2026-11-06 11:52:49



ᠨᠡᠢᠭᠡᠮ
✦11 ᠰᠠᠷ᠎ᠠ᠎ᠶᠢᠨ ᠳᠤᠮᠳᠠᠴᠢ᠎ᠠᠴᠠ ᠡᠬᠢᠯᠡᠨ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠵᠤ ᠲᠣᠭᠣᠷᠢᠨ ᠪᠠᠢᠴᠠᠭᠠᠬᠤ 24 ᠳᠤᠭᠤᠢᠯᠠᠩ ᠵᠠᠯᠭᠠᠭ᠎ᠠ᠎ᠪᠠᠷ 31 ᠮᠤᠵᠢ ᠣᠷᠣᠨ ᠬᠣᠲᠠ᠎ᠳᠤ ᠬᠦᠷᠴᠦ᠂ 2026 ᠣᠨ᠎ᠤ ᠮᠤᠵᠢ᠎ᠶᠢᠨ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ ᠤᠨ ᠣᠷᠳᠣᠨ᠎ᠳᠤ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠬᠢᠨᠠᠨ ᠰᠢᠯᠭᠠᠯᠲᠠ ᠲᠣᠭᠣᠷᠢᠨ ᠪᠠᠢᠴᠠᠭᠠᠯᠲᠠ ᠥᠷᠨᠢᠭᠦᠯᠬᠦ ᠪᠡᠷ ᠪᠤᠢ᠃
✦11 ᠰᠠᠷ᠎ᠠ ᠵᠢᠨ 5᠎ᠤ ᠡᠳᠤᠷ᠂ ᠳᠣᠯᠣᠳᠤᠭᠠᠷ ᠬᠤᠭᠤᠴᠠᠭᠠᠨ᠎ᠤ ᠳᠡᠯᠡᠬᠡᠢ᠎ᠶᠢᠨ ᠵᠠᠭᠤᠴᠢᠯᠠᠭᠤᠷ᠎ᠤᠨ ᠲᠦᠷᠦᠭᠦᠴᠦᠳ᠎ᠦᠨ ᠬᠤᠷᠠᠯ ᠪᠡᠭᠡᠵᠢᠩ᠎ᠳᠤ ᠡᠬᠢᠯᠡᠨ ᠶᠠᠪᠤᠬᠳᠠᠪᠠ᠃
✦ᠮᠠᠨ᠎ᠤ ᠤᠯᠤᠰ ᠨᠢᠭᠡᠨᠲᠡ ᠪᠦᠬᠦ ᠪᠥᠮᠪᠥᠷᠴᠡᠭ ᠦᠨ ᠲᠥᠷᠥᠯ ᠵᠦᠢᠯ᠎ᠢᠶᠡᠷ ᠬᠠᠮᠤᠭ᠎ᠤᠨ ᠪᠦᠷᠢᠨ᠂ ᠰᠢᠰᠲᠧᠮ᠎ᠢᠶᠡᠷ ᠬᠠᠮᠤᠭ᠎ᠤᠨ ᠪᠦᠷᠢᠨ ᠪᠦᠲᠦᠨ ᠳᠠᠯᠠᠢ ᠲᠠᠩᠭᠢᠰ᠎ᠦᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ 15 ᠭᠣᠣᠯ ᠪᠣᠯᠬᠤ ᠳᠠᠯᠠᠢ ᠲᠠᠩᠭᠢᠰ᠎ᠦᠨ ᠠᠵᠤ ᠦᠢᠯᠡᠰ᠎ᠢ ᠪᠦᠷᠢᠯᠳᠦᠭᠦᠯᠵᠡᠢ᠃
✦ᠤᠷᠴᠢᠮᠬᠠᠨ ᠠᠯᠠᠱᠠ ᠠᠢᠮᠠᠭ᠎ᠤᠨ ᠠᠷᠠᠯᠵᠢᠶ᠎ᠠ᠎ᠶᠢ ᠠᠬᠢᠭᠤᠯᠬᠤ ᠬᠤᠷᠠᠯ᠎ᠠᠴᠠ ᠠᠯᠠᠱᠠ ᠠᠢᠮᠠᠭ᠎ᠤᠨ ᠭᠤᠷᠪᠠᠨ ᠠᠵᠤ ᠠᠬᠤᠢᠯᠠᠯ᠎ᠢ ᠵᠣᠬᠢᠶᠠᠨ ᠪᠠᠢᠭᠤᠯᠵᠤ᠂ ᠣᠣᠮᠧᠨ ᠬᠤᠲᠠ᠎ᠳᠤ ᠶᠠᠪᠤᠭᠳᠠᠭᠰᠠᠨ ᠭᠤᠴᠢᠨ ᠨᠢᠭᠡᠳᠦᠭᠡᠷ ᠬᠤᠭᠤᠴᠠᠭᠠᠨ᠎ᠤ ᠣᠣᠮᠧᠨ᠎ᠤ ᠣᠯᠠᠨ ᠤᠯᠤᠰ᠎ᠤᠨ ᠠᠷᠠᠯᠵᠢᠶ᠎ᠠ ᠪᠡᠯᠡ ᠣᠷᠣᠭᠤᠯᠤᠯᠲᠠ᠎ᠶᠢᠨ ᠦᠵᠡᠰᠬᠦᠯᠡᠩ ( MHF )᠎ᠳᠤ ᠣᠷᠣᠯᠴᠠᠵᠤ᠂ ᠣᠯᠠᠨ ᠤᠯᠤᠰ᠎ᠤᠨ ᠦᠵᠡᠰᠬᠦᠯᠡᠩ᠎ᠤᠨ ᠲᠠᠪᠴᠠᠩ᠎ᠢ ᠠᠰᠢᠭ᠍ᠯᠠᠨ ᠠᠯᠠᠱᠠ᠎ᠶᠢᠨ ᠣᠨᠴᠠᠯᠢᠭ᠍ᠲᠤ ᠠᠵᠤ ᠦᠢᠯᠡᠰ᠎ᠤᠨ ᠪᠦᠲᠦᠭᠡᠭᠳᠡᠬᠦᠨ᠎ᠢ ᠳᠡᠯᠭᠡᠨ ᠰᠣᠨᠢᠷᠬᠠᠭᠤᠯᠪᠠ᠃
✦ᠬᠥᠬᠡᠬᠣᠲᠠ᠎ᠶᠢᠨ ᠲᠡᠮᠦᠷ ᠵᠠᠮ᠎ᠤᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ 11 ᠰᠠᠷ᠎ᠠ ᠶᠢᠨ 3᠎ᠤ ᠡᠳᠦᠷ᠎ᠡᠴᠡ ᠡᠬᠢᠯᠡᠨ ᠪᠡᠭᠡᠵᠢᠩ ᠡᠴᠡ ᠪᠤᠭᠤᠲᠤ ᠬᠦᠷᠬᠦ ᠠᠶᠠᠨᠴᠢᠳ᠎ᠤᠨ ᠵᠦᠬᠡᠬᠡᠪᠤᠷᠢ᠎ᠶᠢᠨ ᠲᠤᠰᠬᠠᠢ ᠱᠤᠭᠤᠮ ᠨᠢ ᠡᠭᠡᠯᠵᠢ ᠲᠡᠮᠳᠡᠭᠯᠡᠬᠦ ᠪᠢᠯᠧᠲ᠂ ᠲᠣᠭᠲᠠᠮᠠᠯ ᠬᠤᠭᠤᠴᠠᠭᠠᠲᠤ ᠪᠢᠯᠧᠲ ᠲᠣᠬᠢᠷᠠᠭᠤᠯᠤᠨ᠂ ᠠᠶᠠᠨᠴᠢᠳ᠎ᠲᠤ ᠣᠯᠠᠨ ᠡᠰᠢᠴᠢᠯᠡᠭᠰᠡᠨ ᠰᠣᠩᠭᠣᠯᠲᠠ ᠬᠠᠩᠭᠠᠵᠤ ᠪᠣᠢ᠃ ᠪᠡᠭᠡᠵᠢᠩ᠎ᠡᠴᠡ ᠪᠤᠭᠤᠲᠤ ᠬᠦᠷᠬᠦ ᠠᠶᠠᠨᠴᠢᠳ ᠦᠨ ᠵᠦᠭᠡᠭᠡᠪᠤᠷᠢ᠎ᠶᠢᠨ ᠲᠤᠰᠬᠠᠢ ᠱᠤᠭᠤᠮ ᠨᠢ ᠮᠠᠨ᠎ᠤ ᠣᠷᠣᠨ᠎ᠤ ᠪᠤᠭᠤᠲᠤ ᠥᠷᠲᠡᠭᠡ᠂ ᠪᠤᠭᠤᠲᠤ ᠵᠡᠭᠦᠨ ᠥᠷᠲᠡᠭᠡ᠂ ᠬᠥᠬᠡᠬᠣᠲᠠ ᠥᠷᠲᠡᠭᠡ᠂ ᠬᠥᠬᠡᠬᠣᠲᠠ ᠵᠡᠭᠦᠨ ᠥᠷᠲᠡᠭᠡ᠂ ᠤᠯᠠᠭᠠᠨᠴᠠᠪ ᠥᠷᠲᠡᠭᠡ ᠵᠡᠷᠭᠡ 5 ᠥᠷᠲᠡᠭᠡ ᠵᠢ ᠬᠠᠮᠤᠷᠴᠠᠢ᠃
✦11 ᠰᠠᠷ᠎ᠠ᠎ᠶᠢᠨ 4᠎ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠎ᠶᠢᠨ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠴᠢᠩᠭᠠᠳᠬᠠᠬᠤ ᠲᠤᠬᠠᠢ᠎ᠶᠢᠨ ᠭᠠᠵᠠᠷ᠎ᠤᠨ ᠬᠤᠷᠠᠯ ᠤᠯᠠᠭᠠᠠᠬᠠᠳᠠ ᠬᠣᠲᠠ᠎ᠳᠤ ᠬᠤᠷᠠᠯᠳᠤᠪᠠ᠃
✦ᠤᠢᠷ᠎ᠠ᠎ᠶᠢᠨ ᠡᠳᠦᠷ᠂ ᠤᠲᠤᠭ ᠬᠣᠰᠢᠭᠤᠨ᠎ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ《ᠪᠥᠬᠥ ᠠᠷᠠᠳ ᠢᠶᠠᠷ ᠢᠶᠠᠨ ᠭᠠᠯ᠎ᠢ ᠰᠡᠷᠭᠡᠢᠯᠡᠵᠦ ᠠᠮᠢ ᠨᠠᠰᠤ᠎ᠶᠢ ᠳᠡᠭᠡᠳᠦᠯᠡᠬᠦ — ᠥᠪᠡᠷ᠎ᠢ᠎ᠪᠠᠨ ᠬᠠᠮᠠᠭᠠᠯᠠᠵᠤ ᠥᠪᠡᠷ᠎ᠢ᠎ᠪᠠᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ》 ᠪᠠᠷ ᠭᠣᠣᠯ ᠰᠡᠳᠦᠪ ᠪᠣᠯᠭᠠᠭᠰᠠᠨ 2026 ᠣᠨ᠎ᠤ 119 ᠭᠠᠯ ᠤᠨᠲᠠᠷᠠᠭᠠᠬᠤ ᠤᠬᠠᠭᠤᠯᠭ᠎ᠠ᠎ᠶᠢᠨ ᠰᠠᠷ᠎ᠠ᠎ᠶᠢᠨ ᠡᠬᠢᠯᠡᠯᠲᠡ᠎ᠶᠢᠨ ᠶᠣᠰᠣᠯᠠᠯ ᠵᠢᠴᠢ ᠭᠠᠯ ᠤᠨᠲᠠᠷᠠᠭᠠᠬᠤ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ᠃
ᠠᠵᠦ ᠠᠬᠤᠢ
✦ᠤᠢᠷ᠎ᠠ᠎ᠳᠤ ᠪᠠᠷᠠᠭᠤᠨ ᠦᠵᠦᠮᠦᠴᠢᠨ ᠬᠣᠰᠢᠭᠤᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠴᠢ ᠬᠡᠰᠡᠭ ᠠᠵᠤ ᠠᠬᠤᠢᠯᠠᠯ᠎ᠤᠨ ᠲᠥᠯᠥᠭᠡᠯᠡᠭᠴᠢᠳ ᠭᠤᠸᠠᠩᠳᠦ᠋ᠩ ᠮᠤᠵᠢ᠎ᠵᠢᠨ 5 ᠬᠤᠳᠠᠯᠳᠤᠭᠠᠴᠢᠳ᠎ᠦᠨ ᠡᠪᠯᠡᠯ᠎ᠦᠨ ᠲᠥᠯᠥᠭᠡᠯᠡᠭᠴᠢᠳ᠎ᠲᠠᠢ ᠰᠠᠭᠤᠳᠠᠯ᠎ᠦᠨ ᠬᠤᠷᠠᠯ ᠬᠤᠷᠠᠯᠳᠤᠭᠤᠯᠤᠨ᠂ 136 ᠲᠦᠮᠡᠨ ᠲᠥᠭᠥᠷᠢᠭ᠎ᠦᠨ ᠮᠠᠯ᠎ᠤᠨ ᠠᠰᠢᠭ᠋ ᠰᠢᠮ᠎ᠡ᠎ᠶᠢ ᠬᠤᠳᠠᠯᠳᠤᠨ ᠠᠪᠬᠤ ᠪᠠ ᠪᠣᠷᠣᠯᠠᠭᠤᠯᠬᠤ ᠵᠠᠬᠢᠶᠠᠯᠠᠭ᠎ᠠ ᠲᠣᠭᠲᠠᠭᠰᠠᠨ ᠪᠠᠢᠨ᠎ᠠ ᠃
ᠰᠤᠶᠤᠯ
✦11 ᠰᠠᠷ᠎ᠠ ᠵᠢᠨ 4᠎ᠤ ᠡᠳᠤᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠠᠴᠠ ᠭᠣᠣᠯᠯᠠᠨ ᠡᠷᠬᠢᠯᠡᠭᠰᠡᠨ ᠭᠠᠨᠵᠤᠤᠷ ᠳ᠋ᠠᠨᠵᠤᠤᠷ᠎ᠤᠨ ᠣᠯᠠᠨ ᠬᠡᠯᠡᠨ᠎ᠳᠡᠬᠢ ᠰᠤᠷᠪᠤᠯᠵᠢ ᠪᠢᠴᠢᠭ᠎ᠦᠨ ᠡᠮᠬᠢᠯᠡᠯ ᠵᠢᠴᠢ ᠳ᠋ᠢᠵᠢᠲ᠋ᠠᠯᠴᠢᠯᠠᠬᠤ ᠡᠷᠳᠡᠮ ᠰᠢᠨᠵᠢᠯᠡᠭᠡᠨ᠎ᠦ ᠬᠤᠷᠠᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃
✦11 ᠰᠠᠷ᠎ᠠ᠎ᠶᠢᠨ 3᠎ᠤ ᠡᠳᠦᠷ᠂《ᠤᠮᠠᠷᠠᠲᠤ ᠬᠢᠯᠢ᠎ᠶᠢᠨ ᠳᠤᠷᠠᠰᠤᠮᠵᠢ·ᠲᠠᠯ᠎ᠠ ᠨᠤᠲᠤᠭ᠎ᠤᠨ ᠲᠡᠮᠦᠷ ᠬᠡᠦᠬᠡᠨ》 ᠭᠡᠬᠦ ᠲᠣᠮᠣ᠌ ᠬᠡᠯᠪᠡᠷᠢ᠎ᠶᠢᠨ ᠪᠠᠷᠢᠮᠲᠠᠲᠤ ᠺᠢᠨᠣ᠋᠎ᠶᠢᠨ ᠦᠵᠡᠭᠦᠯᠭᠡ ᠵᠢᠴᠢ ᠠᠷᠤ ᠬᠣᠷᠴᠢᠨ ᠬᠣᠰᠢᠭᠤᠨ᠎ᠤ 《ᠲᠡᠮᠦᠷ ᠬᠡᠤᠬᠡᠨᠴᠤᠳ》᠎ᠤᠨ ᠪᠦᠯᠬᠦᠮ᠎ᠦᠨ ᠰᠣᠶᠣᠯ᠎ᠦᠨ ᠰᠣᠯᠢᠯᠴᠠᠭ᠎ᠠ᠎ᠶᠢᠨ ᠠᠵᠢᠯᠯᠠᠭ᠎ᠠ ᠴᠢᠪᠠᠭ᠎ᠠ ᠪᠠᠯᠭᠠᠰᠤᠨ᠎ᠳᠤ ᠶᠠᠪᠤᠭᠳᠠᠪᠠ᠃
ᠲᠠᠮᠢᠷ
ᠲᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠰᠷᠧᠯ᠎ᠦᠨ ᠲᠥᠪ᠎ᠦᠨ ᠰᠣᠩᠭᠣᠭᠤᠯᠢ᠎ᠶᠢᠨ ᠵᠥᠪᠯᠡᠯ 4 ᠦ ᠡᠳᠦᠷ ᠢᠯᠡᠷᠬᠡᠢᠯᠡᠬᠦ᠎ᠳᠡᠭᠡᠨ᠂ ᠢᠰᠷᠧᠯ᠎ᠦᠨ ᠲᠦᠷᠦᠭᠦᠬᠡᠨ ᠶᠠᠪᠤᠭᠳᠠᠭᠰᠠᠨ ᠵᠥᠪᠯᠡᠯᠭᠡᠨ᠎ᠦ ᠬᠤᠷᠠᠯ᠎ᠤᠨ ᠰᠣᠩᠭᠣᠭᠤᠯᠢ᠎ᠳᠤ ᠬᠡᠮ ᠬᠢᠭᠰᠡᠨ ᠠᠵᠢᠯᠯᠠᠭ᠎ᠠ ᠣᠷᠣᠰᠢᠬᠤ ᠦᠭᠡᠢ᠂ ᠰᠣᠩᠭᠣᠭᠤᠯᠢ᠎ᠶᠢᠨ ᠲᠥᠪ ᠭᠣᠣᠯᠴᠢ ᠴᠢᠨᠠᠷ ᠬᠣᠬᠢᠷᠠᠯ᠎ᠳᠤ ᠤᠴᠠᠷᠠᠭᠰᠠᠨᠢ ᠭᠡᠷᠡᠴᠢᠯᠡᠬᠦ ᠶᠠᠮᠠᠷ ᠴᠤ᠌ ᠭᠡᠷᠡᠴᠢ ᠪᠠᠷᠢᠮᠲᠠ ᠪᠠᠢᠬᠤ ᠦᠭᠡᠢ ᠭᠡᠪᠡ᠃
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠨᠢᠭᠡᠨ ᠰᠢᠨ᠎ᠡ ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠪᠥᠬᠥ ᠪᠥᠮᠪᠥᠷᠴᠡᠭ᠎ᠦᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠨᠥᠯᠥᠭᠡ᠎ᠡᠴᠡ ᠪᠣᠯᠵᠤ᠂ ᠹᠢᠨᠯᠠᠨᠳ᠋᠂ ᠰᠸᠧᠳᠧᠨ᠂ ᠨᠣᠷᠸᠠᠢ ᠭᠤᠷᠪᠠᠨ ᠤᠯᠤᠰ᠎ᠲᠤ 40 ᠭᠷᠡᠳᠦ᠋ᠰ᠎ᠦᠨ ᠲᠤᠢᠯ᠎ᠤᠨ ᠥᠨᠳᠥᠷ ᠳᠤᠯᠠᠭᠠᠨ ᠢᠯᠡᠷᠡᠬᠦ ᠲᠣᠬᠢᠶᠠᠯᠳᠤᠮᠵᠢ ᠶᠡᠬᠡ ᠪᠡᠷ ᠳᠡᠭᠡᠭᠰᠢᠯᠡᠵᠦ᠂ ᠣᠳᠣᠬᠠᠨ᠎ᠳᠤ 1981 ᠣᠨ᠎ᠤ ᠬᠢ ᠡᠴᠡ ᠨᠢᠭᠡᠨᠳᠡ ᠪᠠᠷᠤᠭ 6 ᠳᠠᠬᠢᠨ ᠪᠣᠯᠵᠤ ᠨᠡᠮᠡᠭᠳᠡᠵᠠᠢ᠃
ᠦᠢᠯᠡᠴᠢᠯᠡᠭᠡ
✦ᠦᠪᠤᠷ ᠮᠤᠩᠭᠤᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠬᠠᠷᠢᠶᠠᠳᠤ ᠰᠤᠷᠭᠠᠭᠤᠯᠢ ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》(阅读原文)ᠦᠰᠦᠭ ᠢ ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠪᠤᠳᠠᠭ᠎ᠠ ᠵᠢᠩᠨᠡᠬᠦ᠎ᠳᠡᠭᠡᠨ ᠲᠣᠭᠣᠭᠠᠨ᠎ᠳᠠᠭᠠᠨ ᠬᠡᠳᠦᠨ ᠲᠤᠰᠤᠯ ᠲᠣᠰᠣ᠌ ᠳᠤᠰᠤᠭᠠᠪᠠᠯ ᠵᠢᠩᠨᠡᠵᠦ ᠭᠠᠷᠭᠠᠭᠰᠠᠨ ᠪᠤᠳᠠᠭ᠎ᠠ ᠠᠮᠲᠠᠲᠠᠢ ᠪᠥᠭᠡᠳ ᠲᠣᠭᠣᠭᠠᠨ᠎ᠳᠤ ᠨᠠᠭᠠᠯᠳᠤᠬᠤ ᠦᠭᠡᠢ; ᠪᠠᠩᠰᠢ ᠴᠢᠨᠠᠬᠤ ᠦᠶᠡᠰ ᠲᠣᠭᠣᠭᠠᠨ᠎ᠳᠠᠭᠠᠨ ᠬᠡᠳᠦᠨ ᠰᠢᠷᠬᠡᠭ ᠬᠡᠷᠴᠢᠭᠰᠡᠨ ᠰᠣᠩᠭᠢᠨ᠎ᠠ ᠬᠢᠪᠡᠯ ᠪᠠᠩᠰᠢ ᠲᠣᠭᠣᠭᠠᠨ᠎ᠳᠤ ᠨᠠᠭᠠᠯᠳᠤᠬᠤ ᠦᠭᠡᠢ ᠪᠠᠢᠳᠠᠭ᠃
ᠵᠠᠯᠭᠠᠭᠠᠳ 《ᠰᠠᠢᠬᠠᠨ ᠨᠠᠮᠤᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂ ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃