ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-12 11:51:45

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3



ᠨᠡᠢᠭᠡᠮ      

✦ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠤᠷᠢ᠎ᠶᠢᠨ ᠡᠯᠧᠺᠲᠷᠣᠨ ᠪᠠᠷᠢᠮᠲᠠ᠎ᠶᠢᠨ ᠦᠢᠯᠡᠴᠢᠯᠡᠭᠡ᠎ᠶᠢ 12 ᠰᠠᠷ᠎ᠠ᠎ᠶᠢᠨ 1᠎ᠦ ᠡᠳᠦᠷ᠎ᠡᠴᠡ ᠡᠬᠢᠯᠡᠨ ᠳᠠᠬᠢᠨᠲᠠ ᠰᠢᠯᠢᠳᠡᠭᠵᠢᠭᠦᠯᠬᠦ ᠪᠡᠷ ᠪᠤᠢ᠃

✦ᠭᠠᠳᠠᠭᠠᠳᠤ᠎ᠠᠴᠠ ᠣᠷᠣᠭᠤᠯᠤᠭᠰᠠᠨ ᠪᠠᠭ᠎ᠠ ᠮᠠᠰᠢᠨ ᠲᠡᠷᠭᠡᠨ᠎ᠳᠤ ᠰᠢᠨ᠎ᠡ᠎ᠪᠡᠷ ᠲᠡᠷᠭᠡᠨ ᠫᠠᠢᠰᠠ ᠭᠤᠶᠤᠴᠢᠯᠠᠬᠤ᠎ᠳᠤ 《ᠨᠢᠭᠡ ᠯᠠ ᠳᠡᠭᠡᠷ᠎ᠡ ᠭᠦᠢᠴᠡᠳᠬᠡᠬᠦ》 ᠵᠡᠷᠭᠡ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠳᠤᠪᠴᠢᠶ᠎ᠠ ᠵᠢᠨ ᠠᠷᠠᠳ᠎ᠲᠤ ᠳᠥᠭᠥᠮ ᠦᠵᠡᠭᠦᠯᠵᠦ᠂ ᠠᠵᠤ ᠠᠬᠤᠢᠯᠠᠯ᠎ᠳᠤ ᠠᠰᠢᠭ᠍ᠲᠠᠢ ᠪᠣᠯᠭᠠᠬᠤ 5 ᠵᠦᠢᠯ᠎ᠦᠨ ᠥᠭᠡᠷᠡᠴᠢᠯᠡᠯᠲᠡ᠎ᠶᠢᠨ ᠰᠢᠨ᠎ᠡ ᠠᠷᠭ᠎ᠠ ᠬᠡᠮᠵᠢᠶ᠎ᠡ᠎ᠶᠢ 12 ᠰᠠᠷ᠎ᠠ᠎ᠶᠢᠨ 1᠎ᠤ ᠡᠳᠦᠷ᠎ᠡᠴᠡ ᠡᠬᠢᠯᠡᠨ ᠪᠦᠬᠦ ᠤᠯᠤᠰ᠎ᠲᠦ ᠬᠡᠷᠡᠭᠵᠢᠭᠦᠯᠬᠦ᠎ᠪᠡᠷ ᠪᠣᠢ᠃

✦ᠤᠢᠷ᠎ᠠ᠎ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ 《ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠥᠳᠡᠯᠭᠡᠭᠦ ᠬᠦᠴᠦᠨ᠎ᠦ ᠳ᠋ᠢᠶᠠᠨ ᡂᠢ ᠎ᠶᠢᠨ ᠲᠣᠭᠠᠴᠢᠯᠠᠭᠰᠠᠨ ᠪᠡᠶ᠎ᠡ ᠎ᠶᠢᠨ ᠦᠨᠡᠮᠯᠡᠯ ᠎ᠦᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ》᠎ᠤᠨ ᠲᠤᠬᠠᠢ ᠢᠯᠡ᠎ᠪᠠᠷ ᠰᠠᠨᠠᠯ ᠬᠤᠷᠢᠶᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠥᠳᠡᠯᠭᠡᠭᠦ ᠬᠦᠴᠦᠨ᠎ᠦ ᠳ᠋ᠢᠶᠠᠨ ᡂᠢ᠎ᠶᠢᠨ ᠪᠦᠬᠦ ᠬᠡᠯᠬᠢᠶ᠎ᠡ᠎ᠶᠢᠨ ᠬᠢᠨᠠᠯᠲᠠ  ᠬᠠᠮᠢᠶᠠᠷᠤᠯᠲᠠ᠎ᠶᠢ  ᠴᠢᠩᠭᠠᠳᠬᠠᠬᠤ ᠪᠡᠷ ᠪᠣᠢ᠃

✦ᠤᠢᠷ᠎ᠠ᠎ᠶᠢᠨ ᠡᠳᠦᠷ 22.3 ᠲᠣᠨ ᠬᠦᠢᠲᠡᠨ ᠬᠠᠳᠠᠭᠠᠯᠠᠭᠰᠠᠨ ᠰᠠᠷᠢᠮᠰᠠᠭ ᠳᠦᠭᠦᠷᠡᠩ ᠠᠴᠢᠭ᠍ᠰᠠᠨ TIR ᠣᠯᠠᠨ ᠤᠯᠤᠰ᠎ᠤᠨ ᠵᠠᠰᠠᠮᠠᠯ ᠵᠠᠮ᠎ᠤᠨ ᠲᠡᠭᠡᠭᠡᠪᠦᠷᠢ᠎ᠶᠢᠨ ᠲᠡᠷᠭᠡ ᠮᠠᠨᠵᠤᠤᠷ ᠪᠣᠭᠣᠮᠲᠠ᠎ᠳᠤ ᠬᠢᠯᠢ᠎ᠡᠴᠡ ᠭᠠᠷᠬᠤ ᠭᠠᠷᠳᠠᠮ ᠭᠦᠢᠴᠡᠳᠬᠡᠨ ᠤᠷᠣᠰ᠎ᠤᠨ ᠮᠣᠰᠺᠸᠠ ᠤᠷᠤᠭᠤ ᠠᠶᠠᠯᠠᠵᠤ᠂ ᠮᠠᠨ᠎ᠤ ᠤᠯᠤᠰ᠎ᠤᠨ ᠠᠩᠬᠠᠳᠠᠭ᠍ᠴᠢ ᠮᠤᠵᠢ ᠠᠯᠤᠰᠯᠠᠭᠰᠠᠨ 《TIR + ᠲᠦᠷᠭᠡᠨ ᠬᠤᠷᠳᠤᠴᠠᠲᠤ ᠰᠠᠭᠠᠳ ᠦᠭᠡᠢ ᠨᠡᠪᠲᠡᠷᠡᠬᠦ》ᠬᠢᠯᠢ᠎ᠪᠡᠷ ᠭᠠᠷᠤᠭᠰᠠᠨ ᠪᠠᠷᠠᠭ᠎ᠠ ᠪᠣᠯᠵᠠᠢ᠃

✦ᠰᠢᠯᠢᠩᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ 2019 ᠣᠨ᠎ᠠᠴᠠ ᠨᠠᠭᠠᠰᠢᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠳᠦ ᠴᠢᠭᠯᠡᠭᠦᠯᠦᠨ ᠪᠥᠬᠥ ᠬᠡᠯᠬᠢᠶ᠎ᠡ᠎ᠪᠡᠷ ᠵᠢᠭ᠍ᠰᠠᠭᠠᠨ ᠪᠠᠢᠴᠠᠭᠠᠵᠤ᠂ ᠪᠠᠢᠴᠠᠭᠠᠨ ᠢᠯᠡᠷᠡᠭᠦᠯᠦᠭᠰᠡᠨ ᠠᠰᠠᠭᠤᠳᠠᠯ᠎ᠢ ᠪᠦᠬᠦᠨ᠎ᠢ ᠴᠡᠭᠴᠡᠯᠡᠨ ᠰᠠᠢᠵᠢᠷᠠᠭᠤᠯᠪᠠ᠃

✦ᠲᠦᠷᠦᠭᠦᠬᠡᠨ ᠶᠠᠪᠤᠭᠳᠠᠭᠰᠠᠨ ᠳᠥᠷᠪᠡᠳᠦᠭᠡᠷ ᠬᠤᠭᠤᠴᠠᠭᠠᠨ᠎ᠤ ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠤᠨ ᠤᠷᠤᠯᠳᠤᠭᠠᠨ᠎ᠤ ᠪᠥᠬᠥ ᠤᠯᠤᠰ᠎ᠤᠨ ᠣᠷᠤᠯᠳᠤᠭᠠᠨ᠎ᠳᠤ᠂ ᠤᠯᠠᠭᠠᠠᠬᠠᠳᠠ ᠬᠤᠲᠠ᠎ᠶᠢᠨ ᠣᠷᠣᠯᠴᠠᠭ᠍ᠴᠢ ᠭᠧᠩ ᠰᠢᠶᠣᠣ ᠶᠠᠨ ᠦᠨᠳᠦᠰᠦᠨ ᠱᠠᠲᠤᠨ᠎ᠤ ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠤᠷᠤᠯᠳᠤᠭᠠᠨ᠎ᠤ 《ᠪᠦᠬᠦ ᠤᠯᠤᠰ᠎ᠤᠨ ᠠᠷᠪᠠᠨ  ᠰᠢᠯᠢᠳᠡᠭ》 ᠎ᠤᠨ ᠢᠷᠠᠭᠤ ᠠᠯᠳᠠᠷ᠎ᠢ ᠬᠦᠷᠳᠡᠭᠰᠡᠨ ᠪᠠᠢᠨ᠎ᠠ᠃

✦ᠲᠤᠯᠤᠨ ᠨᠤᠤᠷ ᠰᠢᠶᠠᠨ᠎ᠤ A1 ᠳᠡᠰ᠎ᠤᠨ ᠨᠡᠢᠳᠡᠮ᠎ᠤᠨ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠤᠨ ᠪᠦᠬᠦᠶ᠋ᠢᠯᠡ ᠪᠦᠲᠦᠭᠡᠨ ᠪᠠᠢᠭᠤᠯᠤᠯᠲᠠ ᠤᠷᠴᠢᠮᠬᠠᠨ ᠳᠠᠭᠤᠰᠴᠤ᠂ ᠤᠳᠤ ᠶᠠᠭ ᠰᠢᠯᠭᠠᠨ ᠠᠪᠬᠤ ᠵᠢ ᠬᠦᠯᠢᠶᠡᠵᠤ ᠪᠤᠢ᠃

✦ᠭᠡᠷ ᠪᠦᠯᠢ ᠎ᠶᠢᠨ ᠬᠥᠮᠦᠵᠢᠯ ᠭᠡᠷ ᠎ᠦᠨ ᠰᠤᠷᠲᠠᠯ ᠎ᠤᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ᠎ᠤ ᠭᠡᠷ ᠪᠦᠯᠢ᠎ᠶᠢᠨ ᠬᠥᠮᠦᠵᠢᠯ ᠵᠢᠯᠣᠭᠣᠳᠤᠯᠭ᠎ᠠ᠂ ᠭᠡᠷ᠎ᠦᠨ ᠠᠬᠠᠮᠠᠳ ᠦᠷ᠎ᠡ ᠬᠡᠦᠬᠡᠳ᠎ᠦᠨ ᠬᠠᠷᠢᠯᠴᠠᠭ᠎ᠠ ᠵᠢᠴᠢ ᠭᠡᠷ ᠪᠦᠯᠢ᠎ᠶᠢᠨ ᠶᠠᠪᠤᠳᠠᠯ᠎ᠢ ᠡᠶᠡᠳᠡᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ᠂ ᠣᠲᠣᠭ᠎ᠤᠨ ᠡᠮᠦᠨᠡᠲᠦ ᠬᠣᠰᠢᠭᠤᠨ᠎ᠤ ᠡᠮᠡᠭᠲᠡᠢᠴᠦᠳ᠎ᠦᠨ ᠬᠤᠯᠪᠤᠭ᠎ᠠ ᠤᠢᠷ᠎ᠠ᠎ᠳᠦ 2026 ᠣᠨ᠎ᠤ ᠭᠡᠷ ᠪᠦᠯᠢ᠎ᠶᠢᠨ ᠬᠥᠮᠦᠵᠢᠯ᠎ᠦᠨ ᠵᠢᠭᠠᠨ ᠵᠢᠯᠣᠭᠣᠳᠤᠭ᠍ᠴᠢ᠎ᠶᠢᠨ ᠪᠣᠯᠪᠠᠰᠤᠷᠠᠯ᠎ᠢ ᠡᠷᠬᠢᠯᠡᠵᠦ᠂ ᠪᠥᠬᠥ ᠬᠣᠰᠢᠭᠤᠨ᠎ᠤ 170 ᠭᠠᠷᠤᠢ ᠬᠥᠮᠥᠨ ᠰᠤᠷᠤᠯᠴᠠᠯᠭ᠎ᠠ᠎ᠳᠤ ᠣᠷᠣᠯᠴᠠᠬᠰᠠᠨ ᠪᠠᠢᠨ᠎ᠠ᠃

ᠠᠵᠤ ᠠᠬᠤᠢ

✦ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ 10᠎ᠤ ᠡᠳᠦᠷ ᠦᠨᠳᠤᠷᠯᠡᠵᠤ᠂ ᠨᠢᠭᠡ ᠵᠢᠯ᠎ᠦᠨ ᠰᠠᠨᠠᠮᠵᠢ᠎ᠪᠠᠷ ᠠᠷᠠᠯᠵᠢᠶ᠎ᠠ ᠪᠦᠲᠦᠭᠰᠡᠨ ᠬᠡᠮᠵᠢᠶ᠎ᠡ 854.5 ᠳ᠋ᠦᠩᠰᠢᠭᠤᠷ ᠳ᠋ᠣᠯᠯᠠᠷ᠎ᠲᠤ ᠬᠦᠷᠴᠦ᠂ ᠳᠡᠭᠡᠷ᠎ᠡ ᠬᠤᠭᠤᠴᠠᠭᠠᠨ᠎ᠤ ᠬᠢ᠎ᠡᠴᠡ 2.3% ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃

ᠲᠠᠮᠢᠷ 

✦ᠲᠤᠬᠠᠢ᠎ᠶᠢᠨ ᠭᠠᠵᠠᠷ᠎ᠤᠨ ᠴᠠᠭ᠎ᠢᠶᠠᠷ 9᠎ᠦ ᠡᠳᠦᠷ᠂ ᠳᠤᠮᠳᠠᠳᠤ ᠤᠯᠤᠰ᠎ᠤᠨ ᠠᠩᠭᠢ 2026 ᠣᠨ᠎ᠤ ᠳ᠋ᠠᠺᠠᠷ᠎ᠤᠨ ᠵᠠᠯᠠᠭᠤᠴᠤᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠭᠢᠮᠨᠠᠰᠲ᠋ᠢᠺ᠎ᠤᠨ ᠡᠮᠡᠭᠲᠡᠢ᠎ᠶᠢᠨ ᠪᠦᠯᠬᠦᠮ᠎ᠦᠨ ᠰᠢᠢᠳᠪᠦᠷᠢᠲᠦ ᠤᠷᠤᠯᠳᠤᠭᠠᠨ᠎ᠳᠤ ᠮᠠᠩᠯᠠᠢᠯᠠᠪᠠ᠃ ᠡᠨᠡ ᠨᠢ ᠵᠠᠯᠠᠭᠤᠴᠤᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠲᠡᠦᠬᠡ᠎ᠶᠢᠨ ᠠᠩᠬᠠᠳᠠᠭ᠍ᠴᠢ ᠡᠮᠡᠭᠲᠡᠢ᠎ᠶᠢᠨ ᠭᠢᠮᠨᠠᠰᠲ᠋ᠢᠺ᠎ᠤᠨ ᠪᠦᠯᠬᠦᠮ᠎ᠦᠨ ᠠᠯᠲᠠᠨ ᠮᠧᠳᠠᠯ᠎ᠢ ᠬᠦᠷᠳᠡᠭᠰᠡᠨ ᠶᠠᠪᠤᠳᠠᠯ ᠪᠤᠯᠤᠬᠰᠠᠨ ᠪᠥᠭᠡᠳ ᠮᠦᠨᠴᠦ ᠲᠣᠰ ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ᠎ᠤᠨ ᠭᠢᠮᠨᠠᠰᠲ᠋ᠢᠺ᠎ᠤᠨ ᠤᠷᠤᠯᠳᠤᠭᠠᠨ᠎ᠤ ᠡᠮᠡᠭᠲᠡᠢ᠎ᠶᠢᠨ ᠪᠦᠯᠬᠦᠮ᠎ᠦᠨ ᠪᠣᠶ ᠪᠦᠬᠦᠢ ᠤᠷᠤᠯᠳᠤᠭᠠᠨ᠎ᠤ ᠠᠯᠲᠠᠨ ᠮᠧᠳᠠᠯ᠎ᠢ ᠬᠦᠷᠳᠡᠭᠰᠡᠨ ᠬᠢᠯᠠᠯᠵᠠᠮ᠎ᠠ ᠠᠮᠵᠢᠯᠳᠠ ᠪᠤᠯᠤᠬᠰᠠᠨ ᠪᠠᠢᠨ᠎ᠠ᠃

✦10᠎ᠤ ᠡᠳᠤᠷ᠂ ᠳᠤᠮᠳᠠᠳᠤ ᠤᠯᠤᠰ᠎ᠤᠨ ᠰᠠᠭᠰᠤᠨ ᠪᠥᠮᠪᠥᠭᠡ᠎ᠶᠢᠨ ᠨᠡᠢᠭᠡᠮᠯᠢᠭ᠎ᠡᠴᠡ ᠭᠣᠣᠯᠯᠠᠨ ᠡᠷᠬᠢᠯᠡᠭᠰᠡᠨ 2026 ᠣᠨ᠎ᠤ ᠳᠤᠮᠳᠠᠳᠤ ᠤᠯᠤᠰ᠎ᠤᠨ ᠰᠠᠭᠰᠤᠨ ᠪᠥᠮᠪᠥᠭᠡ᠎ᠶᠢᠨ ᠬᠤᠲᠠ᠎ᠶᠢᠨ ᠮᠠᠩᠯᠠᠢ ᠰᠢᠯᠭᠠᠷᠠᠭᠤᠯᠬᠤ ᠬᠣᠯᠪᠣᠭᠠᠲᠤ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠣᠷᠤᠯᠳᠤᠭᠠᠨ ᠬᠥᠬᠡᠬᠣᠲᠠ᠎ᠳᠤ  ᠡᠬᠢᠯᠡᠨ ᠶᠠᠪᠤᠬᠳᠠᠪᠠ᠃

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 9᠎ᠤ ᠡᠳᠤᠷ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠠᠮᠸᠷᠢᠺᠠ᠎ᠠᠴᠠ ᠢᠷᠠᠨ᠎ᠳᠠᠬᠢ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠪᠠᠨ ᠲᠠᠬᠢᠨ ᠡᠬᠢᠯᠡᠭᠦᠯᠬᠦ 《ᠪᠣᠯᠣᠮᠵᠢ ᠮᠠᠰᠢ ᠪᠠᠭ᠎ᠠ》᠂ 《ᠪᠠᠢᠳᠠᠯ ᠮᠥᠷᠭᠥᠯᠳᠦᠭᠡᠨ᠎ᠢ ᠳᠠᠭᠤᠰᠬᠠᠬᠤ ᠢᠳᠡᠪᠬᠢᠲᠡᠢ ᠴᠢᠭᠯᠡᠯ ᠲᠡᠢᠰᠢ ᠬᠥᠭᠵᠢᠵᠦ ᠪᠠᠢᠨ᠎ᠠ》 ᠭᠡᠵᠦ ᠢᠯᠡᠳᠬᠡᠪᠡ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠰᠢᠨ᠎ᠡ ᠨᠢᠭᠡ ᠡᠭᠡᠯᠵᠢ᠎ᠶᠢᠨ ᠣᠷᠣᠰ᠂ ᠠᠮᠧᠷᠢᠺᠠ ᠪᠣᠯᠣᠨ ᠦᠺᠷᠠᠢᠨ᠎ᠤ ᠭᠤᠷᠪᠠᠨ ᠲᠠᠯ᠎ᠠ᠎ᠶᠢᠨ ᠬᠡᠯᠡᠯᠴᠡᠭᠡ 10᠎ᠤ ᠡᠳᠦᠷ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠨᠡᠢᠰᠯᠡᠯ᠎ᠳᠤ ᠡᠬᠢᠯᠡᠨ ᠶᠠᠪᠤᠭᠳᠠᠵᠤ᠂ ᠦᠺᠷᠠᠢᠨ᠎ᠤ ᠬᠢᠮᠤᠷᠠᠯ᠎ᠢ ᠤᠯᠤᠰ ᠲᠥᠷᠥ᠎ᠶᠢᠨ ᠠᠷᠭ᠎ᠠ᠎ᠪᠠᠷ ᠰᠢᠢᠳᠪᠦᠷᠢᠯᠡᠬᠦ ᠠᠷᠭ᠎ᠠ ᠵᠠᠮ᠎ᠤᠨ ᠲᠤᠬᠠᠢ ᠶᠠᠷᠢᠯᠴᠠᠪᠠ᠃

ᠦᠢᠯᠡᠴᠢᠯᠡᠭᠡ

✦ᠦᠤᠰᠢᠨ ᠬᠤᠰᠢᠭᠤᠨ᠎ᠤ ᠠᠷᠠᠳ᠎ᠤᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃

ᠲᠠᠨ᠎ᠤ ᠲᠤᠰᠠ᠎ᠳᠤ

✦ᠳᠤᠳᠤᠷᠭ᠎ᠠ ᠴᠢᠨᠠᠬᠤ᠎ᠳᠤ ᠠᠩᠬᠠᠷᠬᠤ ᠵᠤᠢᠯ᠄ ᠲᠤᠲᠤᠷᠭ᠎ᠠ᠎ᠶᠢ ᠬᠡᠲᠦᠷᠬᠡᠢ ᠵᠥᠭᠡᠯᠡᠷᠡᠲᠡᠯ᠎ᠡ ᠴᠢᠨᠠᠵᠤ ᠢᠳᠡᠬᠦ ᠨᠢ ᠴᠢᠰᠤᠨ ᠰᠢᠬᠢᠷ᠎ᠢ ᠥᠨᠳᠥᠷᠵᠢᠭᠦᠯᠬᠦ ᠪᠣᠯᠣᠮᠵᠢ᠎ᠲᠠᠢ ᠪᠠᠢᠳᠠᠭ᠎ᠠᠴᠠ ᠲᠣᠳᠣᠷᠭ᠎ᠠ ᠴᠢᠨᠠᠬᠤ᠎ᠳᠤ ᠬᠡᠲᠦ ᠠᠷᠪᠢᠨ ᠤᠰᠤ ᠬᠢᠵᠦ ᠵᠥᠭᠡᠯᠡᠷᠡᠲᠡᠯ᠎ᠡ ᠴᠢᠨᠠᠭᠰᠠᠨ᠎ᠤ ᠴᠢᠬᠤᠯᠠ ᠦᠭᠡᠢ᠃

ᠵᠠᠯᠭᠠᠭᠠᠳ 《ᠬᠠᠢᠷ᠎ᠠ ᠵᠢᠨ ᠤᠴᠠᠷᠠᠯ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面