪᠤᠴᠠᠯᠭᠠᠵᠤ ᠢᠳᠡᠬᠦ᠎ᠶᠢᠨ ᠬᠠᠮᠤᠭ᠎ᠤᠨ ᠶᠡᠬᠡ ᠠᠮᠤᠷ ᠲᠦᠪᠰᠢᠨ᠎ᠦ ᠬᠦᠨᠦᠭᠡᠯ ᠪᠣᠯ ᠨᠡᠭᠦᠷᠡᠰᠦᠲᠥ᠋ᠷᠥᠭᠴᠢ᠎ᠶᠢᠨ ᠲᠠᠩ ᠢᠰᠦᠯ᠎ᠳᠦ ᠬᠣᠣᠷᠳᠠᠭᠳᠠᠬᠤ ᠶᠠᠪᠤᠳᠠᠯ ᠪᠣᠯᠣᠨ᠎ᠠ᠃ ᠬᠡᠷᠪᠡ ᠲᠣᠯᠣᠭᠠᠢ ᠡᠷᠭᠢᠬᠦ᠂ ᠳᠤᠷ᠎ᠠ ᠪᠣᠯᠭᠢᠬᠤ᠂ ᠵᠢᠷᠦᠬᠡ ᠲᠦᠭᠰᠢᠬᠦ ᠵᠡᠷᠭᠡ ᠡᠪ ᠦᠭᠡᠢᠷᠡᠬᠦ ᠪᠠᠢᠳᠠᠯ ᠢᠯᠡᠷᠡᠪᠡᠯ ᠤᠷᠢᠳ᠎ᠢᠶᠠᠷ ᠴᠣᠩᠬᠣ᠌ ᠡᠭᠦᠳᠡ᠎ᠪᠡᠨ ᠨᠡᠭᠡᠭᠡᠵᠦ᠂ ᠠᠯᠢ ᠲᠦᠷᠭᠡᠨ᠎ᠢᠶᠡᠷ ᠲᠤᠰ ᠣᠷᠴᠢᠨ ᠲᠣᠭᠣᠷᠢᠨ᠎ᠠᠴᠠ ᠰᠠᠯᠬᠤ ᠬᠡᠷᠡᠭᠲᠡᠢ᠃

ᠵᠠᠯᠭᠠᠭᠠᠳ 《ᠪᠤᠷᠬᠠᠨ ᠡᠵᠢ》 ᠭᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ! 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面