2026-11-10 10:38:11



ᠨᠡᠢᠭᠡᠮ
✦7᠎ᠤ ᠡᠳᠦᠷ᠂ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠡᠴᠡ ᠵᠣᠬᠢᠶᠠᠨ ᠪᠠᠢᠭᠤᠯᠤᠭᠰᠠᠨ ᠳᠤᠮᠳᠠᠳᠤ ᠤᠯᠤᠰ᠎ᠤᠨ 43 ᠳ᠋ᠤᠭᠠᠷ ᠤᠳᠠᠭᠠᠨ᠎ᠤ ᠡᠮᠦᠨᠡᠲᠦ ᠲᠤᠢᠯ᠎ᠤᠨ ᠪᠠᠢᠴᠠᠭᠠᠯᠲᠠ᠎ᠶᠢᠨ ᠠᠩᠭᠢ ᠬᠠᠢᠨᠠᠨ᠎ᠤ ᠰᠠᠨᠶᠠ ᠡᠴᠡ ᠮᠤᠷᠳᠠᠪᠠ᠃
✦ᠲᠦᠷᠦᠭᠦᠬᠡᠨ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ ᠡᠴᠡ ᠰᠢᠨ᠎ᠡ ᠨᠢᠭᠡ ᠡᠭᠡᠯᠵᠢ ᠶ᠋ᠢᠨ ᠪᠢᠴᠢᠯ ᠣᠬᠣᠷ ᠵᠦᠴᠦᠭᠡ ᠵᠢ ᠲᠤᠰᠬᠠᠢ ᠴᠡᠭᠴᠡᠯᠡᠨ ᠵᠠᠰᠠᠬᠤ ᠠᠵᠢᠯ ᠢ᠋ ᠪᠠᠢᠷᠢᠯᠠᠭᠤᠯᠤᠨ ᠥᠷᠨᠢᠭᠦᠯᠵᠦ᠂ 11 ᠰᠠᠷ᠎ᠠ ᠶ᠋ᠢᠨ 1᠎ᠦ ᠡᠳᠦᠷ ᠡᠴᠡ ᠡᠬᠢᠯᠡᠨ 12 ᠰᠠᠷ᠎ᠠ ᠶ᠋ᠢᠨ ᠡᠴᠦᠰ ᠪᠣᠯᠲᠠᠯ᠎ᠠ ᠶᠠᠪᠤᠭᠳᠠᠭᠤᠯᠬᠤ ᠪᠤᠯᠤᠨ᠎ᠠ᠃
✦6᠎ᠤ ᠡᠳᠦᠷ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠤ᠋ ᠪᠦᠯᠬᠦᠮ᠎ᠦᠨ ᠬᠢᠨ ᠳᠤᠮᠳᠠᠳᠤ ᠤᠯᠤᠰ᠎ᠤᠨ ᠰᠠᠨᠰᠠᠷ᠎ᠤᠨ ᠦᠷᠲᠡᠭᠡ ᠳ᠋ᠤ ᠬᠡᠳᠤ ᠬᠦᠢᠲᠡᠨ ᠠᠲ᠋ᠣᠮ᠎ᠤᠨ ᠹᠢᠽᠢᠺ᠎ᠦᠨ ᠲᠤᠷᠰᠢᠯᠲᠠ᠎ᠶᠢᠨ ᠠᠪᠳᠠᠷ᠎ᠠ᠎ᠶᠢ ᠠᠰᠢᠭ᠍ᠯᠠᠵᠤ᠂ ᠤᠳᠤᠬᠠᠨ ᠪᠤᠯᠳᠠᠯᠠᠬᠢ ᠬᠠᠮᠤᠭ᠎ᠤᠨ ᠬᠦᠢᠳᠡᠨ ᠤᠷᠴᠢᠨ ᠳ᠋ᠡᠬᠢ ᠵᠣᠬᠢᠶᠠᠮᠠᠯ ᠪᠣᠳᠠᠰ᠎ᠢ ᠦᠢᠯᠡᠳᠴᠦ᠂ ᠬᠥᠮᠥᠨ ᠲᠥᠷᠥᠯᠬᠢᠲᠡᠨ᠎ᠦ ᠬᠠᠮᠤᠭ᠎ᠤᠨ ᠳᠣᠣᠷ᠎ᠠ ᠳᠤᠯᠠᠭᠠᠨ ᠤᠷᠴᠢᠨ ᠳ᠋ᠡᠬᠢ ᠦᠢᠯᠡᠳᠦᠭᠰᠡᠨ ᠪᠣᠳᠠᠰ᠎ᠤᠨ ᠲᠡᠮᠳᠡᠭᠯᠡᠯ᠎ᠢ ᠰᠢᠨᠡᠳᠬᠡᠵᠡᠢ᠃
✦ᠡᠨᠡ ᠵᠢᠯ᠎ᠡᠴᠡ ᠨᠠᠭᠠᠰᠢ ᠮᠠᠨ᠎ᠤ ᠤᠯᠤᠰ ᠠᠵᠢᠯ ᠲᠥᠷᠥᠯ᠎ᠦᠨ ᠬᠦᠷᠢᠶ᠎ᠡ ᠬᠡᠪᠴᠢᠶᠡᠨ᠎ᠳᠦ ᠶᠡᠬᠡ ᠬᠡᠮᠵᠢᠶᠡᠨ᠎ᠦ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠥᠷᠨᠢᠭᠦᠯᠵᠦ᠂ ᠲᠦᠷᠦᠭᠦᠸ᠋ ᠭᠤᠷᠪᠠᠨ ᠤᠯᠠᠷᠢᠯ᠎ᠳᠤ ᠨᠥᠬᠥᠪᠦᠷᠢ᠎ᠶᠢᠨ ᠴᠢᠨᠠᠷᠲᠠᠢ ᠪᠣᠯᠪᠠᠰᠤᠷᠠᠯ ᠳ᠋ᠤ ᠤᠷᠤᠯᠴᠠᠭᠰᠠᠨ ᠬᠡᠪᠴᠢᠶ᠎ᠠ 800 ᠲᠦᠮᠡᠨ ᠬᠥᠮᠥᠨ ᠤᠳᠠᠭ᠎ᠠ ᠳ᠋ᠤ ᠬᠦᠷᠦᠭᠰᠡᠨ ᠪᠠᠢᠨ᠎ᠠ᠃
✦ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 5᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠠᠮᠤ ᠪᠤᠳᠠᠭᠠᠨ᠎ᠤ ᠲᠠᠷᠢᠮᠠᠯ᠎ᠤᠨ ᠬᠤᠷᠢᠶᠠᠯᠲᠠ ᠠᠷᠪᠠᠨ᠎ᠤ ᠶᠢᠰᠦᠨ ᠬᠤᠪᠢ᠎ᠶᠢ ᠳᠠᠪᠠᠵᠦ᠂ ᠪᠥᠬᠥ ᠣᠷᠣᠨ ᠤ᠋ ᠨᠠᠮᠤᠷ᠎ᠤᠨ ᠬᠤᠷᠢᠶᠠᠯᠲᠠ᠎ᠶᠢᠨ ᠦᠢᠯᠡᠳᠪᠦᠷᠢᠯᠡᠯ ᠶᠡᠷᠦᠩᠬᠡᠢ᠎ᠳᠡᠭᠡᠨ ᠲᠣᠭᠲᠠᠭᠤᠨ ᠪᠥᠭᠡᠳ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠶ ᠠᠬᠢᠵᠤ ᠪᠠᠢᠨ᠎ᠠ᠃
✦7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠪᠣᠯᠣᠨ ᠵᠢᠨᠢᠩ᠎ᠤᠨ ᠪᠠᠭ᠍ᠰᠢ᠎ᠶᠢᠨ ᠳᠡᠭᠡᠳᠦ ᠰᠤᠷᠭᠠᠭᠤᠯᠢ ᠡᠴᠡ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠥᠷᠥᠯ᠎ᠦᠨ ᠲᠤᠰᠬᠠᠢ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠵᠢᠴᠢ ᠨᠠᠮᠤᠷ᠎ᠤᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠡᠯᠰᠡᠬᠦ ᠴᠤᠭᠯᠠᠭᠠᠨ ᠶᠠᠪᠤᠭᠳᠠᠵᠤ᠂ ᠣᠷᠣᠨ᠎ᠤ ᠳᠣᠲᠣᠨ᠎ᠠ ᠭᠠᠳᠠᠨᠠᠬᠢ 210 ᠨᠢᠭᠡᠴᠢ ᠡᠴᠡ 6000 ᠰᠢᠬᠠᠮ ᠠᠵᠢᠯ᠎ᠤᠨ ᠪᠠᠢᠷᠢ ᠬᠠᠩᠭᠠᠭᠰᠠᠨ ᠪᠠᠢᠨ᠎ᠠ᠃
✦ᠣᠢᠷ᠎ᠠ᠎ᠶᠢᠨ ᠵᠢᠯ᠎ᠡᠴᠡ ᠵᠡᠭᠦᠨᠭᠠᠷ ᠬᠣᠰᠢᠭᠤ ᠣᠨᠴᠠᠯᠢᠭ᠍ᠲᠤ ᠭᠦᠵᠡᠯᠵᠡᠭᠡᠨ᠎ᠡ᠎ᠶᠢᠨ ᠠᠵᠤ ᠦᠢᠯᠡᠰ᠎ᠢ ᠬᠦᠭᠵᠢᠬᠦᠯᠵᠦ᠂ ᠣᠷᠣᠨ ᠨᠤᠲᠤᠭ᠎ᠤᠨ ᠣᠨᠴᠠᠯᠢᠭ᠍ᠲᠤ ᠲᠦᠷᠦᠯ ᠲᠡᠮᠳᠡᠭ ᠪᠣᠯᠭᠠᠨ ᠪᠣᠢᠵᠢᠭᠤᠯᠬᠤ᠎ᠶᠢ ᠠᠬᠢᠭᠤᠯᠵᠦ᠂ 2026 ᠣᠨ᠎ᠳ᠋ᠤ 1000 ᠲᠦᠮᠡᠨ ᠭᠦᠵᠡᠯᠵᠡᠭᠡᠨ᠎ᠡ᠎ᠶᠢᠨ ᠴᠢᠬᠢ ᠮᠤᠳᠤ ᠪᠤᠢᠵᠢᠭᠤᠯᠵᠤ᠂ ᠵᠢᠱ᠌ᠢᠯᠲᠡ᠎ᠪᠡᠷ 11 ᠰᠠᠷ᠎ᠠ᠎ᠶᠢᠨ 20 ᠤ ᠦᠶ᠎ᠡ᠎ᠪᠡᠷ ᠰᠢᠨ᠎ᠡ ᠰᠣᠷᠭᠣᠭ ᠵᠢᠮᠢᠰ ᠨᠢ ᠵᠠᠬ᠎ᠠ ᠳᠡᠯᠭᠡᠭᠦᠷ ᠲᠦ᠍ ᠭᠠᠷᠬᠤ ᠪᠣᠯᠣᠨ᠎ᠠ᠃
ᠰᠤᠶᠤᠯ
✦8᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠪᠥᠬᠥ ᠠᠷᠠᠳ᠎ᠤᠨ ᠤᠩᠰᠢᠯᠭ᠎ᠠ᠎ᠶᠢᠨ ᠰᠢᠷᠢᠰ ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ ᠬᠥᠬᠡᠬᠣᠲᠠ᠎ᠳᠤ ᠶᠠᠪᠤᠭᠳᠠᠪᠠ᠃
✦ᠲᠦᠷᠦᠭᠦᠬᠡᠨ ᠪᠦᠬᠦ ᠤᠯᠤᠰ᠎ᠤᠨ 11 ᠬᠤᠳᠠ᠎ᠶᠢᠨ ᠤᠳᠬ᠎ᠠ ᠤᠷᠠᠯᠢᠭ᠋ ᠤ᠋ᠨ ᠬᠢᠨ᠎ᠦ ᠬᠣᠯᠪᠣᠭ᠎ᠠ᠎ᠠᠴᠠ ᠬᠠᠮᠲᠤᠷᠠᠨ ᠵᠣᠬᠢᠶᠠᠨ ᠪᠠᠢᠭᠤᠯᠤᠭᠰᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠪᠠᠨ ᠨᠢᠭᠡᠨ ᠬᠤᠳᠠ᠎ᠶᠢᠨ ᠤᠷᠠᠨ ᠪᠢᠴᠢᠯᠭᠡ ᠶ᠋ᠢᠨ ᠬᠠᠮᠲᠤᠷᠠᠭᠰᠠᠨ ᠦᠵᠡᠰᠬᠦᠯᠡᠩ (ᠦᠬᠠᠢᠳ᠋ᠡᠬᠢ ᠦᠵᠡᠰᠬᠦᠯᠡᠩ) ᠦᠬᠠᠢ ᠬᠤᠳᠠ᠎ᠳᠤ ᠡᠬᠢᠯᠡᠵᠦ᠂ ᠨᠡᠢᠳᠡ 169 ᠪᠦᠲᠦᠭᠡᠯ᠎ᠢ ᠳᠡᠯᠭᠡᠨ ᠦᠵᠡᠭᠦᠯᠪᠡ᠃
✦ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠰᠬᠦᠯᠡᠩ᠎ᠦᠨ ᠴᠤᠭᠯᠠᠭᠠᠨ 11 ᠰᠠᠷ᠎ᠠ᠎ᠶᠢᠨ 6 ᠡᠴᠡ 10 ᠤ ᠡᠳᠦᠷ ᠪᠣᠯᠲᠠᠯ᠎ᠠ ᠴᠦᠩᠴᠢᠩ ᠳ᠋ᠤ ᠶᠠᠪᠤᠭᠳᠠᠵᠤ᠂ ᠥᠪᠥᠷ ᠮᠣᠩᠭᠣᠯ ᠡᠴᠡ 27 ᠵᠦᠢᠯ᠎ᠦᠨ ᠤᠯᠤᠰ᠎ᠤᠨ ᠲᠠᠰᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠵᠢᠴᠢ ᠬᠠᠮᠢᠶ᠎ᠠ ᠪᠦᠬᠦᠢ ᠤᠯᠠᠮᠵᠢᠯᠠᠨ ᠵᠠᠯᠭᠠᠮᠵᠢᠯᠠᠭ᠍ᠴᠢ ᠣᠷᠣᠯᠴᠠᠪᠠ᠃
✦ᠣᠢᠷ᠎ᠠ᠎ᠳᠤ ᠲᠦᠨᠭᠯᠢᠶᠤᠤ ᠬᠣᠲᠠ᠎ᠶᠢᠨ ᠮᠦᠽᠧᠢ 《ᠯᠢᠶᠣᠤᠾᠧ ᠭᠣᠣᠯ ᠤ᠋ᠨ ᠬᠥᠪᠡᠭᠡᠨ᠎ᠳᠡᠬᠢ ᠡᠪᠦᠯ᠎ᠦᠨ ᠦᠵᠡᠮᠵᠢ》 ᠭᠡᠬᠦ ᠡᠪᠦᠯ᠎ᠦᠨ ᠤᠯᠠᠷᠢᠯ᠎ᠤᠨ ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠲᠦ᠍ ᠰᠤᠳᠤᠯᠤᠨ ᠰᠤᠷᠤᠯᠴᠠᠬᠤ ᠶᠠᠪᠤᠴᠠ᠎ᠳᠠᠭᠠᠨ ᠲᠡᠦᠬᠡ ᠰᠣᠶᠣᠯ ᠪᠣᠯᠣᠨ ᠴᠠᠭ ᠤᠯᠠᠷᠢᠯ᠎ᠢ ᠣᠢᠯᠠᠭᠠᠬᠤ ᠲᠠᠪᠴᠠᠡᠭ ᠬᠠᠨᠭᠭᠠᠪᠠ᠃
ᠲᠠᠮᠢᠷ
✦7᠎ᠤ ᠡᠳᠦᠷ᠂ 2026 ᠣᠨ᠎ᠤ ᠳᠤᠮᠳᠠᠳᠤ ᠤᠯᠤᠰ᠎ᠤᠨ ᠬᠦᠢᠲᠡᠨ ᠤ᠋ ᠲᠤᠢᠯ᠎ᠤᠨ ᠬᠠᠭᠠᠰ ᠵᠠᠶ ᠵᠢᠨ ᠮᠠᠷᠠᠽᠤᠨ ᠤᠷᠤᠯᠳᠤᠭᠠᠨ ᠬᠡᠭᠡᠨ ᠭᠣᠣᠯ ᠬᠣᠲᠠ᠎ᠶᠢᠨ ᠣᠯᠭᠣᠶᠠ᠎ᠳᠤ ᠶᠠᠪᠤᠭᠳᠠᠵᠤ᠂ ᠪᠥᠬᠥ ᠤᠯᠤᠰ᠎ᠤᠨ 19 ᠮᠤᠵᠢ ᠬᠣᠲᠠ ᠥᠪᠡᠷᠲᠡᠭᠡᠨ ᠵᠠᠰᠠᠬᠤ ᠣᠷᠣᠨ᠎ᠤ 700 ᠰᠢᠬᠠᠮ ᠲᠠᠮᠢᠷᠴᠢᠨ ᠤᠷᠤᠯᠴᠠᠭᠰᠠᠨ ᠪᠠᠢᠨ᠎ᠠ᠃
✦9᠎ᠤ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠳᠣᠲᠣᠷᠠᠬᠢ ᠲᠠᠪᠤᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠦᠨᠳᠦᠷᠯᠡᠵᠦ᠂ ᠨᠠᠰᠤᠨ ᠳ᠋ᠤ ᠬᠦᠷᠦᠭᠰᠡᠳ ᠪᠠ ᠵᠠᠯᠠᠭᠤᠴᠤᠳ ᠪᠠᠭᠠᠴᠤᠳ᠎ᠤᠨ ᠲᠤᠭᠤᠢᠯᠠᠡᠭ ᠳ᠋ᠤ ᠮᠠᠨᠭᠯᠠᠢᠯᠠᠭᠰᠠᠨ ᠠᠩᠬᠢ ᠨᠢ ᠪᠦᠬᠦ ᠤᠯᠤᠰ᠎ᠤᠨ ᠤᠷᠤᠯᠳᠤᠭᠠᠨ ᠳ᠋ᠤ ᠤᠷᠤᠯᠴᠠᠬᠤ ᠪᠤᠯᠤᠨ᠎ᠠ᠃
ᠳᠡᠯᠡᠬᠡᠢ
✦ᠠᠮᠧᠷᠢᠺᠠ ᠶ᠋ᠢᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠪᠴᠢᠶ᠎ᠠ ᠲᠤᠬᠠᠢ ᠶ᠋ᠢᠨ ᠭᠠᠵᠠᠷ᠎ᠤᠨ ᠴᠠᠭ᠎ᠢᠶᠠᠷ 7᠎ᠤ ᠡᠳᠦᠷ ᠢᠯᠡᠷᠬᠡᠢᠯᠡᠭᠰᠡᠨ ᠵᠢᠡᠷ᠂ 8 ᠺᠣᠮᠫᠠᠨᠢ ᠶ᠋ᠢ ᠰᠣᠩᠭᠣᠵᠤ ᠰᠢᠨ᠎ᠡ ᠡᠭᠡᠯᠵᠢ ᠶ᠋ᠢᠨ《ᠰᠠᠷᠠᠨ ᠪᠥᠮᠪᠥᠷᠴᠡᠭ᠎ᠦᠨ ᠬᠤᠳᠠᠯᠳᠤᠭᠠᠨ᠎ᠤ ᠲᠡᠭᠡᠭᠡᠪᠦᠷᠢ ᠶ᠋ᠢᠨ ᠦᠢᠯᠡᠴᠢᠯᠡᠭᠡᠨ᠎ᠦ ᠲᠥᠯᠥᠪᠯᠡᠭᠡ》᠎ᠳᠦ ᠣᠷᠣᠯᠴᠠᠭᠤᠯᠬᠤ ᠶ᠋ᠢᠨ ᠬᠠᠮᠲᠤ ᠴᠥᠮ᠎ᠡ ᠶ᠋ᠢᠨ ᠬᠥᠳᠡᠯᠭᠡᠭᠦᠷᠲᠦ ᠰᠠᠷᠠᠨ ᠪᠥᠮᠪᠥᠷᠴᠡᠭ ᠦ᠋ᠨ ᠲᠡᠷᠭᠡ ᠶ᠋ᠢ ᠰᠤᠳᠤᠯᠤᠨ ᠦᠢᠯᠡᠳᠬᠦ ᠠᠵᠢᠯ ᠢ᠋ ᠠᠬᠢᠭᠤᠯᠤᠨ᠎ᠠ ᠭᠡᠵᠡᠢ᠃
✦ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠠᠭᠤᠷ ᠠᠮᠢᠰᠬᠤᠯ᠎ᠢ ᠬᠢᠨᠠᠨ ᠬᠡᠮᠵᠢᠬᠦ ᠪᠠᠢᠭᠤᠯᠤᠮᠵᠢ 6᠎ᠤ ᠡᠳᠦᠷ ᠮᠡᠳᠡᠭᠦᠯᠦᠯᠲᠡ ᠨᠡᠢᠲᠡᠯᠡᠵᠦ᠂ ᠡᠨᠡ ᠵᠢᠯ᠎ᠦᠨ 10 ᠰᠠᠷ᠎ᠠ ᠪᠣᠯ ᠪᠦᠬᠦ ᠪᠥᠮᠪᠥᠷᠴᠡᠭ᠎ᠦᠨ ᠬᠠᠮᠢᠶ᠎ᠠ ᠪᠦᠬᠦᠢ ᠲᠡᠮᠳᠡᠭᠯᠡᠯ ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠬᠠᠯᠠᠭᠤᠨ 10 ᠰᠠᠷ᠎ᠠ ᠪᠠᠢᠵᠦ᠂ 2026 ᠣᠨ᠎ᠤ ᠪᠥᠬᠥ ᠪᠥᠮᠪᠥᠷᠴᠡᠭ᠎ᠦᠨ ᠳᠤᠮᠳᠠᠴᠢ ᠭᠠᠵᠠᠷ᠎ᠤᠨ ᠭᠠᠳᠠᠷᠭᠤ᠎ᠶᠢᠨ ᠠᠭᠠᠷ᠎ᠤᠨ ᠳᠤᠯᠠᠭᠠᠨ 1.5 ᠭᠷᠡᠳᠦ᠋ᠰ ᠳᠡᠭᠡᠭᠰᠢᠯᠡᠪᠡ ᠭᠡᠵᠡᠢ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 8 ᠤ ᠡᠳᠦᠷ ᠢᠯᠡᠷᠬᠡᠢᠯᠡᠬᠦ ᠳ᠋ᠡᠭᠡᠨ᠂ ᠠᠮᠧᠷᠢᠺᠠ ᠢᠷᠠᠺ᠎ᠤᠨ ᠬᠡᠯᠡᠯᠴᠡᠭᠡ ᠠᠬᠢᠴᠠ᠎ᠲᠠᠢ ᠪᠤᠯᠳᠠᠭ ᠯᠠ ᠶᠤᠮ ᠪᠣᠯ ᠠᠮᠧᠷᠢᠺᠠ ᠡᠴᠡ ᠢᠷᠡᠨ᠎ᠳᠤ ᠶᠡᠬᠡ ᠬᠡᠪᠴᠢᠶᠡᠨ᠎ᠦ ᠴᠡᠷᠢᠭ᠎ᠦᠨ ᠶᠠᠪᠤᠳᠠᠯ᠎ᠤᠨ ᠠᠵᠢᠯᠯᠠᠭ᠎ᠠ ᠠᠪᠬᠤ ᠦᠭᠡᠢ᠂ ᠭᠡᠪᠡᠴᠦ ᠲᠡᠷᠡ ᠳᠤᠮᠳᠠᠳᠤ ᠳᠣᠷᠣᠨᠠᠲᠤ᠎ᠳᠤ ᠰᠠᠭᠤᠭ᠎ᠠ ᠠᠮᠧᠷᠢᠺᠠ᠎ᠶᠢᠨ ᠴᠡᠷᠢᠭ ᠪᠦᠷᠢᠨ ᠪᠡᠯᠡᠳᠬᠡᠯ ᠲᠠᠢ ᠪᠠᠢᠨ᠎ᠠ᠂ ᠳᠠᠬᠢᠨᠲᠠ ᠵᠡᠪᠰᠡᠭ ᠬᠥᠳᠡᠯᠭᠡᠬᠦ ᠪᠣᠯᠣᠯᠴᠠᠭ᠎ᠠ᠎ᠶᠢ ᠦᠭᠡᠶ᠋ᠢᠰᠬᠡᠬᠦ ᠦᠭᠡᠢ ᠭᠡᠪᠡ᠃
ᠦᠢᠯᠡᠴᠢᠯᠡᠭᠡ
✦ᠲᠦᠩᠯᠢᠶᠣᠣ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ 63 ᠵᠢᠯᠣᠭᠣᠴᠢ ᠡᠯᠰᠡᠨ᠎ᠠ᠃
ᠲᠠᠨ᠎ᠤ ᠲᠤᠰᠠ᠎ᠳᠤ
✦ᠡᠪᠦᠯ᠎ᠦᠨ ᠤᠯᠠᠷᠢᠯ᠎ᠤᠨ ᠳᠣᠣᠷ᠎ᠠ ᠳᠤᠯᠠᠭᠠᠨ ᠨᠢ ᠵᠢᠷᠦᠬᠡ ᠴᠢᠰᠤᠨ ᠰᠤᠳᠠᠯ᠎ᠤᠨ ᠳᠠᠭᠠᠭᠠᠴᠠ᠎ᠶᠢ ᠬᠦᠨᠳᠦᠷᠡᠭᠦᠯᠳᠡᠭ᠃ ᠡᠷᠲᠡ ᠤᠨᠳᠠᠵᠤ ᠤᠷᠤᠢ ᠪᠤᠰᠬᠤ ᠨᠢ ᠡᠨᠡ ᠦᠶ᠎ᠠ ᠵᠢᠨ ᠪᠡᠶ᠎ᠠ ᠰᠤᠪᠢᠯᠠᠬᠤ ᠰᠠᠢᠨ ᠠᠷᠭ᠎ᠠ ᠪᠠᠢᠵᠦ᠂ ᠤᠷᠤᠢ ᠳ᠋ᠠᠭᠠᠨ 22 ᠴᠠᠭ᠎ᠤᠨ ᠤᠷᠴᠢᠮ ᠤᠨᠳᠠᠵᠤ᠂ ᠦᠷᠯᠦᠭᠡ ᠳ᠋ᠡᠭᠡᠨ ᠨᠠᠷᠠ ᠭᠠᠷᠤᠭᠰᠠᠨ᠎ᠤ ᠳᠠᠷᠠᠭ᠎ᠠ ᠪᠤᠰᠪᠠᠯ ᠰᠠᠢᠨ ᠪᠠᠢᠳᠠᠭ᠃
ᠵᠠᠯᠭᠠᠭᠠᠳ 《ᠪᠤᠶᠠᠨᠰᠠᠭ ᠠᠪᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠮᠥᠩᠬᠡᠪᠠᠶᠠᠷ
-
ᠨᠡᠪᠲᠡᠷᠡᠭᠦᠯᠦᠭᠴᠢ᠄
ᠮᠥᠩᠬᠡᠪᠠᠶᠠᠷ
-
ᠮᠡᠷᠭᠡᠵᠢᠯ᠄
ᠬᠤ᠌ ᠰᠠᠷᠠᠨ᠎ᠠ
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃