ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-16 16:06:41

ᠵᠣᠬᠢᠶᠠᠭ᠍ᠴᠢ᠄ ᠭᠢᠯᠪᠡᠬᠡᠨ ᠣᠩᠱᠢᠭ᠍ᠰᠠᠨ ᠣᠳᠠᠭ᠎ᠠ᠄ 3




ᠨᠡᠢᠭᠡᠮ

✦ ᠳᠣᠲᠣᠭᠠᠳᠤ᠎ᠶᠢ ᠬᠠᠮᠠᠭᠠᠯᠠᠬᠤ ᠶᠠᠮᠤᠨ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠣᠢᠷ᠎ᠠ᠎ᠳᠤ ᠢᠳᠡᠭᠡᠨ᠎ᠦ ᠠᠮᠤᠷ ᠲᠦᠪᠰᠢᠨ᠎ᠳᠦ ᠬᠣᠯᠪᠣᠭᠳᠠᠭᠰᠠᠨ 18 ᠬᠦᠨᠳᠦ ᠶᠡᠬᠡ ᠶᠠᠯᠠᠲᠤ ᠬᠡᠷᠡᠭ᠎ᠢ ᠲᠥᠪᠯᠡᠷᠡᠭᠦᠯᠦᠨ ᠫᠠᠢᠰᠠ ᠡᠯᠭᠦᠵᠦ ᠱᠠᠯᠠᠪᠳᠠᠭᠤᠯᠤᠨ ᠰᠢᠢᠳᠪᠦᠷᠢᠯᠡᠭᠦᠯᠪᠡ᠃

✦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠦᠷᠦᠭᠦᠬᠡᠨ 《ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠦᠨᠡᠯᠡᠬᠦ ᠳᠦᠷᠢᠮ (ᠰᠠᠨᠠᠯ ᠬᠤᠷᠢᠶᠠᠬᠤ ᠨᠣᠣᠷᠠᠭ)》᠎ᠢ ᠨᠡᠢᠲᠡᠯᠡᠪᠡ᠂ ᠡᠨᠡ ᠪᠣᠯ ᠮᠠᠨ᠎ᠤ ᠤᠯᠤᠰ᠎ᠤᠨ ᠠᠩᠬᠠᠳᠠᠭ᠍ᠴᠢ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠦᠨᠡᠯᠡᠬᠦ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠣᠨ᠎ᠠ᠃

✦ ᠳᠤᠮᠳᠠᠳᠤ ᠤᠯᠤᠰ᠎ᠤᠨ ᠰᠢᠤᠳᠠᠨ᠎ᠤ ᠪᠠᠩᠬᠢ 《ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠨᠢ》 ᠭᠡᠬᠦ ᠳᠤᠷᠠᠰᠬᠠᠯ᠎ᠤᠨ ᠰᠢᠤᠳᠠᠨ ᠲᠡᠮᠳᠡᠭ᠎ᠦᠨ ᠵᠢᠵᠢᠭ ᠬᠡᠯᠪᠡᠷᠢ᠎ᠶᠢᠨ ᠵᠦᠰᠦᠮ᠎ᠢ 320 ᠲᠦᠮᠡᠨ ᠢᠵᠢ ᠲᠠᠷᠬᠠᠭᠠᠬᠤ᠎ᠪᠠᠷ ᠲᠥᠯᠥᠪᠯᠡᠵᠦ ᠪᠤᠢ᠃

✦ ᠡᠨᠡ ᠵᠢᠯ᠎ᠡᠴᠡ ᠨᠠᠭᠠᠰᠢ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠭᠤᠷᠪᠠᠨ ᠮᠤᠵᠢ ᠨᠢᠭᠡ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠯ᠎ᠡ ᠲᠥᠷᠥᠯ᠎ᠦᠨ ᠵᠠᠷ ᠮᠡᠳᠡᠭᠡᠨ᠎ᠦ ᠬᠠᠤᠯᠢ᠎ᠠᠴᠠ ᠵᠥᠷᠢᠴᠡᠭᠰᠡᠨ ᠬᠡᠷᠡᠭ᠎ᠢ ᠨᠡᠶ᠋ᠢᠲᠡ 10463 ᠪᠠᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠣᠰᠤᠨ ᠲᠣᠭ᠎ᠠ ᠨᠢ 5770 ᠲᠦᠮᠡᠨ ᠲᠥᠭᠥᠷᠢᠭ᠎ᠲᠦ ᠬᠦᠷᠴᠡᠢ᠃

✦ ᠮᠠᠨ᠎ᠤ ᠤᠯᠤᠰ ᠪᠦᠧᠧᠬᠠᠢ ᠲᠠᠩᠭᠢᠰ᠎ᠤᠨ ᠳᠤᠮᠳᠠ ᠬᠡᠰᠡᠭ᠎ᠦᠨ ᠳᠠᠯᠠᠶ᠎ᠶᠢᠨ ᠣᠷᠣᠨ᠎ᠤ 5000 ᠭᠠᠷᠤᠢ ᠮᠧᠲᠷ᠎ᠦᠨ ᠭᠠᠵᠠᠷ᠎ᠤᠨ ᠳᠠᠪᠬᠤᠷᠭ᠎ᠠ᠎ᠡᠴᠡ ᠭᠠᠯᠲᠤ ᠠᠭᠤᠯᠠ᠎ᠶᠢᠨ ᠴᠢᠯᠠᠭᠤᠯᠢᠭ᠋᠎ᠤᠨ ᠥᠨᠳᠥᠷ ᠭᠠᠷᠤᠯᠲᠠ᠎ᠲᠠᠢ ᠰᠢᠲᠠᠮᠠᠬᠠᠢ ᠬᠡᠢ᠎ᠶᠢᠨ ᠬᠤᠳᠳᠤᠭ᠎ᠢ ᠥᠷᠥᠮᠳᠡᠨ ᠢᠯᠡᠷᠡᠭᠦᠯᠵᠦ᠂ ᠡᠳᠦᠷ᠎ᠲᠦ ᠪᠠᠷᠤᠭ 80 ᠲᠦᠮᠡᠨ ᠪᠣᠰᠣᠭ᠎ᠠ ᠳᠥᠷᠪᠡᠯᠵᠢᠨ ᠮᠧᠲᠷ ᠪᠠᠢᠭᠠᠯᠢ᠎ᠶᠢᠨ ᠰᠢᠲᠠᠮᠠᠬᠠᠢ ᠬᠡᠢ ᠦᠢᠯᠡᠳᠪᠦᠷᠢᠯᠡᠬᠦ᠎ᠪᠡᠷ᠎ᠲᠤᠷᠰᠢᠪᠠ᠃ ᠡᠨᠡ ᠨᠢ ᠮᠠᠨ᠎ᠤ ᠤᠯᠤᠰ᠎ᠤᠨ ᠳᠠᠯᠠᠶ ᠳᠡᠭᠡᠷᠡᠬᠢ ᠬᠡᠳᠦ ᠭᠦᠨ ᠳᠠᠪᠬᠤᠷᠭ᠎ᠠ᠎ᠶᠢᠨ ᠪᠠᠢᠭᠠᠯᠢ᠎ᠶᠢᠨ ᠰᠢᠲᠠᠮᠠᠬᠠᠢ ᠬᠡᠢ᠎ᠶᠢ ᠬᠠᠢᠨ ᠰᠢᠨᠵᠢᠯᠡᠬᠦ ᠬᠦᠷᠢᠶᠡᠨ᠎ᠳᠦ ᠴᠢᠬᠤᠯᠠ ᠶᠡᠬᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃

✦ ᠲᠦᠷᠦᠭᠦᠬᠡᠨ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ 2026 ᠣᠨ᠎ᠳᠤ ᠭᠣᠣᠯᠳᠠᠯᠭ᠎ᠠ᠎ᠲᠠᠢ ᠳᠡᠮᠵᠢᠵᠦ ᠪᠦᠲᠦᠭᠡᠨ ᠪᠠᠶ᠋ᠢᠭᠤᠯᠬᠤ 200 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠨᠡᠷᠡᠰ᠎ᠢ ᠲᠣᠭᠲᠠᠭᠠᠪᠠ᠃

✦ ᠰᠤᠷᠭᠠᠨ ᠬᠥᠮᠦᠵᠢᠯ᠎ᠦᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠤᠷᠴᠢᠮᠬᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ᠎ᠳᠦ ᠦᠢᠯᠡᠴᠢᠯᠡᠬᠦ ᠲᠤᠰᠬᠠᠢ ᠲᠥᠯᠥᠪᠯᠡᠭᠡ᠎ᠶᠢ ᠪᠠᠢᠷᠢᠯᠠᠭᠤᠯᠤᠨ ᠬᠡᠷᠡᠭᠵᠢᠭᠦᠯᠵᠦ᠂ 2030 ᠣᠨ᠎ᠤ ᠡᠩ᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢ ᠵᠢᠩᠬᠢᠨᠢ᠎ᠪᠡᠷ ᠨᠠᠢᠳᠠᠪᠤᠷᠢᠵᠢᠭᠤᠯᠪᠠ᠃

✦ ᠣᠢᠷ᠎ᠠ᠎ᠳᠤ ᠲᠠᠩᠱᠠᠨ ᠬᠣᠲᠠ᠎ᠶᠢᠨ ᠼᠤᠤ ᠹᠧᠢ ᠳ᠋ᠢᠶᠠᠨ ᠭᠠᠷᠠᠮ᠎ᠤᠨ ᠣᠷᠣᠨ᠎ᠤ ᠵᠡᠭᠦᠨᠭᠠᠷ ᠬᠣᠰᠢᠭᠤᠨ᠎ᠤ ᠳᠣᠲᠣᠭᠠᠳᠤ ᠬᠠᠭᠤᠷᠠᠢ᠎ᠶᠢᠨ ᠭᠠᠷᠠᠮ᠎ᠤᠨ ᠨᠡᠭᠦᠷᠡᠰᠦᠨ᠎ᠦ ᠵᠢᠰᠢᠶᠠᠨ᠎ᠤ ᠭᠠᠯᠲᠤ ᠲᠡᠷᠭᠡ ᠰᠠᠨ ᠳ᠋ᠣᠣ ᠴᠢᠦᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ᠎ᠡᠴᠡ ᠮᠣᠷᠳᠠᠵᠤ᠂ ᠠᠩᠬᠠᠨ᠎ᠤ ᠠᠶᠠᠯᠠᠯ᠎ᠵᠢᠡᠨ ᠡᠬᠢᠯᠡᠭᠦᠯᠬᠦ᠎ᠵᠢᠨ ᠬᠠᠮᠲᠤ ᠲᠠᠩᠱᠠᠨ ᠬᠣᠲᠠ᠎ᠶᠢᠨ ᠼᠤᠤ ᠹᠧᠢ ᠳ᠋ᠢᠶᠠᠨ ᠭᠠᠷᠠᠮ᠎ᠤᠨ ᠣᠷᠣᠨ᠎ᠤ ᠵᠡᠭᠦᠨᠭᠠᠷ ᠬᠣᠰᠢᠭᠤᠨ᠎ᠤ ᠳᠣᠲᠣᠭᠠᠳᠤ ᠬᠠᠭᠤᠷᠠᠢ᠎ᠶᠢᠨ ᠭᠠᠷᠠᠮ ᠫᠠᠢᠰᠠ ᠰᠡᠬᠦᠵᠦ ᠪᠠᠢᠭᠤᠯᠤᠭᠳᠠᠪᠠ᠃

✦ ᠲᠦᠷᠦᠭᠦᠬᠡᠨ ᠶᠡᠬᠡ ᠪᠤᠯᠤᠩ᠎ᠦᠨ ᠣᠷᠣᠨ᠎ᠤ ᠠᠭᠠᠷ᠎ᠤᠨ ᠠᠶᠠᠯᠠᠯ᠎ᠤᠨ ᠺᠣᠮᠫᠠᠨᠢ ᠡᠪᠦᠯ᠎ᠤᠨ ᠤᠯᠠᠷᠢᠯ᠎ᠤᠨ ᠠᠭᠠᠷ᠎ᠤᠨ ᠠᠶᠠᠯᠠᠯ᠎ᠤᠨ ᠰᠢᠨ᠎ᠡ ᠱᠤᠭᠤᠮ᠎ᠢ ᠨᠡᠪᠲᠡᠷᠡᠭᠦᠯᠵᠦ᠂ ᠬᠥᠬᠡᠬᠣᠲᠠ ᠪᠠ ᠰᠢᠶᠠᠩᠭᠠᠩ᠎ᠤᠨ ᠬᠣᠭᠣᠷᠣᠨᠳᠤᠬᠢ ᠰᠢᠭᠤᠳ ᠨᠢᠰᠬᠦ ᠱᠤᠭᠤᠮ᠎ᠢ ᠨᠡᠪᠲᠡᠷᠡᠭᠦᠯᠪᠡ᠃ ᠡᠨᠡ ᠡᠭᠡᠯᠵᠢ᠎ᠵᠢᠨ ᠨᠢᠰᠬᠡᠯ ᠨᠢ ᠭᠠᠷᠠᠭ ᠪᠦᠷᠢ ᠬᠣᠶᠠᠷ ᠤᠳᠠᠭ᠎ᠠ ᠨᠢᠰᠬᠦ ᠪᠣᠯᠣᠨ᠎ᠠ᠃

✦ ᠡᠨᠡ ᠵᠢᠯ ᠪᠤᠭᠤᠲᠤ ᠬᠣᠲᠠ ᠦᠨᠳᠦᠰᠦᠨ ᠱᠠᠲᠤᠨ᠎ᠦ ᠠᠵᠢᠯ ᠣᠯᠭᠣᠯᠲᠠ ᠎ᠶᠢᠨ ᠦᠢᠯᠡᠴᠢᠯᠡᠭᠡᠨ᠎ᠦ ᠭᠠᠵᠠᠷ᠎ᠢ ᠳᠡᠰ ᠳᠡᠪᠰᠢᠭᠦᠯᠵᠦ᠂ ᠪᠥᠬᠥ  ᠬᠤᠲᠠ᠎ᠶᠢᠨ 384 ᠵᠡᠭᠡᠯᠢ ᠭᠤᠳᠤᠮᠵᠢ᠎ᠶᠢᠨ ᠨᠡᠢᠭᠡᠮ ᠲᠣᠭᠣᠷᠢᠭ᠋᠎ᠲᠤ ᠨᠢᠭᠡᠨᠲᠡ 133 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠦᠷᠲᠡᠭᠡ ᠴᠡᠭ᠎ᠢ ᠰᠢᠨ᠎ᠡ᠎ᠪᠡᠷ ᠪᠠᠢᠭᠤᠯᠵᠤ᠂ 80 ᠦᠷᠲᠡᠭᠡ ᠴᠡᠭ᠎ᠢ ᠰᠢᠯᠢᠳᠡᠭᠵᠢᠭᠦᠯᠦᠨ ᠳᠡᠰ ᠳᠡᠪᠰᠢᠭᠦᠯᠪᠡ᠃

ᠰᠣᠶᠣᠯ

✦ 11᠎ᠦ ᠡᠳᠦᠷ᠂ ᠪᠠᠶᠠᠨᠨᠠᠭᠤᠷ ᠬᠤᠲᠠ᠎ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠎ᠳᠤ ᠨᠣᠮ ᠬᠠᠨᠳᠢᠪᠯᠠᠠᠬᠤ ᠠᠵᠢᠯᠯᠠᠭ᠎ᠠ ᠶᠠᠪᠤᠭᠳᠠᠵᠤ᠂ ᠪᠠᠶᠠᠨᠨᠠᠭᠤᠷ ᠬᠤᠲᠠ᠎ᠶᠢᠨ ᠰᠢᠨᠬᠤᠸᠠ ᠨᠣᠮ᠎ᠤᠨ ᠳᠡᠯᠭᠡᠭᠦᠷ ᠲᠤᠰ ᠰᠤᠷᠭᠠᠭᠤᠯᠢ᠎ᠳᠤ 433 ᠳᠡᠪᠲᠡᠷ ᠨᠣᠮ ᠬᠠᠨᠳᠢᠪᠯᠡᠵᠠᠢ᠃

ᠲᠠᠮᠢᠷ

✦ ᠲᠤᠬᠠᠢ᠎ᠶᠢᠨ ᠭᠠᠵᠠᠷ᠎ᠤᠨ ᠴᠠᠭ᠎ᠢᠶᠠᠷ 12᠎ᠤᠨ ᠡᠳᠦᠷ ᠮᠠᠯᠠᠢᠰᠢᠶ᠎ᠠ᠎ᠶᠢᠨ ᠺᠦᠸᠠᠯᠠ ᠯᠦᠮᠫᠦᠷᠢᠶ᠎ᠠ᠎ᠶᠢᠨ ᠬᠥᠯ ᠪᠥᠮᠪᠥᠭᠡ᠎ᠶᠢᠨ ᠬᠣᠯᠪᠣᠭ᠎ᠠ᠎ᠶᠢᠨ ᠶᠡᠷᠦᠩᠬᠡᠢ ᠵᠠᠬᠢᠷᠭ᠎ᠠ᠎ᠳᠤ ᠰᠢᠪᠠᠭ᠎ᠠ ᠲᠠᠲᠠᠬᠤ ᠶᠣᠰᠣᠯᠠᠯ ᠶᠠᠪᠤᠭᠳᠠᠵᠤ᠂ 2028 ᠣᠨ᠎ᠤ ᠯᠤᠰ ᠠᠩᠵᠸᠯᠸᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠡᠮᠡᠭᠲᠡᠢ᠎ᠶᠢᠨ ᠬᠥᠯ ᠪᠥᠮᠪᠥᠭᠡ᠎ᠶᠢᠨ ᠲᠥᠷᠥᠯ ᠵᠦᠢᠯ᠎ᠦᠨ ᠠᠽᠢᠶ᠎ᠠ ᠲᠢᠪ᠎ᠦᠨ ᠪᠡᠯᠡᠳᠬᠡᠯ ᠰᠣᠩᠭᠣᠭᠤᠯᠢ᠎ᠶᠢᠨ ᠤᠷᠤᠯᠳᠤᠭᠠᠨ᠎ᠤ ᠳᠤᠭᠤᠢᠯᠠᠩ᠎ᠤᠨ ᠬᠤᠪᠢᠶᠠᠷᠢ᠎ᠵᠢ ᠨᠡᠢᠲᠡᠯᠡᠪᠡ᠃ ᠡᠭᠦᠨ᠎ᠳᠦ ᠳᠤᠮᠳᠠᠳᠤ ᠤᠯᠤᠰ᠎ᠤᠨ ᠠᠩᠭᠢ ᠰᠣᠯᠣᠩᠭᠣᠰ᠂ ᠺᠣᠷᠢᠶᠠ᠂ ᠹᠢᠯᠢᠫᠢᠨ᠎ᠦ ᠠᠩᠭᠢ᠎ᠲᠠᠢ ᠨᠢᠭᠡ ᠳᠤᠭᠤᠢᠯᠠᠩ᠎ᠳᠦ ᠬᠤᠪᠢᠶᠠᠭᠳᠠᠵᠠᠢ᠃

✦ ᠤᠢᠷ᠎ᠠ᠎ᠳᠤ ᠯᠢᠶᠣᠤᠨᠢᠩ᠂ ᠬᠢᠷᠢᠨ᠂ ᠬᠠᠷᠠᠮᠥ᠋ᠷᠡᠨ᠂ ᠥᠪᠥᠷ ᠮᠣᠩᠭᠣᠯ ᠵᠡᠷᠭᠡ 2027 ᠣᠨ᠎ᠤ 《ᠵᠡᠭᠦᠨ ᠬᠣᠢᠲᠤ᠎ᠶᠢᠨ ᠳᠥᠷᠪᠡᠨ ᠮᠤᠵᠢ ᠣᠷᠣᠨ᠎ᠤ ᠬᠥᠯ ᠪᠥᠮᠪᠥᠭᠡ᠎ᠶᠢᠨ ᠬᠣᠯᠪᠣᠭᠠᠲᠤ ᠣᠷᠣᠯᠳᠤᠭᠠᠨ》᠎ᠤ ᠵᠣᠬᠢᠶᠠᠨ ᠪᠠᠶ᠋ᠢᠭᠤᠯᠬᠤ ᠺᠣᠮᠢᠰ 2027 ᠣᠨ᠎ᠤ ᠤᠷᠤᠯᠳᠤᠭᠠᠨ᠎ᠳᠤ ᠣᠷᠤᠯᠴᠠᠬᠤ ᠪᠠᠭ᠎ᠢᠶᠠᠨ ᠥᠷᠭᠡᠳᠬᠡᠨ᠂ ᠤᠤᠯ᠎ᠤᠨ 8 ᠪᠠᠭ᠎ᠠᠴᠠ 12 ᠪᠠᠭ ᠪᠣᠯᠭᠠᠬᠤ᠎ᠪᠠᠷ ᠲᠣᠭᠲᠠᠵᠠᠢ᠃ ᠳᠥᠷᠪᠡᠨ ᠮᠤᠵᠢ ᠣᠷᠣᠨ᠎ᠤ ᠨᠢᠭᠡᠳᠦᠯᠲᠡᠢ ᠲᠥᠯᠥᠪᠵᠢᠭᠦᠯᠦᠨ ᠰᠣᠩᠭᠣᠨ ᠲᠠᠨᠢᠯᠴᠠᠭᠤᠯᠬᠤ᠎ᠪᠠᠷ ᠳᠠᠮᠵᠢᠨ᠂ ᠯᠢᠶᠣᠤᠨᠢᠩ᠎ᠤᠨ ᠴᠣᠣᠶᠠᠩ᠂ ᠭᠢᠷᠢᠨ᠎ᠤ ᠮᠧᠶ ᠾᠧ ᠺᠧᠦ᠂ ᠬᠠᠷᠠᠮᠥ᠋ᠷᠡᠨ᠎ᠦ ᠳ᠋ᠠᠴᠢᠩ᠂ ᠥᠪᠥᠷ ᠮᠣᠩᠭᠣᠯ᠎ᠤᠨ ᠤᠯᠠᠭᠠᠨᠬᠠᠳᠠ ᠵᠡᠷᠭᠡ 4 ᠬᠣᠲᠠ ᠨᠢ ᠣᠷᠣᠯᠳᠤᠭᠠᠨ᠎ᠳᠤ ᠣᠷᠣᠯᠴᠠᠬᠤ᠎ᠪᠠᠷ ᠪᠣᠯᠪᠠ᠃

 ᠳᠡᠯᠡᠬᠡᠢ

✦ ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ ᠦᠺᠷᠠᠢᠨ᠎ᠤ ᠶᠡᠷᠦᠩᠬᠡᠢᠯᠡᠭᠴᠢ ᠽᠸᠯᠢᠶᠠᠨᠰᠺᠢ 12᠎ᠤᠨ ᠡᠳᠦᠷ ᠢᠯᠡᠷᠬᠡᠢᠯᠡᠬᠦ᠎ᠳᠡᠭᠡᠨ᠂ ᠥᠩᠭᠡᠷᠡᠭᠰᠡᠨ ᠬᠡᠳᠦᠨ ᠡᠳᠦᠷ᠎ᠲᠦ ᠦᠺᠷᠠᠢᠨ᠎ᠤ ᠴᠡᠷᠢᠭ ᠠᠮᠧᠷᠢᠺᠠ᠎ᠶᠢᠨ 《ᠣᠳᠣᠨ ᠭᠢᠨᠵᠢ》 ᠰᠢᠰᠲᠧᠮ ᠦᠺᠷᠠᠢᠨ᠎ᠤ ᠬᠢᠯᠢ᠎ᠳᠦ ᠬᠦᠨᠳᠦ ᠨᠣᠴᠢᠲᠠᠢ ᠬᠡᠪ᠎ᠦᠨ ᠪᠤᠰᠤ ᠠᠵᠢᠯᠯᠠᠭ᠎ᠠ ᠬᠢᠭᠰᠡᠨ᠎ᠢ ᠣᠯᠵᠤ ᠮᠠᠲᠠᠪᠡ᠂ ᠡᠨᠡ᠎ᠬᠦ ᠪᠠᠢᠳᠠᠯ ᠨᠢ ᠦᠺᠷᠠᠢᠨ᠎ᠤ ᠴᠡᠷᠢᠭ᠎ᠦᠨ ᠣᠷᠣᠰ᠎ᠤᠨ ᠲᠡᠢᠷᠦᠯᠲᠦ ᠵᠢᠯᠣᠭᠣᠴᠢ ᠦᠭᠡᠢ ᠨᠢᠰᠬᠡᠯ᠎ᠢ ᠬᠣᠷᠢᠭ᠍ᠯᠠᠬᠤ ᠬᠦᠴᠢᠷᠳᠡᠯ᠎ᠢ ᠶᠡᠬᠡ᠎ᠪᠡᠷ ᠨᠡᠮᠡᠭᠳᠡᠭᠦᠯᠦᠭᠰᠡᠨ ᠪᠠᠢᠨ᠎ᠠ ᠭᠡᠵᠡᠢ᠃

✦ ᠰᠢᠨᠬᠤᠸᠠ ᠬᠤᠷᠢᠶ᠎ᠠ᠎ᠵᠢᠨ ᠮᠡᠳᠡᠭᠡ᠎ᠵᠢ ᠦᠨᠳᠦᠰᠦᠯᠡᠪᠡᠯ᠂ ᠠᠮᠧᠷᠢᠺᠠ᠎ᠶᠢᠨ ᠨᠢᠦ᠋ ᠶᠣᠷᠺ ᠬᠣᠲᠠ᠎ᠶᠢᠨ ᠳᠠᠷᠤᠭ᠎ᠠ 12᠎ᠤᠨ ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠳᠡᠭᠡᠷ᠎ᠡ ᠢᠯᠡᠷᠬᠡᠢᠯᠡᠬᠦ ᠳ᠋ᠡᠭᠡᠨ᠂ 11᠎ᠦ ᠡᠳᠦᠷ ᠨᠢᠦ᠋ ᠶᠣᠷᠺ᠎ᠲᠤ ᠭᠤᠷᠪᠠᠨ ᠳᠠᠪᠬᠤᠷ ᠠᠰᠠᠷ ᠨᠤᠷᠠᠭᠰᠠᠨ ᠬᠡᠷᠡᠭ ᠭᠠᠷᠴᠤ᠂ ᠠᠳᠠᠭ᠎ᠲᠠᠭᠠᠨ 8 ᠬᠥᠮᠥᠨ ᠡᠨᠳᠡᠵᠦ᠂ 17 ᠬᠥᠮᠥᠨ ᠰᠢᠷᠬᠠᠲᠤᠵᠠᠢ ᠭᠡᠪᠡ᠃

✦ ᠰᠢᠨᠬᠤᠸᠠ ᠬᠤᠷᠢᠶ᠎ᠠ᠎ᠵᠢᠨ ᠮᠡᠳᠡᠭᠡ᠎ᠵᠢ ᠦᠨᠳᠦᠰᠦᠯᠡᠪᠡᠯ᠂ ᠤᠢᠷ᠎ᠠ᠎ᠳᠦ ᠢᠰᠫᠠᠨᠢ᠎ᠳᠤ ᠪᠦᠬᠦ ᠤᠯᠤᠰ᠎ᠤᠨ ᠴᠢᠨᠠᠷᠲᠠᠢ ᠶᠡᠬᠡ ᠠᠵᠢᠯ ᠬᠠᠶᠠᠯᠲᠠ ᠪᠣᠯᠣᠨ ᠰᠦᠷᠳᠦ ᠵᠢᠭᠰᠠᠭᠠᠯ ᠶᠠᠪᠤᠭᠳᠠᠵᠤ᠂ ᠤᠯᠠᠨ ᠭᠠᠵᠠᠷ᠎ᠲᠤ ᠠᠵᠢᠯ ᠬᠠᠶᠠᠭᠰᠠᠳ ᠪᠣᠯᠣᠨ ᠴᠠᠭᠳᠠᠭᠠᠨ᠎ᠤ ᠲᠠᠯ᠎ᠠ᠎ᠶᠢᠨ ᠮᠥᠷᠭᠥᠯᠳᠦᠭᠡᠨ ᠡᠭᠦᠰᠴᠦ᠂ 50 ᠭᠠᠷᠤᠢ ᠬᠥᠮᠥᠨ ᠪᠠᠷᠢᠪᠴᠢᠯᠠᠭᠳᠠᠪᠠ᠃

ᠦᠢᠯᠡᠴᠢᠯᠡᠭᠡ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃ 

ᠲᠠᠨ᠎ᠤ ᠲᠤᠰᠠ᠎ᠳᠤ

✦ ᠬᠣᠭᠣᠯᠠ ᠢᠳᠡᠬᠦ ᠦᠶ᠎ᠡ᠎ᠳᠦ ᠴᠢᠳᠠᠬᠤ᠎ᠶᠢᠨ ᠬᠢᠷᠢ᠎ᠪᠡᠷ ᠤᠳᠠᠭᠠᠨ ᠢᠳᠡᠵᠤ ᠨᠠᠷᠢᠨ ᠵᠠᠵᠢᠯᠪᠠᠯ ᠵᠤᠬᠢᠨ᠎ᠠ᠃ ᠤᠳᠠᠭᠠᠨ ᠢᠳᠡᠵᠦ ᠨᠠᠷᠢᠨ ᠵᠠᠵᠢᠯᠬᠤ ᠦᠶ᠎ᠡ᠎ᠳᠦ ᠠᠮᠠᠨ ᠬᠥᠨᠳᠡᠢ᠎ᠡᠴᠡ ᠶᠡᠬᠡ ᠬᠡᠮᠵᠢᠶᠡᠨ᠎ᠦ ᠰᠢᠯᠦᠰᠦ ᠱᠦᠭᠦᠷᠡᠭᠦᠯᠳᠡᠭ᠃ ᠲᠡᠭᠦᠨ᠎ᠦ ᠳᠣᠲᠣᠷᠠᠬᠢ ᠨᠡᠭᠦᠷᠡᠰᠦᠬᠦ᠋ᠴᠢᠯ᠎ᠦᠨ ᠤᠰᠤᠲᠥ᠋ᠷᠥᠭ᠌ᠴᠢᠲᠤ ᠳᠠᠪᠤᠰᠤ ᠪᠣᠯᠣᠨ ᠨᠢᠯᠴᠠᠭᠠᠶ ᠰᠢᠩᠭᠡᠨ ᠨᠢ ᠬᠦᠴᠢᠯ᠎ᠢ ᠡᠰᠡᠷᠭᠦᠴᠡᠬᠦ ᠦᠢᠯᠡᠳᠦᠯ᠎ᠲᠠᠢ ᠮᠥᠷᠲᠡᠭᠡᠨ ᠬᠣᠳᠣᠭᠣᠳᠤᠨ ᠬᠦᠴᠢᠯ᠎ᠢ ᠰᠠᠭᠠᠷᠮᠠᠭᠵᠢᠭᠤᠯᠵᠤ᠂ ᠰᠢᠩᠭᠡᠭᠡᠯᠲᠡ᠎ᠶᠢᠨ ᠢᠰᠬᠡᠭᠦᠷ ᠨᠢ ᠬᠣᠳᠣᠭᠣᠳᠤᠨ᠎ᠤ ᠰᠠᠯᠢᠰᠤᠲᠤ ᠪᠦᠷᠬᠦᠪᠴᠢ᠎ᠶᠢ ᠬᠠᠮᠠᠭᠠᠯᠠᠬᠤ ᠦᠢᠯᠡᠳᠦᠯ᠎ᠲᠠᠢ ᠪᠠᠢᠳᠠᠭ᠃

ᠵᠠᠯᠭᠠᠭᠠᠳ 《ᠠᠮᠤᠭᠤᠯᠠᠩ ᠨᠤᠲᠤᠭ ᠠᠷᠤ ᠬᠥᠨᠳᠡᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠭᠢᠯᠪᠡᠬᠡᠨ

  • ᠨᠡᠪᠲᠡᠷᠡᠭᠦᠯᠦᠭᠴᠢ᠄

    ᠭᠢᠯᠪᠡᠬᠡᠨ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面