2026-11-07 16:41:25



ᠨᠡᠢᠭᠡᠮ
✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠤ᠋ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ ᠵᠣᠨ᠎ᠤ ᠠᠮᠤ ᠪᠤᠳᠠᠭᠠᠨ᠎ᠤ ᠤᠨᠠᠯᠲᠠ 3014.9 ᠳ᠋ᠦᠩᠰᠢᠭᠤᠷ ᠵᠢᠩ᠎ᠳᠦ ᠬᠦᠷᠴᠦ᠂ ᠠᠩᠬ᠎ᠠ ᠤᠳᠠᠭ᠎ᠠ 3000 ᠳ᠋ᠦᠩᠰᠢᠭᠤᠷ ᠵᠢᠩ᠎ᠢ ᠳᠠᠪᠠᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
✦4᠎ᠦ ᠡᠳᠦᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ《ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠣᠭᠲᠠᠭᠠᠯ》᠎ᠢ ᠨᠡᠢᠲᠡᠯᠡᠵᠦ᠂ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢ ᠲᠠᠪᠤᠨ ᠱᠠᠲᠤ ᠬᠤᠪᠢᠶᠠᠵᠤ᠂ ᠡᠵᠡᠩᠨᠡᠯᠲᠡ ᠶ᠋ᠢᠨ ᠭᠤᠤᠯ ᠴᠣᠭᠴᠠ᠎ᠳᠤ ᠨᠠᠩ ᠲᠥᠪ ᠭᠣᠥᠯᠴᠢ᠂ ᠢᠯᠡ ᠲᠣᠳᠣ᠌᠂ ᠵᠢᠱ᠌ᠢᠵᠦ ᠪᠣᠯᠬᠤᠢᠴᠠ ᠬᠠᠤᠯᠢ᠎ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ ᠥᠭᠪᠡ᠃
✦ᠴᠢᠩᠳᠣᠣ ᠪᠣᠭᠣᠮᠲᠠ᠎ᠠᠴᠠ ᠣᠢᠯᠠᠭᠠᠭᠰᠠᠨ᠎ᠢᠶᠠᠷ᠂ ᠬᠠᠲᠤᠨ ᠭᠣᠣᠯ᠎ᠤᠨ ᠰᠠᠪᠠ ᠭᠠᠵᠠᠷ᠎ᠤᠨ ᠡᠯ᠎ᠡ ᠪᠣᠭᠣᠮᠲᠠ᠎ᠶᠢᠨ ᠬᠢᠨ ᠬᠠᠮᠵᠢᠯᠴᠠᠨ ᠭᠠᠳᠠᠨ᠎ᠠ᠎ᠠᠴᠠ ᠢᠷᠡᠭᠰᠡᠨ ᠬᠥᠨᠥᠭᠡᠯᠳᠡᠢ ᠠᠮᠢᠳᠤ ᠪᠣᠳᠠᠰ᠎ᠢ ᠬᠢᠨᠠᠨ ᠬᠡᠮᠵᠢᠬᠦ ᠨᠡᠢᠳᠡᠮ ᠪᠠᠢᠴᠠᠭᠠᠯᠲᠠ᠎ᠶᠢ ᠥᠷᠨᠢᠭᠦᠯᠵᠦ᠂ ᠭᠤᠷᠪᠠᠨ ᠵᠢᠯ᠎ᠦᠨ ᠲᠤᠷᠰᠢ ᠬᠥᠨᠥᠭᠡᠯᠲᠡᠢ ᠠᠮᠢᠳᠤ ᠪᠣᠳᠠᠰ᠎ᠢ 25.04 ᠲᠦᠮᠡᠨ ᠤᠳᠠᠭ᠎ᠠ᠂ ᠭᠠᠳᠠᠨ᠎ᠠ᠎ᠠᠴᠠ ᠢᠷᠡᠭᠰᠡᠨ ᠠᠮᠢᠳᠤ ᠪᠣᠳᠠᠰ᠎ᠤᠨ ᠲᠥᠷᠥᠯ᠎ᠢ 5590 ᠤᠳᠠᠭ᠎ᠠ ᠪᠠᠢᠴᠠᠭᠠᠨ ᠭᠠᠷᠭᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠦᠲᠦᠮᠵᠢᠲᠡᠶ ᠬᠠᠮᠠᠭᠠᠯᠠᠪᠠ᠃
✦ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠠ᠋ᠴᠠ ᠣᠢᠯᠠᠭᠠᠭᠰᠠᠨ ᠵᠢᠡᠷ᠂ ᠣᠢᠷ᠎ᠠ᠎ᠳᠤ ᠦᠨᠳᠦᠷᠯᠡᠭᠰᠡᠨ ᠠᠷᠪᠠᠨ ᠲᠠᠪᠤᠳᠤᠭᠠᠷ ᠬᠤᠭᠤᠴᠠᠭᠠᠨ᠎ᠤ《ᠥᠷᠢᠰᠦᠯᠳᠦᠭᠡᠨ ᠬᠤᠨᠳᠠᠭᠠᠲᠤ》ᠳᠤᠮᠳᠠᠳᠤ ᠤᠯᠤᠰ᠎ᠤᠨ ᠣᠶᠤᠲᠠᠳ᠎ᠤᠨ ᠦᠢᠯᠡᠰ ᠪᠤᠰᠬᠠᠬᠤ ᠲᠥᠯᠥᠪᠯᠡᠭᠡ᠎ᠶᠢᠨ ᠰᠢᠢᠳᠪᠦᠷᠢᠲᠦ ᠤᠷᠤᠯᠳᠤᠭᠠᠨ᠎ᠳᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ 2 ᠣᠨᠴᠠ ᠲᠠᠰ᠎ᠤᠨ ᠱᠠᠩᠨᠠᠯ᠂ 4 ᠨᠢᠭᠡᠳᠦᠭᠡᠷ ᠳᠡᠰ᠎ᠤᠨ ᠱᠠᠩᠨᠠᠯ᠂ 21 ᠬᠣᠶᠠᠳᠤᠭᠠᠷ ᠳᠡᠰ᠎ᠤᠨ ᠱᠠᠩᠨᠠᠯ᠂ 96 ᠭᠤᠷᠪᠠᠳᠤᠭᠠᠷ ᠳᠡᠰ᠎ᠤᠨ ᠱᠠᠩᠨᠠᠯ ᠭᠥᠷᠳᠡᠵᠦ᠂ ᠣᠨᠴᠠ ᠲᠠᠰ᠎ᠤᠨ ᠱᠠᠩᠨᠠᠯ ᠦᠭᠡᠢ ᠪᠠᠢᠭᠰᠠᠨ ᠳᠡᠮᠳᠡᠭᠯᠡᠯ᠎ᠢ ᠰᠢᠨᠡᠳᠬᠡᠵᠦ᠂ ᠤᠷᠤᠯᠳᠤᠭᠠᠨ᠎ᠳᠤ ᠣᠷᠣᠯᠴᠠᠭᠰᠠᠨ ᠲᠡᠦᠬᠡ᠎ᠶᠢᠨ ᠬᠠᠮᠤᠭ᠎ᠤᠨ ᠰᠠᠢᠨ ᠬᠢᠷᠢ ᠪᠦᠲᠦᠮᠵᠢ᠎ᠶᠢ ᠡᠭᠦᠳᠪᠡ᠃
✦ᠲᠦᠩᠯᠢᠶᠣᠣ ᠬᠣᠲᠠ᠎ᠶᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠡᠴᠡ ᠣᠢᠯᠠᠭᠠᠭᠰᠠᠨ ᠵᠢᠡᠷ᠂ ᠬᠥᠷᠰᠢ ᠵᠡᠷᠭᠡᠯᠡᠳᠡᠭᠡ ᠭᠠᠵᠠᠷ ᠣᠷᠣᠨ᠎ᠤ ᠨᠤᠲᠤᠭ ᠪᠡᠯᠴᠢᠭᠡᠷ᠎ᠦᠨ ᠬᠥᠨᠥᠭᠡᠯᠲᠡᠢ ᠠᠮᠢᠳᠤ ᠪᠣᠳᠠᠰ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠵᠠᠰᠠᠬᠤ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶ᠋ᠢᠨ ᠲᠥᠯᠥᠭᠡ᠂ ᠣᠢᠷ᠎ᠠ᠎ᠳᠤ ᠲᠦᠩᠯᠢᠶᠣᠣ ᠬᠣᠲᠠ ᠪᠣᠯᠣᠨ ᠰᠢᠯᠢ᠎ᠶᠢᠨ ᠭᠣᠣᠯ ᠠᠢᠮᠠᠭ᠎ᠤᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶᠢᠨ ᠮᠡᠷᠭᠡᠵᠢᠯᠲᠡᠨ ᠵᠠᠷᠤᠳ ᠬᠣᠰᠢᠭᠤ ᠪᠣᠯᠣᠨ ᠵᠡᠭᠦᠨ ᠦᠵᠦᠮᠦᠴᠢᠨ ᠬᠣᠰᠢᠭᠤᠨ᠎ᠤ ᠠᠭᠤᠯᠵᠠᠷ ᠭᠠᠵᠠᠷ᠎ᠲᠤ ᠬᠦᠷᠴᠦ ᠂ ᠠᠢᠮᠠᠭ ᠬᠣᠲᠠ ᠠᠯᠤᠰᠯᠠᠭᠰᠠᠨ ᠨᠠᠮᠤᠷ᠎ᠤᠨ ᠤᠯᠠᠷᠢᠯ᠎ᠤᠨ ᠨᠤᠲᠤᠭ ᠪᠡᠯᠴᠢᠭᠡᠷ᠎ᠦᠨ ᠬᠤᠯᠤᠭᠠᠨ᠎ᠠ᠎ᠶᠢᠨ ᠭᠠᠮᠰᠢᠭ᠋᠎ᠤᠨ ᠪᠠᠢᠴᠠᠭᠠᠯᠲᠠ᠎ᠶᠢ ᠬᠠᠮᠲᠤᠷᠠᠨ ᠥᠷᠨᠢᠭᠦᠯᠪᠡ ᠃
✦ᠬᠥᠯᠥᠨ ᠪᠣᠶ᠋ᠢᠷ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠲᠦᠷᠦᠭᠦᠬᠡᠨ《ᠬᠥᠯᠥᠨ ᠪᠣᠶ᠋ᠢᠷ ᠬᠣᠲᠠ᠎ᠶᠢᠨ 2026 ᠣᠨ᠎ᠤ〈ᠨᠠᠮᠤᠷ᠎ᠤᠨ (ᠴᠠᠰᠤᠨ ᠤ᠋)ᠠᠮᠠᠷᠠᠯᠳᠠ〉᠎ᠶ᠋ᠢᠨ ᠲᠤᠰᠬᠠᠢ ᠠᠵᠢᠯ᠎ᠤᠨ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠬᠥᠯᠥᠨ ᠪᠣᠶ᠋ᠢᠷ ᠬᠣᠲᠠ᠎ᠶᠢᠨ ᠠᠭᠤᠷ ᠠᠮᠢᠰᠬᠤᠯ᠎ᠤᠨ ᠣᠨᠴᠠᠯᠢᠭ᠋᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠪᠣᠳᠠᠲᠤ ᠪᠠᠢᠳᠠᠯ ᠬᠢᠭᠡᠳ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠤᠶᠠᠯᠳᠤᠭᠤᠯᠤᠨ᠂ 12 ᠰᠠᠷ᠎ᠠ᠎ᠶᠢᠨ 5᠎ᠡᠴᠡ 9᠎ᠦ ᠡᠳᠦᠷ ᠪᠣᠯᠲᠠᠯ᠎ᠠ ᠴᠠᠰᠤᠨ ᠤ᠋ ᠠᠮᠠᠷᠠᠯᠳᠠ ᠲᠣᠬᠢᠷᠠᠭᠤᠯᠤᠨ᠎ᠠ ᠭᠡᠵᠡᠢ᠃
✦ᠠᠯᠠᠱᠠ ᠠᠢᠮᠠᠭ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂10 ᠰᠠᠷ᠎ᠠ᠎ᠶᠢᠨ ᠳᠤᠮᠳᠠᠴᠢ ᠪᠣᠯᠲᠠᠯ᠎ᠠ ᠠᠯᠠᠱᠠ ᠠᠢᠮᠠᠭ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠡᠭᠦᠷᠭᠡ᠎ᠵᠢ 222.6 ᠲᠦᠮᠡᠨ ᠮᠦ᠍ ᠪᠡᠶᠡᠯᠡᠭᠦᠯᠵᠦ᠂ ᠵᠢᠯ᠎ᠦᠨ ᠡᠭᠦᠷᠭᠡ᠎ᠵᠢᠨ ᠵᠢᠡᠨ 82.46% ᠵᠢ ᠪᠡᠶᠡᠯᠡᠭᠦᠯᠵᠡᠢ᠃
✦ᠡᠨᠡ ᠵᠢᠯ ᠲᠦᠩᠯᠢᠶᠣᠣ ᠬᠣᠲᠠ᠎ᠶᠢᠨ ᠬᠢᠨ ᠣᠷᠣᠨ ᠰᠠᠭᠤᠴᠠ᠎ᠶᠢᠨ ᠰᠠᠭᠤᠭᠠᠯᠢ ᠲᠣᠭᠣᠷᠢᠭ᠋᠎ᠤᠨ ᠠᠳᠠᠯ ᠠᠬᠤᠢ᠎ᠶᠢᠨ ᠦᠢᠯᠡᠴᠢᠯᠡᠭᠡᠨ᠎ᠦ ᠲᠣᠪᠣᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ 817 ᠰᠠᠭᠤᠭᠠᠯᠢ ᠲᠣᠭᠣᠷᠢᠭ᠋ᠢ᠋ ᠪᠦᠬᠦᠨ᠎ᠢ ᠬᠠᠮᠤᠷᠤᠬᠰᠠᠨ ᠵᠢᠭ᠍ᠰᠠᠭᠠᠨ ᠪᠠᠢᠴᠠᠭᠠᠬᠤ ᠠᠵᠢᠯ ᠥᠷᠨᠢᠭᠦᠯᠪᠡ᠃ ᠣᠲᠣᠬᠠᠨ ᠪᠣᠯᠲᠠᠯ᠎ᠠ ᠨᠡᠶ᠋ᠢᠲᠡ 1503 ᠠᠰᠠᠭᠤᠳᠠᠯ ᠢ᠋ ᠴᠤᠭᠯᠠᠭᠤᠯᠵᠤ᠂ ᠴᠡᠭᠴᠡᠯᠡᠨ ᠵᠠᠰᠠᠭᠰᠠᠨ ᠨᠣᠷᠮ᠎ᠠ 100%᠎ᠳᠤ ᠬᠦᠷᠴᠡᠢ᠃
✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ ᠳᠤᠮᠳᠠᠳᠤ ᠤᠯᠤᠰ᠎ᠤᠨ ᠮᠠᠯ᠎ᠤᠨ ᠠᠰᠢᠭ᠋ ᠰᠢᠮ᠎ᠡ᠎ᠶᠢᠨ ᠭᠦᠢᠯᠭᠡᠭᠡᠨ᠎ᠦ ᠨᠡᠢᠭᠡᠮᠯᠢᠭ᠎ᠲᠦ ᠪᠦᠯᠬᠦᠮ᠎ᠦᠨ ᠪᠠᠷᠢᠮᠵᠢᠶ᠎ᠠ᠎ᠶᠢ ᠬᠦᠴᠦᠨ ᠦᠭᠡᠢ ᠪᠣᠯᠭᠠᠬᠤ ᠲᠣᠭᠲᠠᠭᠠᠯ᠎ᠤᠨ ᠪᠢᠴᠢᠭ ᠪᠠᠭᠤᠯᠭᠠᠵᠤ᠂ ᠲᠣᠰ ᠨᠡᠢᠭᠡᠮᠯᠢᠭ᠎ᠦᠨ ᠲᠣᠭᠲᠠᠭᠠᠵᠤ ᠨᠡᠢᠲᠡᠯᠡᠭᠰᠡᠨ《ᠬᠣᠨᠢᠨ ᠨᠤᠤᠰᠤ ᠵᠢᠨ ᠠᠷᠠᠯᠵᠢᠶᠠᠨ᠎ᠤ ᠮᠡᠷᠭᠡᠵᠢᠯ᠎ᠦᠨ ᠵᠢᠷᠤᠮᠵᠢᠯ》(T/CAPMA9 ︱ 2025)᠎ᠤᠨ ᠪᠦᠯᠬᠦᠮ᠎ᠦᠨ ᠪᠠᠷᠢᠮᠵᠢᠶ᠎ᠠ᠎ᠶᠢ ᠲᠣᠰ ᠡᠳᠦᠷ᠎ᠡᠴᠡ ᠡᠬᠢᠯᠡᠨ ᠬᠦᠴᠦᠨ ᠦᠭᠡᠢ ᠪᠣᠯᠭᠠᠬᠤ᠎ᠶᠢᠨ ᠬᠠᠮᠲᠤ ᠪᠠᠷᠢᠮᠵᠢᠶᠠᠲᠤ ᠮᠡᠳᠡᠭᠡ ᠵᠠᠩᠭᠢ ᠵᠢ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ ᠳᠡᠭᠡᠷ᠎ᠡ ᠵᠠᠷᠯᠠᠨ ᠨᠡᠢᠲᠡᠯᠡᠬᠦ ᠬᠡᠷᠡᠭᠳᠡᠢ ᠭᠡᠵᠡᠢ᠃
✦ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ 1 ︱ 9 ᠰᠠᠷ᠎ᠠ᠎ᠳᠤ ᠥᠪᠥᠷ ᠮᠣᠩᠭᠣᠯ᠎ᠤᠨ ᠰᠢᠤᠳᠠᠨ᠎ᠤ ᠠᠵᠢᠯ ᠲᠥᠷᠥᠯ᠎ᠦᠨ ᠲᠤᠬᠠᠢᠯᠠᠭᠰᠠᠨ ᠠᠵᠢᠯ᠎ᠤᠨ ᠣᠷᠣᠯᠭ᠎ᠠ ᠨᠡᠶ᠋ᠢᠲᠡ 93.43 ᠳ᠋ᠦᠩᠰᠢᠭᠤᠷ ᠲᠥᠭᠥᠷᠢᠭ ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.5% ᠪᠡᠷ ᠨᠡᠮᠡᠭᠳᠡᠪᠡ᠃ ᠭᠤᠪᠢᠭᠤᠯᠭ᠎ᠠ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ ᠨᠡᠶ᠋ᠢᠲᠡ 8.76 ᠳ᠋ᠦᠩᠰᠢᠭᠤᠷ ᠬᠤᠪᠢ᠎ᠶᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 18.34% ᠪᠡᠷ ᠨᠡᠮᠡᠭᠳᠡᠪᠡ᠃
✦ᠲᠦᠷᠦᠭᠦᠬᠡᠨ ᠳᠣᠯᠣᠳᠤᠭᠠᠷ ᠬᠤᠭᠤᠴᠠᠭᠠᠨ᠎ᠤ ᠦᠨᠳᠦᠰᠦᠲᠡᠨ᠎ᠦ ᠤᠷᠠᠨ ᠵᠢᠷᠤᠭ ᠤ᠋ᠨ ᠪᠦᠲᠦᠭᠡᠯ᠎ᠦᠨ ᠦᠵᠡᠰᠬᠦᠯᠡᠩ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠶᠠᠪᠤᠭᠳᠠᠵᠤ᠂ 10 ᠦᠵᠡᠭᠦᠯᠭᠡ ᠶ᠋ᠢᠨ ᠲᠢᠩᠬᠢᠮ᠎ᠳᠦ ᠨᠡᠶ᠋ᠢᠲᠡ 389 ᠪᠦᠲᠦᠭᠡᠯ ᠢ᠋ ᠳᠡᠯᠭᠡᠨ ᠦᠵᠡᠭᠦᠯᠵᠦ᠂ ᠤᠯᠤᠰ᠎ᠤᠨ ᠲᠠᠰ᠎ᠤᠨ ᠦᠨᠳᠦᠰᠦᠲᠡᠨ᠎ᠦ ᠤᠷᠠᠨ ᠵᠢᠷᠤᠭ᠎ᠤᠨ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ ᠬᠠᠨᠭᠭᠠᠪᠠ᠃
✦5᠎ᠤ ᠡᠳᠦᠷ᠂ ᠵᠢᠷᠭᠤᠳᠤᠭᠠᠷ ᠬᠤᠭᠤᠴᠠᠭᠠᠨ᠎ᠤ《ᠲᠠᠯ᠎ᠠ ᠨᠤᠲᠤᠭ᠎ᠤᠨ ᠠᠯᠲᠠᠨ ᠨᠠᠮᠤᠷ》 ᠪᠥᠬᠥ ᠣᠷᠣᠨ᠎ᠤ ᠳᠠᠭᠤᠯᠠᠬᠤᠢ᠎ᠶᠢᠨ ᠤᠷᠤᠯᠳᠤᠭᠠᠨ ᠰᠢᠯᠢᠩᠬᠣᠲᠠ ᠳ᠋ᠤ ᠥᠨᠳᠥᠷᠯᠡᠪᠡ᠃ 3 ᠡᠳᠦᠷ ᠶᠠᠪᠤᠭᠳᠠᠭᠰᠠᠨ ᠲᠤᠰ ᠤᠷᠤᠯᠳᠤᠭᠠᠨ᠎ᠳᠤ ᠪᠦᠬᠦ ᠣᠷᠣᠨ᠎ᠤ ᠡᠯ᠎ᠡ ᠠᠢᠮᠠᠭ ᠬᠤᠳᠠ ᠵᠢᠴᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ᠂ ᠥᠪᠥᠷ ᠮᠣᠩᠭᠣᠯ᠎ᠤᠨ ᠤᠷᠠᠯᠢᠭ᠋ ᠵᠦᠴᠦᠭᠡ ᠶ᠋ᠢᠨ ᠬᠦᠷᠢᠶᠡᠯᠡᠩ᠎ᠦᠨ 50 ᠡᠩᠨᠡᠭᠡ᠂ 78 ᠤᠷᠠᠯᠢᠬᠴᠢᠨ ᠣᠷᠣᠯᠴᠠᠵᠠᠢ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯᠭᠦᠢ᠎ᠶᠢᠨ ᠵᠥᠪᠯᠡᠯ 5 ᠤ ᠡᠳᠦᠷ ᠳᠠᠷᠠᠭᠠᠴᠢ ᠶ᠋ᠢᠨ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠶ᠋ᠢᠨ ᠨᠠᠷᠢᠨ ᠪᠢᠴᠢᠭ᠎ᠦᠨ ᠳᠠᠷᠤᠭ᠎ᠠ᠎ᠶᠢ ᠰᠢᠯᠢᠨ ᠰᠣᠩᠭᠣᠬᠤ ᠲᠤᠬᠠᠢ 8 ᠳ᠋ᠤᠭᠠᠷ ᠡᠭᠡᠯᠵᠢ᠎ᠶᠢᠨ ᠰᠠᠨᠠᠯ ᠳ᠋ᠤ ᠪᠢᠯᠸᠲ ᠦᠭᠴᠠᠢ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠡᠯᠡᠬᠡᠢ᠎ᠶᠢᠨ ᠪᠠᠩᠬᠢ ᠶ᠋ᠢᠨ 5 ᠤ ᠡᠳᠦᠷ ᠨᠡᠢᠲᠡᠯᠡᠭᠰᠡᠨ ᠬᠠᠮᠤᠭ᠎ᠤᠨ ᠰᠢᠨ᠎ᠡ ᠤᠯᠠᠨ ᠤᠯᠤᠰ᠎ᠤᠨ ᠥᠷᠢ ᠥᠭᠴᠡᠭᠡᠨ᠎ᠦ ᠮᠡᠳᠡᠭᠦᠯᠦᠯᠲᠡ᠎ᠳᠦ᠂ ᠬᠥᠭᠵᠢᠭᠡᠳᠦᠢ ᠤᠯᠤᠰ 1989 ᠣᠨ ᠡᠴᠠ ᠨᠠᠭᠠᠰᠢᠬᠢ ᠬᠠᠮᠤᠭ᠎ᠤᠨ ᠥᠨᠳᠥᠷ ᠭᠠᠳᠠᠭᠠᠳᠤ ᠥᠷᠢ ᠥᠭᠴᠡᠭᠡᠨ᠎ᠦ ᠥᠪᠡᠷ᠎ᠦᠨ ᠦᠷᠳᠡᠭ᠎ᠲᠦ ᠲᠤᠯᠭᠠᠷᠠᠵᠤ᠂ ᠬᠥᠭᠵᠢᠵᠦ ᠪᠠᠢᠭ᠎ᠠ ᠤᠯᠤᠰ᠎ᠤᠨ ᠭᠠᠳᠠᠭᠠᠳᠤ ᠵᠢᠭᠡᠯᠡᠯᠭᠡ᠎ᠶᠢᠨ ᠬᠡᠪᠴᠢᠶ᠎ᠡ᠎ᠶᠢᠨ ᠨᠡᠮᠡᠭᠳᠡᠯ᠎ᠦᠨ ᠬᠤᠷᠳᠤᠴᠠ ᠢᠯᠡᠳᠲᠡ ᠳᠡᠭᠡᠭᠰᠢᠯᠡᠵᠡᠢ ᠭᠡᠪᠡ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠲᠥᠷᠥ ᠶ᠋ᠢᠨ ᠶᠠᠪᠤᠳᠠᠯ᠎ᠤᠨ ᠰᠠᠢᠳ ᠷᠦᠪᠢᠤ᠋ ᠲᠡᠭᠦᠨ ᠦ ᠲᠤᠰᠢᠶᠠᠯ᠎ᠠᠴᠠ᠎ᠪᠠᠨ ᠰᠠᠯᠵᠤ ᠶᠡᠷᠦᠩᠬᠡᠢᠯᠡᠭᠴᠢ᠎ᠶᠢᠨ ᠰᠣᠩᠭᠣᠭᠤᠯᠢ᠎ᠳᠤ ᠥᠷᠢᠰᠦᠯᠳᠦᠬᠦ᠎ᠪᠡᠷ ᠲᠥᠯᠥᠪᠯᠡᠵᠦ ᠪᠠᠢᠭ᠎ᠠ ᠲᠤᠬᠠᠢ ᠮᠡᠳᠡᠭᠡᠯᠡᠯ᠎ᠢ ᠦᠭᠡᠢᠰᠬᠡᠵᠦ᠂ ᠲᠣᠰ ᠬᠤᠭᠤᠴᠠᠭᠠᠨ᠎ᠤ ᠵᠠᠰᠠᠭ ᠤ᠋ᠨ ᠣᠷᠳᠣᠨ᠎ᠤ ᠲᠤᠰᠢᠶᠠᠯ᠎ᠤᠨ ᠬᠤᠭᠤᠴᠠᠭ᠎ᠠ ᠳᠠᠭᠤᠰᠬᠤ᠎ᠠᠴᠠ ᠡᠮᠦᠨ᠎ᠡ ᠲᠤᠰᠢᠶᠠᠯ ᠳ᠋ᠠᠭᠠᠨ ᠦᠯᠡᠳᠡᠨ᠎ᠡ ᠭᠡᠵᠡᠢ᠃
✦ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 8 ᠬᠥᠮᠥᠨ ᠡᠯᠰᠡᠨ᠎ᠡ᠃
ᠲᠠᠨ ᠤ ᠲᠤᠰᠡ ᠳ᠋ᠤ
✦ ᠬᠡᠷᠪᠡ ᠢᠳᠡᠭᠡᠨ᠎ᠤ ᠵᠦᠢᠯ᠎ᠤᠨ ᠴᠢᠨᠠᠷ ᠨᠢ ᠬᠤᠪᠢᠷᠠᠭᠰᠠᠨ ᠪᠠᠢᠪᠠᠯ ᠬᠡᠳᠦᠢ ᠦᠨᠡᠲᠡᠢ ᠪᠠᠢᠭᠰᠠᠨ ᠴᠤ᠌ ᠬᠠᠶᠠᠬᠤ ᠬᠡᠷᠡᠭᠳᠡᠢ᠃ ᠰᠢᠷ᠎ᠠ ᠬᠥᠷᠥᠩᠭᠡ᠎ᠶᠢᠨ ᠬᠥᠭᠡᠴᠦ᠎ᠶᠢᠨ ᠬᠣᠣᠷᠲᠤ ᠡᠳ᠋ ᠪᠣᠯ ᠡᠯᠢᠭᠡᠨᠦ ᠦᠷᠪᠢᠰᠦᠯ᠂ ᠡᠯᠢᠭᠡᠨᠦ ᠬᠠᠲᠠᠭᠤᠷᠠᠯ᠂ ᠡᠯᠢᠭᠡᠨᠦ ᠥᠮᠡᠨᠦ ᠴᠢᠬᠤᠯᠠ ᠰᠢᠯᠲᠠᠭᠠᠨ ᠪᠠᠢᠵᠦ᠂ ᠨᠢᠭᠡᠳᠦᠭᠡᠷ ᠳᠡᠰ᠎ᠤᠨ ᠥᠮᠡᠨ ᠡᠭᠦᠰᠬᠡᠬᠦ ᠪᠣᠳᠠᠰ ᠪᠣᠯᠣᠨ᠎ᠠ᠃ ᠤᠯᠠᠨᠭᠬᠢ ᠳ᠋ᠠᠭᠠᠨ ᠴᠢᠨᠠᠷ ᠨᠢ ᠬᠤᠪᠢᠷᠠᠭᠰᠠᠨ ᠡᠷᠳᠡᠨᠢ ᠰᠢᠰᠢ ᠵᠡᠷᠭᠡ ᠳ᠋ᠤ ᠠᠭᠤᠯᠤᠭᠳᠠᠵᠤ᠂ 120 ᠭᠷᠡᠳᠦ᠋ᠰ᠎ᠤᠨ ᠬᠠᠯᠠᠭᠤᠨ ᠳ᠋ᠤ ᠵᠠᠳᠠᠷᠠᠬᠤ ᠦᠭᠡᠢ ᠪᠠᠢᠵᠦ᠂ 280 ᠭᠷᠡᠳᠦ᠋ᠰ᠎ᠡᠴᠡ ᠳᠡᠭᠡᠭᠰᠢᠬᠢ ᠬᠠᠯᠠᠭᠤᠨ ᠳ᠋ᠤ ᠰᠠᠶᠢ ᠪᠦᠲᠦᠴᠡ ᠨᠢ ᠡᠪᠳᠡᠷᠡᠳᠡᠭ᠃
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
- ᠨᠠᠢᠷᠠᠭᠤᠯᠤᠭ᠍ᠴᠢ᠄
-
ᠨᠡᠪᠲᠡᠷᠡᠭᠦᠯᠦᠭᠴᠢ᠄
ᠤᠷᠠᠨᠲᠠᠨ᠎ᠠ
-
ᠮᠡᠷᠭᠡᠵᠢᠯ᠄
ᠶᠠᠨᠭ ᠸᠧᠨ ᠭᠤᠸᠠᠩ
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃