ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-13 11:38:18

ᠵᠣᠬᠢᠶᠠᠭ᠍ᠴᠢ᠄ ᠮᠥᠩᠬᠡᠪᠠᠶᠠᠷ ᠣᠩᠱᠢᠭ᠍ᠰᠠᠨ ᠣᠳᠠᠭ᠎ᠠ᠄ 3




 ᠨᠡᠢᠭᠡᠮ

✦ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠶ᠋ᠢᠨ ᠶᠠᠮᠤᠨ᠎ᠤ 11᠎ᠦ ᠡᠳᠦᠷ᠎ᠦᠨ ᠮᠡᠳᠡᠭᠡ᠎ᠶᠢ ᠦᠨᠳᠦᠰᠦᠯᠡᠪᠡᠯ᠂ ᠲᠣᠰ ᠡᠳᠦᠷ ᠡᠴᠡ ᠡᠬᠢᠯᠡᠨ 2027 ᠣᠨ᠎ᠤ ᠴᠠᠭᠠᠨ ᠰᠠᠷ᠎ᠠ᠎ᠠᠴᠠ ᠡᠮᠦᠨ᠎ᠡ (2 ᠰᠠᠷ᠎ᠠ᠎ᠶᠢᠨ 6᠎ᠤ ᠡᠳᠦᠷ) ᠪᠣᠯᠲᠠᠯ᠎ᠠ ᠪᠥᠬᠥ ᠤᠯᠤᠰ᠎ᠤᠨ ᠬᠡᠪᠴᠢᠶᠡᠨ ᠳ᠋ᠤ ᠭᠡᠷ ᠪᠠᠢᠰᠢᠩ ᠬᠣᠲᠠ ᠶ᠋ᠢᠨ ᠶᠠᠪᠤᠳᠠᠯ᠎ᠤᠨ ᠢᠨᠵᠧᠨᠧᠷᠢᠩ᠎ᠦᠨ ᠥᠨᠳᠥᠷ ᠡᠴᠡ ᠤᠨᠠᠬᠤ᠎ᠶᠢ ᠤᠷᠢᠳᠴᠢᠯᠠᠨ ᠰᠡᠷᠭᠡᠢᠯᠡᠬᠦ ᠲᠤᠰᠬᠠᠢ ᠠᠵᠢᠯᠯᠠᠭ᠎ᠠ ᠥᠷᠨᠢᠭᠦᠯᠦᠨ᠎ᠡ᠃

✦11 ᠤ᠋ ᠡᠳᠦᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠠ᠋ᠴᠠ 《ᠡᠯᠧᠺᠲᠷᠣᠨ ᠵᠢᠩᠯᠡᠭᠦᠷ᠎ᠦᠨ ᠰᠦᠯᠵᠢᠶᠡᠨ᠎ᠦ ᠪᠣᠷᠤᠯᠠᠭᠤᠯᠭ᠎ᠠ ᠶ᠋ᠢᠨ ᠬᠡᠮᠵᠢᠯᠲᠡ᠎ᠶᠢᠨ ᠲᠣᠭᠲᠠᠭᠠᠯ᠎ᠳᠤ ᠨᠡᠢᠴᠡᠬᠦ ᠱᠠᠭᠠᠷᠳᠠᠯᠭ᠎ᠠ (ᠰᠠᠨᠠᠯ ᠬᠤᠷᠢᠶᠠᠬᠤ ᠨᠣᠣᠷᠠᠭ)》 ᠶ᠋ᠢᠨ ᠲᠤᠬᠠᠢ ᠨᠡᠢᠭᠡᠮ ᠨᠡᠶ᠋ᠢᠲᠡ᠎ᠳᠦ ᠬᠠᠨᠳᠤᠭᠤᠯᠤᠨ ᠢᠯᠡ᠎ᠪᠡᠷ ᠰᠠᠨᠠᠯ ᠬᠤᠷᠢᠶᠠᠵᠤ᠂ 12 ᠰᠠᠷ᠎ᠠ᠎ᠶᠢᠨ 10᠎ᠤ ᠡᠳᠦᠷ ᠪᠣᠯᠲᠠᠯ᠎ᠠ ᠦᠷᠬᠦᠯᠵᠢᠯᠡᠬᠦ ᠪᠣᠯᠣᠨ᠎ᠠ ᠃

✦ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠣᠢᠷ᠎ᠠ᠎ᠳᠤ 2026 ᠣᠨ᠎ᠤ ᠬᠣᠶᠠᠳᠤᠭᠠᠷ ᠪᠦᠯᠦᠭ ᠎ᠦᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠮᠠᠯ ᠵᠠᠮ᠎ᠤᠨ ᠤᠰᠤᠨ᠎ᠳᠤ ᠡᠪᠳᠡᠭᠳᠡᠰᠡᠨ᠎ᠢ ᠨᠡᠪᠲᠡᠷᠡᠭᠦᠯᠬᠦ ᠪᠠ ᠨᠡᠪᠲᠡᠷᠡᠬᠦ᠎ᠶᠢ ᠪᠠᠲᠤᠯᠠᠬᠤ ᠨᠥᠬᠥᠪᠦᠷᠢ ᠪᠡᠯᠡ ᠮᠥᠩᠭᠥ᠎ᠶᠢ 4000 ᠲᠦᠮᠡᠨ ᠲᠥᠭᠥᠷᠢᠭ ᠪᠠᠭᠤᠯᠭᠠᠪᠠ᠃

✦ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ ᠳ᠋ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠶ᠋ᠢᠨ ᠶᠠᠮᠤᠨ᠂ ᠪᠥᠬᠥ ᠤᠯᠤᠰ᠎ᠤᠨ ᠫᠤᠰᠲ ᠳ᠋ᠣᠺᠲ᠋ᠣᠷ᠎ᠤᠨ ᠬᠠᠮᠢᠶᠠᠷᠤᠯᠲᠠ ᠶ᠋ᠢᠨ ᠵᠥᠪᠯᠡᠯ ᠦ᠋ᠨ ᠵᠥᠪᠰᠢᠶᠡᠷᠡᠯ᠎ᠢᠶᠡᠷ᠂ ᠮᠠᠨ᠎ᠤ ᠣᠷᠣᠨ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 5 ᠶᠡᠬᠡ ᠳᠡᠭᠡᠳᠦ ᠰᠤᠷᠭᠠᠭᠤᠯᠢ᠎ᠳᠤ 8 ᠫᠤᠰᠲ ᠳ᠋ᠣᠺᠲ᠋ᠣᠷ᠎ᠤᠨ ᠨᠡᠭᠦᠳᠡᠯ ᠥᠷᠲᠡᠭᠡ ᠨᠡᠮᠡᠵᠦ ᠳᠤᠬᠢᠷᠠᠭᠤᠯᠪᠠ᠃

✦10᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠤᠭᠤᠷᠢᠨ ᠤ᠋ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠠᠵᠢᠯᠲᠠᠳ ᠤᠯᠠᠭᠠᠨᠰᠤᠬᠠᠢ ᠨᠠᠭᠤᠷ᠎ᠤᠨ ᠣᠯᠠᠨ ᠴᠡᠭ᠎ᠲᠦ ᠤᠰᠤᠨ ᠴᠣᠭᠴᠠ᠎ᠶᠢᠨ ᠥᠯᠢᠭᠡᠷ ᠠᠪᠬᠤ ᠠᠵᠢᠯ ᠥᠷᠨᠢᠭᠦᠯᠵᠦ᠂ ᠨᠠᠭᠤᠷ ᠴᠥᠭᠥᠷᠥᠮ᠎ᠦᠨ ᠠᠮᠢ ᠠᠬᠤᠢ᠎ᠶᠢᠨ ᠬᠤᠪᠢᠷᠠᠯᠲᠠ᠎ᠶᠢ ᠬᠥᠳᠡᠯᠦᠩᠭᠦᠢ ᠎ᠪᠡᠷ ᠮᠥᠷᠳᠡᠬᠦ᠎ᠪᠡᠷ ᠳᠠᠮᠵᠢᠭᠤᠯᠤᠨ᠂ ᠰᠢᠰᠲᠧᠮᠵᠢᠭᠰᠡᠨ ᠵᠠᠰᠠᠯᠲᠠ᠎ᠳᠤ ᠨᠠᠷᠢᠯᠢᠭ᠋ ᠣᠨᠣᠴᠠᠲᠠᠢ ᠲᠣᠭ᠎ᠠ ᠪᠠᠷᠢᠮᠲᠠ᠎ᠶᠢᠨ ᠦᠨᠳᠦᠰᠦᠯᠡᠯ ᠬᠠᠩᠭᠠᠨ᠎ᠠ᠃

✦ᠪᠠᠶᠠᠨᠨᠠᠭᠤᠷ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠠᠳᠠᠯ ᠠᠬᠤᠢ᠎ᠶᠢᠨ ᠦᠢᠯᠡᠴᠢᠯᠡᠭᠡᠨ᠎ᠦ ᠬᠦᠷᠢᠶᠡᠨ᠎ᠳᠡᠬᠢ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠥᠬᠥ ᠬᠣᠲᠠ᠎ᠳᠤ ᠨᠡᠶ᠋ᠢᠲᠡ 600 ᠭᠠᠷᠤᠢ ᠰᠠᠭᠤᠭᠠᠯᠢ ᠲᠣᠭᠣᠷᠢᠭ᠋᠎ᠦᠨ 210 ᠲᠣᠪᠣᠢᠮ᠎ᠠ ᠠᠰᠠᠭᠤᠳᠠᠯ᠎ᠢ ᠵᠢᠭ᠍ᠰᠠᠭᠠᠨ ᠪᠠᠢᠴᠠᠭᠠᠪᠡ᠃

✦ᠣᠢᠷ᠎ᠠ᠎ᠳᠤ  ᠬᠥᠯᠥᠨ ᠪᠣᠶ᠋ᠢᠷ ᠬᠤᠳᠠ ᠪᠠᠷᠠᠭᠠᠨ᠎ᠤ ᠲᠡᠭᠡᠭᠡᠪᠦᠷᠢ᠎ᠶᠢᠨ ᠲᠡᠷᠭᠡ ᠬᠥᠰᠬᠡ᠎ᠶᠢᠨ ᠬᠡᠮᠵᠢᠶ᠎ᠡ ᠳᠠᠭᠠᠭᠠᠴᠠ ᠠ᠋ᠴᠠ ᠬᠡᠲᠦᠷᠡᠲᠡᠯ᠎ᠡ ᠠᠴᠢᠶᠠᠯᠠᠬᠤ᠂ ᠬᠡᠲᠦ ᠣᠷᠳᠣ᠌ ᠬᠡᠲᠦ ᠥᠷᠭᠡᠨ ᠬᠡᠲᠦ ᠥᠨᠳᠥᠷ᠂ ᠠᠮᠤᠷ ᠲᠦᠪᠰᠢᠨ᠎ᠦ ᠳᠦᠬᠦᠭᠡᠷᠦᠮᠵᠢ ᠪᠦᠷᠢᠨ ᠪᠤᠰᠤ ᠵᠡᠷᠭᠡ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠬᠦᠯᠵᠦ᠂ 2027 ᠣᠨ᠎ᠤ 2 ᠰᠠᠷ᠎ᠠ᠎ᠶᠢᠨ 28᠎ᠤ ᠡᠳᠦᠷ ᠪᠣᠯᠲᠠᠯ᠎ᠠ ᠦᠷᠬᠦᠯᠵᠢᠯᠡᠬᠦ ᠪᠤᠯᠤᠨ᠎ᠠ᠃

ᠠᠵᠤ ᠠᠬᠤᠢ 

✦ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ᠎ᠦᠨ 11 ᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ 10 ᠰᠠᠷ᠎ᠠ᠎ᠳᠤ ᠮᠠᠨ᠎ᠤ ᠤᠯᠤᠰ᠎ᠤᠨ ᠮᠠᠰᠢᠨ ᠲᠡᠷᠭᠡᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠬᠡᠮᠵᠢᠶ᠎ᠡ ᠴᠥᠮ 300 ᠲᠦᠮᠡ᠎ᠶᠢ ᠳᠠᠪᠠᠪᠠ᠂ ᠡᠭᠦᠨ᠎ᠳᠦ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠪᠣᠷᠤᠯᠠᠭᠤᠯᠭ᠎ᠠ ᠶ᠋ᠢᠨ ᠬᠡᠮᠵᠢᠶ᠎ᠡ ᠨᠢ ᠶᠡᠷᠦᠩᠬᠡᠢ ᠪᠣᠷᠤᠯᠠᠭᠤᠯᠭ᠎ᠠ᠎ᠶᠢᠨ ᠬᠡᠮᠵᠢᠶ᠎ᠡ᠎ᠶᠢᠨ 64.3% ᠳ᠋ᠤ ᠬᠦᠷᠴᠡᠢ᠃

✦10 ᠰᠠᠷ᠎ᠠ᠎ᠶᠢᠨ ᠰᠡᠭᠦᠯᠴᠢ ᠪᠣᠯᠲᠠᠯ᠎ᠠ᠂ ᠬᠥᠬᠡᠬᠣᠲᠠ 《ᠪᠦᠷᠢᠨ ᠴᠢᠳᠠᠮᠵᠢᠲᠤ ᠺᠠᠷᠲ》 ᠵᠢᠡᠷ ᠡᠳ᠋᠎ᠦᠨ ᠵᠠᠰᠠᠭ᠎ᠤᠨ ᠨᠥᠬᠥᠪᠦᠷᠢ ᠮᠥᠩᠭᠥ᠎ᠶᠢ ᠨᠡᠶ᠋ᠢᠲᠡ 197422.93 ᠲᠦᠮᠡᠨ ᠲᠥᠭᠥᠷᠢᠭ ᠲᠠᠷᠬᠠᠭᠠᠪᠠ᠃ ᠡᠭᠦᠨ᠎ᠳᠦ᠂ ᠠᠮᠢᠳᠤᠷᠠᠯ ᠤ᠋ᠨ ᠲᠥᠷᠥᠯ᠎ᠦᠨ ᠨᠥᠬᠥᠪᠦᠷᠢ 130477.05 ᠲᠦᠮᠡᠨ ᠲᠥᠭᠥᠷᠢᠭ᠂ ᠦᠢᠯᠡᠳᠪᠦᠷᠢᠯᠡᠯ᠎ᠦᠨ ᠲᠦᠷᠦᠯ᠎ᠦᠨ ᠨᠥᠬᠥᠪᠦᠷᠢ 40579.42 ᠲᠦᠮᠡᠨ ᠲᠥᠭᠥᠷᠢᠭ᠂ ᠴᠠᠯᠢᠩ᠎ᠤᠨ ᠲᠥᠷᠥᠯ᠎ᠦᠨ ᠨᠥᠬᠥᠪᠦᠷᠢ 25084.18 ᠲᠦᠮᠡᠨ ᠲᠥᠭᠥᠷᠢᠭ᠂ ᠪᠤᠰᠤᠳ ᠲᠥᠷᠥᠯ᠎ᠦᠨ ᠨᠥᠬᠥᠪᠦᠷᠢ 1282.28 ᠲᠦᠮᠡᠨ ᠲᠥᠭᠥᠷᠢᠭ ᠪᠤᠯᠤᠨ᠎ᠠ᠃

✦ᠡᠨᠡ ᠵᠢᠯ᠎ᠡᠴᠡ ᠨᠠᠭᠠᠰᠢ᠂ ᠲᠦᠩᠯᠢᠶᠣᠣ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠵᠢᠨ ᠲᠤᠪᠴᠢᠶ᠎ᠠ ᠴᠠᠯᠢᠩ ᠥᠷᠢᠲᠦᠭᠰᠡᠨ ᠰᠦᠪᠡᠭᠴᠢ᠎ᠶᠢ ᠨᠡᠶ᠋ᠢᠲᠡ 4582 ᠬᠤᠪᠢ ᠰᠢᠢᠳᠪᠦᠷᠢᠯᠡᠵᠦ᠂ ᠡᠭᠦᠨ᠎ᠳᠦ 1458 ᠬᠡᠷᠡᠭ᠎ᠢ ᠳᠡᠩᠰᠡᠯᠡᠨ ᠰᠢᠢᠳᠪᠦᠷᠢᠯᠡᠨ ᠳᠠᠭᠤᠰᠬᠠᠵᠤ᠂ 3291 ᠬᠥᠯᠥᠰᠦᠨ ᠠᠵᠢᠯᠴᠢᠨ᠎ᠳᠤ 4100 ᠭᠠᠷᠤᠢ ᠲᠦᠮᠡᠨ ᠲᠥᠭᠥᠷᠢᠭ᠎ᠦᠨ ᠴᠠᠯᠢᠩ᠎ᠢ ᠨᠢ ᠨᠡᠬᠡᠮᠵᠢᠯᠡᠨ ᠠᠪᠴᠢᠷᠠᠪᠠ᠃

✦ᠡᠨᠡ ᠵᠢᠯ ᠡᠴᠡ ᠬᠢᠩᠭᠠᠨ ᠠᠢᠮᠠᠭ᠎ᠤᠨ ᠲᠤᠲᠤᠷᠭ᠎ᠠ᠎ᠶᠢᠨ ᠨᠡᠢᠭᠡᠮᠯᠢᠭ ᠨᠢ ᠭᠡᠰᠢᠭᠦᠨ ᠠᠵᠤ ᠠᠬᠤᠢᠯᠠᠯ᠎ᠤᠨ ᠲᠤᠳᠤᠷᠭ᠎ᠠ ᠵᠢ ᠳᠡᠰ ᠬᠤᠪᠢᠶᠠᠨ ᠦᠢᠯᠡᠳᠪᠦᠷᠢᠯᠡᠬᠦ᠂ ᠨᠡᠶ᠋ᠢᠲᠡ᠎ᠶᠢᠨ ᠬᠡᠷᠡᠭᠯᠡᠭᠡᠨ᠎ᠦ ᠲᠦᠷᠦᠯ ᠲᠡᠮᠳᠡᠭ᠎ᠢ ᠬᠡᠷᠡᠭᠯᠡᠬᠦ᠂ ᠦᠨ᠎ᠡ ᠲᠣᠭᠲᠠᠭᠠᠬᠤ ᠳ᠋ᠤ ᠲᠣᠳᠣᠷᠬᠠᠢ ᠵᠢᠷᠤᠮᠵᠢᠯ᠎ᠢ  ᠲᠣᠭᠲᠠᠭᠠᠪᠠ᠃ ᠵᠢᠷᠤᠮᠵᠢᠯ ᠨᠢ ᠲᠤᠲᠤᠷᠭ᠎ᠠ᠎ᠶᠢᠨ ᠴᠢᠨᠠᠷ ᠴᠢᠨᠰᠠᠭ᠎ᠠ ᠵᠡᠷᠭᠡ ᠵᠢᠷᠭᠤᠭᠠᠨ ᠲᠠᠯ᠎ᠠ᠎ᠠᠴᠠ ᠭᠤᠷᠪᠠᠨ ᠳᠡᠰ ᠬᠤᠪᠢᠶᠠᠵᠤ᠂ ᠨᠢᠭᠡᠳᠦᠯᠲᠡᠢ ᠪᠣᠭᠣᠳᠠᠯ᠂ ᠨᠢᠭᠡᠳᠦᠯᠲᠡᠢ ᠦᠨ᠎ᠡ᠂ ᠨᠢᠭᠡᠳᠦᠯᠲᠡᠢ ᠪᠣᠷᠤᠯᠠᠭᠤᠯᠭ᠎ᠠ᠎ᠶᠢ ᠵᠡᠷᠭᠡ᠎ᠪᠠᠷ ᠬᠡᠷᠡᠭᠵᠢᠭᠦᠯᠵᠦ ᠪᠠᠷᠢᠮᠵᠢᠶᠠᠵᠢᠭᠤᠯᠤᠯᠲᠠ ᠪᠠᠷ ᠠᠵᠤ ᠦᠢᠯᠡᠰ᠎ᠦᠨ ᠳᠡᠰ ᠳᠡᠪᠰᠢᠬᠦ᠎ᠶᠢ ᠳᠠᠶ᠋ᠢᠴᠢᠯᠠᠵᠠᠶ᠃

 ᠰᠤᠶᠤᠯ

✦ᠤᠢᠷ᠎ᠠ ᠳ᠋ᠤ ᠲᠥᠪ᠎ᠦᠨ ᠤᠬᠠᠭᠤᠯᠬᠤ ᠬᠡᠯᠲᠡᠰ ᠵᠡᠷᠭᠡ ᠶᠠᠮᠤᠨ ᠲᠤᠪᠴᠢᠶ᠎ᠠ ᠬᠠᠮᠲᠤᠷᠠᠨ《ᠪᠣᠳᠠᠲᠤ ᠴᠣᠭᠴᠠ ᠵᠢᠨ ᠨᠣᠮ᠎ᠤᠨ ᠳᠡᠯᠭᠡᠭᠦᠷ᠎ᠦᠨ ᠪᠥᠬᠥ ᠠᠷᠠᠳ᠎ᠤᠨ ᠤᠩᠰᠢᠯᠭ᠎ᠠ᠎ᠳᠤ ᠦᠢᠯᠡᠴᠢᠯᠡᠬᠦ᠎ᠶᠢ ᠳᠡᠮᠵᠢᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ᠎ᠶᠢᠨ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ᠃

✦10᠎ᠤ ᠡᠳᠦᠷ᠂ ᠥᠪᠥᠷ ᠮᠣᠩᠭᠣᠯ᠎ᠤᠨ ᠬᠣᠶᠠᠳᠤᠭᠠᠷ ᠬᠤᠭᠤᠴᠠᠭᠠᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠦ ᠪᠣᠭᠣᠳᠠᠯ ᠪᠠᠭᠯᠠᠭ᠎ᠠ ᠶ᠋ᠢᠨ ᠵᠢᠷᠤᠭ ᠲᠥᠯᠥᠪᠯᠡᠭᠡ᠎ᠶᠢᠨ ᠤᠷᠤᠯᠳᠤᠭᠠᠨ᠎ᠤ ᠦᠷ᠎ᠡ ᠪᠦᠲᠦᠭᠡᠯ᠎ᠢ ᠬᠦᠬᠡᠬᠤᠳᠠ ᠳ᠋ᠤ ᠳᠡᠯᠭᠡᠨ ᠦᠵᠡᠭᠦᠯᠵᠦ᠂ ᠨᠡᠶ᠋ᠢᠲᠡ 643 ᠪᠦᠲᠦᠭᠡᠯ ᠡᠯᠰᠡᠵᠦ᠂ ᠣᠯᠠᠨ ᠡᠭᠡᠯᠵᠢ ᠶ᠋ᠢᠨ ᠰᠢᠯᠭᠠᠷᠠᠭᠤᠯᠤᠯᠲᠠ᠎ᠪᠠᠷ ᠳᠡᠮᠵᠢᠨ 24 ᠪᠦᠲᠦᠭᠡᠯ ᠲᠣᠰ ᠲᠣᠰ ᠠᠯᠲᠠ᠂ ᠮᠥᠩᠭᠥ᠂ ᠬᠦᠷᠡᠯ ᠱᠠᠩᠨᠠᠯ ᠭᠥᠷᠳᠡᠪᠡ᠃

ᠳᠡᠯᠡᠬᠡᠢ

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠬᠣᠶᠠᠷ ᠡᠳᠦᠷ ᠦ᠋ᠨ ᠬᠤᠭᠤᠴᠠᠭ᠎ᠠ᠎ᠲᠠᠢ ᠶᠠᠪᠤᠭᠳᠠᠭᠰᠠᠨ ᠤᠷᠤᠰ᠂ ᠠᠮᠧᠷᠢᠺᠠ ᠪᠣᠯᠣᠨ ᠦᠺᠷᠠᠢᠨ ᠭᠤᠷᠪᠠᠨ ᠲᠠᠯ᠎ᠠ᠎ᠶᠢᠨ ᠬᠡᠯᠡᠯᠴᠡᠭᠡ ᠳ᠋ᠤ ᠡᠯ᠎ᠡ ᠲᠠᠯ᠎ᠠ᠎ᠶᠢᠨ ᠬᠢᠨ ᠣᠯᠵᠠᠯᠠᠭᠳᠠᠭᠰᠠᠳ ᠢ᠋ ᠶᠡᠬᠡ ᠬᠡᠪᠴᠢᠶ᠎ᠡ᠎ᠪᠡᠷ ᠰᠣᠯᠢᠯᠴᠠᠬᠤ ᠲᠤᠬᠠᠢ ᠵᠥᠪᠯᠡᠯᠴᠡᠭᠡᠷ ᠲᠣᠬᠢᠷᠠᠯᠴᠠᠵᠠᠢ᠂ ᠭᠡᠪᠡᠴᠦ ᠮᠥᠷᠭᠥᠯᠳᠦᠭᠡᠨ᠂ ᠨᠤᠲᠤᠭ ᠳᠡᠪᠢᠰᠬᠡᠷ᠎ᠦᠨ ᠮᠠᠷᠭᠤᠯᠳᠤᠭᠠᠨ᠂ ᠦᠺᠷᠠᠢᠨ᠎ᠤ ᠠᠮᠤᠷ ᠲᠦᠪᠰᠢᠨ᠎ᠦ ᠪᠠᠲᠤᠯᠠᠭ᠎ᠠ ᠵᠢᠴᠢ ᠡᠸᠦ᠋ᠷᠦᠫᠡ ᠲᠢᠪ᠎ᠦᠨ ᠢᠷᠡᠭᠡᠳᠦᠢ᠎ᠶᠢᠨ ᠠᠮᠤᠷ ᠲᠦᠪᠰᠢᠨ᠎ᠦ ᠪᠦᠲᠦᠴᠡ ᠵᠡᠷᠭᠡ ᠵᠠᠩᠭᠢᠯᠠᠭ᠎ᠠ᠎ᠶᠢᠨ ᠠᠰᠠᠭᠤᠳᠠᠯ᠎ᠤᠨ ᠲᠠᠯ᠎ᠠ᠎ᠪᠠᠷ ᠮᠥᠨ ᠬᠦ᠌ 《ᠴᠢᠬᠤᠯᠠ ᠶᠡᠬᠡ ᠵᠥᠷᠢᠶ᠎ᠠ》 ᠣᠷᠣᠰᠢᠵᠤ ᠪᠤᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ ᠶ᠋ᠢᠨ ᠪᠦᠳᠦᠭᠦᠪᠴᠢ ᠨᠡᠶ᠋ᠢᠲᠡ᠎ᠶᠢᠨ ᠭᠡᠷ᠎ᠡ》 ᠵᠢᠨ ᠭᠤᠴᠢᠨ ᠨᠢᠭᠡᠳᠦᠭᠡᠷ ᠤᠳᠠᠭ᠎ᠠ᠎ᠶᠢᠨ ᠭᠡᠷᠡᠲᠦ ᠲᠠᠯ᠎ᠠ᠎ᠶᠢᠨ ᠶᠡᠬᠡ ᠬᠤᠷᠠᠯ ᠲᠦᠷᠦᠭᠦᠬᠡᠨ ᠲᠦᠷᠺ᠎ᠳ᠋ᠤ ᠶᠠᠪᠤᠭᠳᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠡᠴᠡ ᠪᠦᠬᠦ ᠪᠥᠮᠪᠥᠷᠴᠡᠭ᠎ᠢᠶᠡᠷ᠎ᠢᠶᠡᠨ ᠨᠢᠭᠡᠨᠲᠡ 《ᠲᠤᠢᠯ᠎ᠤᠨ ᠠᠭᠤᠷ ᠠᠮᠢᠰᠬᠤᠯ᠎ᠤᠨ ᠰᠢᠨ᠎ᠡ ᠴᠠᠭ ᠦᠶ᠎ᠡ》 ᠳ᠋ᠤ᠌ ᠣᠷᠣᠵᠠᠢ᠂ ᠡᠯ᠎ᠡ ᠤᠯᠤᠰ ᠡᠷᠬᠡᠪᠰᠢ ᠦᠨᠡᠨ ᠬᠦ᠌ ᠠᠵᠢᠯᠯᠠᠭ᠎ᠠ ᠠᠪᠴᠤ ᠠᠷᠭᠠᠴᠠᠭᠠᠬᠤ ᠬᠡᠷᠡᠭᠲᠡᠢ ᠭᠡᠵᠦ ᠰᠡᠷᠡᠮᠵᠢᠯᠡᠭᠦᠯᠵᠡᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠰᠫᠠᠨᠢ᠎ᠳᠤ 11 ᠎ᠦ ᠡᠳᠦᠷ ᠪᠦᠬᠦ ᠤᠯᠤᠰ᠎ᠤᠨ ᠴᠢᠨᠠᠷᠲᠠᠢ ᠶᠡᠬᠡ ᠠᠵᠢᠯ ᠬᠠᠶᠠᠯᠲᠠ ᠪᠠ ᠰᠦᠷᠲᠦ ᠵᠢᠭᠰᠠᠭᠠᠯ᠎ᠤᠨ ᠠᠵᠢᠯᠯᠠᠭ᠎ᠠ ᠡᠭᠦᠰᠴᠦ᠂ ᠤᠯᠠᠨ ᠭᠠᠵᠠᠷ᠎ᠲᠤ ᠠᠵᠢᠯ ᠬᠠᠶᠠᠭᠰᠠᠳ ᠴᠠᠭᠳᠠᠭᠠᠨ᠎ᠤ ᠲᠠᠯ᠎ᠠ᠎ᠶᠢᠨ ᠬᠢᠨ᠎ᠲᠠᠢ ᠮᠥᠷᠭᠥᠯᠳᠦᠭᠡᠨ ᠡᠭᠦᠰᠴᠦ᠂ 50 ᠭᠠᠷᠤᠢ ᠬᠥᠮᠥᠨ ᠪᠠᠷᠢᠪᠴᠢᠯᠠᠭᠳᠠᠪᠠ᠃

ᠦᠢᠯᠡᠴᠢᠯᠡᠭᠡ

✦ᠲᠦᠮᠡᠳ ᠪᠠᠷᠠᠭᠤᠨ ᠬᠤᠰᠢᠭᠤᠨ ᠤ᠋ ᠠᠵᠢᠯ ᠣᠯᠭᠣᠬᠤ ᠦᠢᠯᠡᠴᠢᠯᠡᠭᠡᠨ᠎ᠦ ᠲᠥᠪ 50 ᠳᠠᠳᠤᠯᠭ᠎ᠠ᠎ᠶᠢᠨ ᠠᠵᠢᠯᠲᠠᠨ ᠡᠯᠰᠡᠨ᠎ᠠ᠃ 


ᠲᠠᠨ᠎ᠤ ᠲᠤᠰᠠ᠎ᠳᠤ

✦ᠪᠡᠶ᠎ᠡ ᠤᠬᠢᠶᠠᠬᠤ᠎ᠳᠦ ᠴᠢᠰᠤᠨ᠎ᠤ ᠡᠷᠭᠢᠯᠲᠡ ᠲᠦᠷᠭᠡᠰᠴᠦ᠂ ᠳᠣᠲᠣᠷ ᠡᠷᠬᠡᠲᠡᠨ᠎ᠦ ᠴᠢᠰᠤᠨ᠎ᠤ ᠬᠠᠩᠭᠠᠯᠲᠠ ᠲᠦᠷ ᠴᠠᠭ ᠪᠠᠭᠠᠰᠳᠠᠭ᠃ ᠤᠷᠢᠳ᠎ᠢᠶᠠᠷ ᠵᠢᠭᠠᠬᠠᠨ ᠪᠦᠯᠢᠶᠡᠨ ᠤᠰᠤ ᠤᠤᠭᠤᠬᠤ ᠨᠢ ᠬᠡᠢ ᠴᠢᠰᠤᠨ᠎ᠤ ᠲᠠᠷᠬᠠᠯᠲᠠ᠎ᠶᠢ ᠵᠣᠬᠢᠴᠠᠭᠤᠯᠵᠤ᠂ ᠪᠡᠶ᠎ᠡ᠎ᠪᠡᠨ ᠤᠬᠢᠶᠠᠵᠤ ᠪᠠᠷᠠᠭᠰᠠᠨ᠎ᠤ ᠳᠠᠷᠠᠭ᠎ᠠ ᠲᠣᠯᠣᠭᠠᠢ ᠡᠷᠭᠢᠬᠦ᠂ ᠵᠢᠷᠦᠬᠡ ᠲᠦᠭᠰᠢᠬᠦ᠂ ᠴᠡᠭᠡᠵᠢ ᠪᠤᠬᠢᠨᠢᠳᠤᠬᠤ ᠵᠡᠷᠭᠡ ᠡᠪ ᠦᠭᠡᠢ ᠪᠠᠢᠳᠠᠯ ᠭᠠᠷᠬᠤ᠎ᠠᠴᠠ ᠵᠠᠢᠯᠠᠰᠬᠢᠵᠦ ᠴᠢᠳᠠᠨ᠎ᠠ᠃

ᠵᠠᠯᠭᠠᠭᠠᠳ 《ᠰᠠᠳᠤᠨ ᠲᠦᠷᠦᠯ ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠮᠥᠩᠬᠡᠪᠠᠶᠠᠷ

  • ᠨᠡᠪᠲᠡᠷᠡᠭᠦᠯᠦᠭᠴᠢ᠄

    ᠮᠥᠩᠬᠡᠪᠠᠶᠠᠷ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面