ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-15 11:37:18

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3

  



 ᠨᠡᠢᠭᠡᠮ                                   

✦2027 ᠣᠨ᠎ᠤ ᠪᠥᠬᠥ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠬᠥᠮᠥᠨ᠎ᠦ ᠲᠣᠭ᠎ᠠ 347 ᠲᠦᠮᠡ᠎ᠳᠤ ᠬᠦᠷᠴᠡᠢ᠃

  ✦2026 ᠣᠨ᠎ᠤ ᠪᠥᠬᠥ ᠤᠯᠤᠰ᠎ᠤᠨ ᠬᠣᠲᠠ᠎ᠨᠤᠭᠤᠳ᠎ᠤᠨ ᠬᠠᠮᠲᠤᠷᠠᠨ ᠡᠯᠰᠡᠬᠦ ᠨᠠᠮᠤᠷ᠎ᠤᠨ ᠡᠯᠰᠡᠯᠲᠡ᠎ᠳᠦ 550 ᠲᠦᠮᠡᠨ ᠠᠵᠢᠯ᠎ᠤᠨ ᠪᠠᠢᠷᠢ ᠬᠠᠩᠭᠠᠪᠠ᠃

   ✦12᠎ᠤᠨ ᠡᠳᠦᠷ᠂ ᠮᠠᠨ᠎ᠤ ᠤᠯᠤᠰ᠎ᠤᠨ ᠦᠢᠯᠡᠳᠪᠦᠷᠢᠯᠡᠭᠰᠡᠨ ᠬᠣᠶᠠᠳᠠᠭᠢ ᠲᠣᠮᠣ᠌ ᠬᠡᠯᠪᠡᠷᠢ᠎ᠶᠢᠨ ᠵᠢᠭᠤᠯᠴᠢᠯᠠᠯ᠎ᠤᠨ ᠣᠩᠭᠣᠴᠠ ᠪᠣᠯᠬᠤ ᠠᠢᠳᠠ·ᠬᠤᠸᠠ ᠴᠧᠩ ᠨᠡᠷᠡᠮᠵᠢᠲᠤ ᠬᠥᠯᠭᠡ ᠣᠩᠭᠣᠴᠠ ᠠᠩᠬᠠᠨ᠎ᠤ ᠲᠤᠷᠰᠢᠨ ᠠᠶᠠᠯᠠᠯ᠎ᠢᠶᠠᠨ ᠠᠮᠵᠢᠯᠲᠠ᠎ᠲᠠᠢ ᠪᠡᠶᠡᠯᠡᠭᠦᠯᠵᠦ᠂ ᠭᠤᠸᠠᠩᠵᠧᠦ᠎ᠶᠢᠨ ᠨᠠᠨᠱᠠ᠎ᠶᠢᠨ ᠣᠯᠠᠨ ᠤᠯᠤᠰ᠎ᠤᠨ ᠵᠢᠭᠤᠯᠴᠢᠯᠠᠯ᠎ᠤᠨ ᠬᠥᠯᠭᠡ ᠣᠩᠭᠣᠴᠠ᠎ᠶᠢᠨ ᠭᠠᠷᠠᠮ᠎ᠳᠤ ᠬᠦᠷᠪᠡ᠃ 11 ᠰᠠᠷ᠎ᠠ᠎ᠶᠢᠨ 22᠎ᠤᠨ ᠡᠳᠦᠷ ᠲᠤᠰ ᠣᠩᠭᠣᠴᠠ ᠠᠩᠬᠠᠨ᠎ᠤ ᠠᠶᠠᠯᠠᠯ᠎ᠢᠶᠠᠨ ᠡᠬᠢᠯᠡᠭᠦᠯᠬᠦ ᠪᠣᠯᠣᠨ᠎ᠠ᠃

  ✦ᠠᠷᠪᠠᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠮᠦᠽᠧᠢ ᠵᠢᠴᠢ ᠬᠣᠯᠪᠣᠭᠳᠠᠯ ᠪᠦᠬᠦᠢ ᠦᠢᠯᠡᠳᠬᠦᠨ ᠪᠣᠯᠣᠨ ᠮᠡᠷᠭᠡᠵᠢᠯ᠎ᠦᠨ ᠦᠵᠡᠭᠦᠯᠭᠡ 11 ᠰᠠᠷ᠎ᠠ᠎ᠶᠢᠨ 13 — 16᠎ᠤ ᠡᠳᠦᠷ ᠪᠣᠯᠲᠠᠯ᠎ᠠ ᠬᠠᠢᠺᠸᠦ᠎ᠳᠡᠬᠢ ᠬᠠᠢᠨᠠᠨ᠎ᠤ ᠣᠯᠠᠨ ᠤᠯᠤᠰ᠎ᠤᠨ ᠦᠵᠡᠰᠬᠦᠯᠡᠩ᠎ᠦᠨ ᠲᠥᠪ᠎ᠲᠦ ᠶᠠᠪᠤᠭᠳᠠᠬᠤ ᠪᠣᠯᠣᠨ᠎ᠠ᠃

✦ᠤᠢᠷ᠎ᠠ ᠎ᠳᠤ ᠤᠯᠤᠰ ᠎ᠤᠨ ᠮᠡᠳᠡᠯᠭᠡ᠎ᠶᠢᠨ ᠦᠮᠴᠢᠯᠡᠬᠦ ᠡᠷᠬᠡ᠎ᠶᠢᠨ ᠲᠣᠪᠴᠢᠶ᠎ᠠ 《ᠥᠪᠥᠷ ᠮᠣᠩᠭᠣᠯ᠎ᠤᠨ ᠰᠢᠤ ᠴᠢ ᠠᠮᠢ ᠠᠬᠤᠢ᠎ᠶᠢᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ ᠵᠡᠷᠭᠡ 185 ᠠᠵᠤ ᠠᠬᠤᠢᠯᠠᠯ᠎ᠤᠨ ᠭᠠᠵᠠᠷ ᠵᠦᠢ᠎ᠶᠢᠨ ᠢᠯᠡᠷᠬᠡᠢᠯᠡᠯᠲᠦ ᠲᠤᠰᠬᠠᠢ ᠬᠡᠷᠡᠭᠯᠡᠭᠡᠨ᠎ᠦ ᠲᠡᠮᠳᠡᠭ᠎ᠢ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠲᠤᠬᠠᠢ ᠤᠯᠤᠰ᠎ᠤᠨ ᠮᠡᠳᠡᠯᠭᠡ᠎ᠶᠢᠨ ᠦᠮᠴᠢᠯᠡᠬᠦ ᠡᠷᠬᠡ᠎ᠶᠢᠨ ᠲᠣᠪᠴᠢᠶ᠎ᠠ ᠵᠢᠨ ᠠᠯᠪᠠᠨ ᠵᠠᠷ》᠎ᠢ ᠨᠡᠢᠲᠡᠯᠡᠪᠡ᠃ ᠡᠭᠦᠨ᠎ᠳᠦ ᠮᠠᠨ᠎ᠤ ᠣᠷᠣᠨ᠎ᠤ 4 ᠠᠵᠤ ᠠᠬᠤᠢᠯᠠᠯ ᠬᠢᠨᠠᠨ ᠵᠥᠪᠰᠢᠶᠡᠷᠡᠬᠦ᠎ᠪᠡᠷ ᠳᠠᠮᠵᠢᠨ᠂ ᠥᠪᠡᠷ᠎ᠦᠨ ᠦᠢᠯᠡᠳᠪᠦᠷᠢᠯᠡᠭᠰᠡᠨ ᠭᠠᠵᠠᠷ ᠵᠦᠢ᠎ᠶᠢᠨ ᠢᠯᠡᠷᠬᠡᠢᠯᠡᠯᠲᠦ ᠦᠢᠯᠡᠳᠬᠦᠨ᠎ᠳᠡᠭᠡᠨ ᠲᠤᠰᠬᠠᠢ ᠬᠡᠷᠡᠭᠯᠡᠭᠡᠨ᠎ᠦ ᠲᠡᠮᠳᠡᠭ᠎ᠢ ᠬᠡᠷᠡᠭᠯᠡᠬᠦ ᠦᠢᠯᠡᠳᠬᠦᠨ᠎ᠦ ᠬᠠᠮᠠᠭᠠᠯᠠᠯᠲᠠ᠎ᠶᠢ ᠬᠦᠷᠳᠡᠪᠡ᠃

✦12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠩᠬᠠᠨ᠎ᠤ ᠠᠢᠮᠠᠭ ᠬᠤᠲᠠ ᠠᠯᠤᠰᠯᠠᠭᠰᠠᠨ ᠪᠠᠲᠤᠯᠠᠭ᠎ᠠ᠎ᠶᠢᠨ ᠴᠢᠨᠠᠷᠲᠠᠢ ᠬᠠᠮᠲᠤᠷᠠᠯᠴᠠᠭᠠᠨ᠎ᠤ ᠰᠢᠨ᠎ᠡ ᠡᠨᠧᠷᠭᠢ᠎ᠶᠢᠨ ᠲᠥᠷᠥᠯ ᠵᠦᠢᠯ ᠪᠣᠯᠬᠤ 200 ᠲᠦᠮᠡᠨ ᠺᠢᠯᠦᠸᠠᠲ᠎ᠤᠨ 《ᠠᠯᠠᠱᠠ᠎ᠶᠢᠨ ᠴᠠᠬᠢᠯᠭᠠᠨ᠎ᠢ ᠦᠬᠠᠢ᠎ᠳᠤ ᠣᠷᠣᠭᠤᠯᠬᠤ》 ᠣᠷᠣᠨ ᠪᠦᠰᠡ᠎ᠶᠢᠨ ᠬᠠᠷᠢᠯᠴᠠᠨ ᠲᠤᠰᠠᠯᠠᠬᠤ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠪᠦᠬᠦ ᠥᠷᠲᠡᠭᠡ᠎ᠳᠦ ᠭᠡᠳᠡᠷᠭᠦ ᠴᠠᠬᠢᠯᠭᠠᠨ ᠬᠦᠷᠭᠡᠬᠦ ᠵᠢᠴᠢ ᠲᠣᠣᠷ᠎ᠲᠤ ᠨᠡᠢᠯᠡᠭᠦᠯᠬᠦ ᠠᠵᠢᠯ᠎ᠢ ᠨᠢᠭᠡ ᠯᠡ ᠳᠡᠭᠡᠷ᠎ᠡ ᠪᠡᠶᠡᠯᠡᠭᠦᠯᠪᠡ᠃

 ✦ᠡᠨᠡ ᠵᠢᠯ᠎ᠦᠨ 9 — 11 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠬᠠᠮᠲᠤᠷᠠᠨ ᠡᠷᠬᠢᠯᠡᠭᠰᠡᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠭᠤᠯᠵᠤ᠂ ᠣᠶᠤᠨ ᠤᠬᠠᠭᠠᠨ᠎ᠢᠶᠠᠷ ᠥᠪᠥᠷ ᠮᠣᠩᠭᠣᠯ ᠵᠢᠡᠨ ᠬᠥᠭᠵᠢᠭᠦᠯᠬᠦ》 ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠬᠤ ᠠᠵᠢᠯᠯᠠᠭ᠎ᠠ  ᠪᠡᠭᠡᠵᠢᠩ᠂ ᠰᠢ ᠠᠨ᠂ ᠯᠠᠨᠵᠧᠦ ᠭᠤᠷᠪᠠᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠳᠤ ᠶᠠᠪᠤᠭᠳᠠᠪᠠ᠃ ᠲᠤᠰ ᠠᠵᠢᠯᠯᠠᠭ᠎ᠠ᠎ᠳᠤ ᠤᠷᠢᠳ ᠬᠣᠵᠢᠳ ᠨᠡᠢᠲᠡ 2700 ᠬᠥᠮᠥᠨ ᠤᠳᠠᠭ᠎ᠠ᠎ᠶᠢᠨ ᠳᠡᠭᠡᠳᠦ ᠳᠡᠰ᠎ᠤᠨ ᠴᠢᠳᠠᠪᠤᠷᠢᠲᠠᠨ ᠲᠤᠬᠠᠢ᠎ᠶᠢᠨ ᠲᠠᠯᠠᠪᠤᠷ᠎ᠲᠤ ᠬᠦᠷᠴᠦ ᠠᠰᠠᠭᠤᠨ ᠯᠠᠪᠯᠠᠵᠤ᠂ 900 ᠰᠢᠬᠠᠮ ᠬᠥᠮᠥᠨ ᠠᠩᠬ᠎ᠠ ᠠᠯᠬᠤᠮ᠎ᠤᠨ ᠠᠵᠢᠯ ᠣᠯᠬᠤ ᠰᠠᠨᠠᠮᠵᠢ ᠳᠤᠬᠳᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠬᠥᠳᠡᠯᠭᠡᠬᠦ ᠬᠦᠴᠦᠨ᠎ᠢ ᠬᠤᠷᠠᠮᠳᠤᠭᠤᠯᠤᠭᠰᠠᠨ ᠪᠠᠢᠨ᠎ᠠ᠃

✦ᠣᠳᠣᠬᠠᠨ ᠪᠣᠯᠲᠠᠯ᠎ᠠ ᠮᠠᠨ᠎ᠤ ᠣᠷᠣᠨ ᠤᠯᠤᠰ᠎ᠤᠨ ᠳᠡᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢ ᠨᠡᠶ᠋ᠢᠲᠡ 1345 ᠰᠣᠩᠭᠣᠨ ᠪᠠᠢᠭᠤᠯᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠪᠥᠬᠥ ᠲᠣᠭᠠᠨ᠎ᠤ 46%᠎ᠶᠢ ᠡᠵᠡᠯᠡᠵᠦ᠂ ᠪᠦᠬᠦ ᠤᠯᠤᠰ᠎ᠤᠨ ᠨᠢᠭᠡᠳᠦᠭᠡᠷ᠎ᠲᠦ ᠣᠷᠣᠪᠠ᠃

ᠠᠵᠤ ᠠᠬᠤᠢ 

✦ᠡᠨᠡ ᠵᠢᠯ᠎ᠦᠨ ᠲᠦᠷᠦᠭᠦᠦ 10 ᠰᠠᠷ᠎ᠠ᠎ᠳᠤ ᠮᠠᠨ᠎ᠤ ᠤᠯᠤᠰ᠎ᠤᠨ ᠠᠷᠠᠳ᠎ᠤᠨ ᠵᠣᠭᠣᠰᠤᠨ᠎ᠤ ᠵᠢᠭᠡᠯᠡᠯᠭᠡ 11.42 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠵᠡᠢ᠃

ᠰᠤᠶᠤᠯ

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠂ ᠤᠷᠴᠢᠮᠬᠠᠨ ᠴᠦᠩᠴᠢᠩ ᠬᠤᠲᠠ᠎ᠳᠤ ᠶᠠᠪᠤᠭᠳᠠᠭᠰᠠᠨ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠰᠬᠦᠯᠡᠩ᠎ᠳᠦ ᠮᠠᠨ᠎ᠤ ᠤᠷᠤᠨ᠎ᠤ ᠴᠠᠭᠠᠰᠤᠨ ᠬᠠᠢᠴᠢᠯᠠᠮᠠᠯ᠂ ᠮᠣᠩᠭᠣᠯ ᠦᠨᠳᠦᠰᠦᠲᠡᠨ᠎ᠦ ᠬᠠᠳᠬᠤᠮᠠᠯ᠂ ᠮᠣᠩᠭᠣᠯ ᠦᠨᠳᠦᠰᠦᠲᠡᠨ᠎ᠦ ᠮᠣᠷᠢᠨ ᠡᠳ᠋ᠯᠡᠯ ᠬᠢᠬᠦ ᠮᠡᠷᠭᠡᠵᠢᠯ᠂ ᠪᠤᠭᠤᠳᠠᠢ᠎ᠶᠢᠨ ᠰᠦᠷᠡᠯ᠎ᠦᠨ ᠵᠢᠷᠤᠭ᠂ ᠬᠣᠷᠴᠢᠨ᠎ᠤ ᠠᠷᠠᠰᠤᠨ ᠰᠡᠢᠯᠦᠮᠡᠯ ᠵᠢᠷᠤᠭ ᠵᠡᠷᠭᠡ 23 ᠵᠦᠢᠯ᠎ᠦᠨ ᠣᠨᠴᠠᠯᠢᠭ᠍ᠲᠤ ᠪᠣᠳᠠᠰ᠎ᠤᠨ ᠪᠤᠰᠤ ᠰᠣᠶᠣᠯ᠎ᠤᠨ ᠥᠪ ᠳᠡᠯᠭᠡᠭᠳᠡᠭᠰᠡᠨ ᠪᠠᠢᠨ᠎ᠠ᠃

✦ᠣᠢᠷ᠎ᠠ᠎ᠳᠦ ᠤᠷᠠᠳ᠎ᠤᠨ ᠡᠮᠦᠨᠡᠲᠦ ᠬᠣᠰᠢᠭᠤᠨ᠎ᠤ ᠤᠯᠠᠮᠵᠢᠯᠠᠯᠲᠤ ᠰᠣᠶᠣᠯ᠎ᠤᠨ ᠬᠥᠭᠵᠢᠭᠦᠯᠦᠯᠲᠡ᠎ᠶᠢᠨ ᠰᠤᠳᠤᠯᠭᠠᠨ᠎ᠤ ᠲᠥᠪ᠎ᠦᠨ ᠦᠢᠯᠡᠳᠦᠨ ᠪᠦᠲᠦᠭᠡᠭᠰᠡᠨ ᠤᠷᠠᠳ ᠠᠷᠠᠳ᠎ᠤᠨ ᠳᠠᠭᠤᠤ᠎ᠶᠢᠨ ᠴᠣᠮᠣᠭ — 《ᠮᠤᠨᠠ ᠠᠭᠤᠯᠠ᠎ᠶᠢᠨ ᠡᠭᠡᠰᠢᠭᠯᠡᠩ》 ᠰᠦᠯᠵᠢᠶᠡᠨ᠎ᠳᠦ ᠨᠡᠢᠲᠡᠯᠡᠭᠳᠡᠵᠡᠢ᠃ ᠲᠤᠰ ᠴᠣᠮᠣᠭ᠎ᠲᠤ 《ᠣᠯᠬᠤᠶ᠎ᠠ ᠪᠡᠷᠬᠡ ᠬᠥᠮᠥᠨ᠎ᠤ ᠪᠡᠶ᠎ᠡ》 ᠵᠡᠷᠭᠡ 10 ᠤᠷᠠᠳ ᠠᠷᠠᠳ᠎ᠤᠨ ᠳᠠᠭᠤᠤ ᠪᠠᠭᠲᠠᠵᠤ᠂ ᠤᠯᠠᠮᠵᠢᠯᠠᠯᠲᠤ ᠳᠠᠭᠤᠯᠠᠬᠤ ᠬᠡᠪ ᠨᠠᠮᠪᠠ᠎ᠶᠢ ᠬᠠᠳᠠᠭᠠᠯᠠᠬᠤ᠎ᠶᠢᠨ ᠬᠠᠮᠲᠤ ᠰᠢᠨ᠎ᠡ ᠬᠥᠭᠵᠢᠮ᠎ᠦᠨ ᠨᠠᠢᠷᠠᠭᠤᠯᠭ᠎ᠠ ᠬᠠᠪᠰᠤᠷᠭᠠᠵᠤ ᠰᠢᠨᠡᠴᠢᠯᠡᠭᠰᠡᠨ ᠵᠢᠡᠷ ᠤᠨᠴᠠᠯᠠᠬᠳᠠᠬᠰᠠᠨ ᠪᠠᠢᠨ᠎ᠠ᠃

✦12᠎ᠤᠨ ᠡᠳᠤᠷ᠂ ᠣᠷᠳᠣᠰ ᠬᠣᠲᠠ᠎ᠶᠢᠨ ᠵᠦᠴᠦᠭᠡ᠎ᠶᠢᠨ ᠬᠦᠷᠢᠶᠡᠯᠡᠩ᠎ᠦᠨ ᠳᠠᠭᠤᠤ ᠵᠦᠴᠦᠭᠡ᠎ᠶᠢᠨ ᠲᠢᠩᠬᠢᠮ᠎ᠳᠦ 2026 ᠤᠷᠳᠤᠰ ᠬᠣᠲᠠ᠎ᠶᠢᠨ ᠤᠯᠤᠰ᠎ᠤᠨ ᠥᠮᠴᠢᠯᠡᠯᠲᠦ ᠤᠷᠠᠯᠢᠭ᠋᠎ᠤᠨ ᠬᠦᠷᠢᠶᠡᠯᠡᠩ ᠪᠦᠯᠬᠦᠮ᠎ᠦᠨ ᠰᠢᠯᠢᠳᠡᠭ ᠵᠦᠴᠦᠭᠡ᠎ᠶᠢᠨ ᠦᠵᠡᠭᠦᠯᠭᠡ᠎ᠶᠢᠨ 《ᠣᠷᠳᠣᠰ ᠬᠤᠷᠢᠮ》᠎ᠤᠨ ᠲᠣᠭᠯᠠᠯᠲᠠ ᠠᠮᠵᠢᠯᠲᠠ᠎ᠲᠠᠢ ᠰᠠᠢᠬᠠᠨ ᠶᠠᠪᠤᠭᠳᠠᠬᠰᠠᠨ ᠪᠠᠢᠨ᠎ᠠ᠃

ᠲᠠᠮᠢᠷ 

✦ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠡᠴᠡ ᠤᠤᠯ᠎ᠤᠨ ᠦᠬᠠᠨ᠎ᠤ ᠡᠮᠡᠭᠲᠡᠢ᠎ᠶᠢᠨ ᠬᠥᠯ ᠪᠥᠮᠪᠥᠭᠡ᠎ᠶᠢᠨ ᠠᠩᠬᠢ ᠵᠢᠨ ᠭᠣᠣᠯ ᠳᠠᠰᠬᠠᠯᠵᠢᠭᠤᠯᠤᠭ᠍ᠴᠢ ᠴᠠᠩ ᠸᠧᠢ ᠸᠸᠢ ᠡᠮᠡᠭᠲᠡᠢ᠎ᠶᠢᠨ ᠬᠥᠯ ᠪᠥᠮᠪᠥᠭᠡ᠎ᠶᠢᠨ ᠤᠯᠤᠰ᠎ᠤᠨ ᠠᠩᠭᠢ᠎ᠶᠢᠨ ᠭᠣᠣᠯ ᠳᠠᠰᠬᠠᠯᠵᠢᠭᠤᠯᠤᠭ᠍ᠴᠢ ᠪᠤᠯᠤᠬᠰᠠᠨ᠎ᠢ ᠨᠡᠢᠲᠡᠯᠡᠪᠡ᠃

✦12᠎ᠤᠨ ᠡᠳᠦᠷ᠂ ᠪᠦᠬᠥ ᠤᠯᠤᠰ᠎ᠤᠨ ᠶᠡᠬᠡ ᠳᠡᠭᠡᠳᠤ ᠰᠤᠷᠭᠠᠭᠤᠯᠢ᠎ᠶᠢᠨ ᠲᠠᠪᠤᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠬᠣᠶᠠᠳᠤᠭᠠᠷ ᠳᠡᠰ᠎ᠤᠨ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠠᠨᠾᠦ᠋ᠢ ᠮᠤᠵᠢ᠎ᠳᠦ ᠥᠨᠳᠥᠷᠯᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠷᠡᠭᠲᠡᠢ᠎ᠶᠢᠨ ᠬᠥᠯ ᠪᠥᠮᠪᠥᠭᠡ᠎ᠶᠢᠨ ᠠᠩᠭᠢ ᠮᠠᠩᠯᠠᠢᠯᠠᠪᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠵᠠᠭᠤᠴᠢᠯᠠᠭᠤᠷ᠎ᠤᠨ ᠮᠡᠳᠡᠭᠡᠨ᠎ᠳᠤ᠂ ᠢᠷᠡᠬᠦ ᠵᠢᠯ᠎ᠦᠨ 1 ᠰᠠᠷ᠎ᠠ᠎ᠳᠤ ᠠᠷᠠᠳᠴᠢᠯᠠᠭᠰᠠᠨ ᠨᠠᠮ ᠤᠯᠤᠰ᠎ᠤᠨ ᠬᠤᠷᠠᠯ᠎ᠢ ᠡᠵᠡᠮᠳᠡᠭᠰᠡᠨ᠎ᠦ ᠳᠠᠷᠠᠭ᠎ᠠ᠂ ᠲᠥᠷᠥ᠎ᠶᠢᠨ ᠶᠠᠪᠤᠳᠠᠯ᠎ᠤᠨ ᠰᠠᠢᠳ ᠷᠦᠪᠢᠤ᠋᠎ᠶᠢ ᠪᠠᠭᠲᠠᠭᠠᠭᠰᠠᠨ ᠲᠸᠷᠠᠮᠫᠦ᠋ ᠵᠢᠨ ᠵᠠᠰᠠᠭ᠎ᠤᠨ ᠣᠷᠳᠣᠨ᠎ᠤ ᠣᠯᠠᠨ ᠳᠡᠭᠡᠳᠦ ᠲᠤᠰᠢᠶᠠᠯᠲᠠᠨ ᠪᠠᠢᠴᠠᠭᠠᠬᠳᠠᠬᠤ ᠪᠠ ᠢᠯᠡᠴᠢᠯᠡᠨ ᠵᠠᠭᠠᠯᠳᠤᠬᠳᠠᠬᠤ ᠬᠠᠷᠠᠯᠲᠠ ᠪᠣᠯᠵᠤ ᠮᠡᠳᠡᠨ᠎ᠡ ᠭᠡᠵᠦ ᠤᠯᠤᠰ᠎ᠤᠨ ᠬᠤᠷᠠᠯ᠎ᠤᠨ ᠠᠷᠠᠳᠴᠢᠯᠠᠭᠰᠠᠨ ᠨᠠᠮ᠎ᠤᠨ ᠳᠡᠭᠡᠳᠦ ᠳᠠᠪᠬᠤᠷᠭ᠎ᠠ᠎ᠶᠢᠨ ᠬᠢᠨ ᠭᠡᠷᠡᠴᠢᠯᠡᠵᠡᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠨᠭ᠌ᠭ᠌ᠯᠢ᠎ᠶᠢᠨ 18 ᠳᠠᠯᠠᠢ᠎ᠶᠢᠨ ᠳᠠᠩ᠎ᠢ ᠢᠷᠡᠯᠲᠡ ᠨᠢ ᠲᠣᠳᠣᠷᠬᠠᠢ ᠦᠭᠡᠢ ᠲᠣᠰᠣ᠌ ᠭᠣᠭᠣᠵᠢᠵᠤ ᠪᠤᠬᠢᠷᠳᠤᠬᠰᠠᠨ᠎ᠠᠴᠠ ᠪᠣᠯᠵᠤ ᠬᠠᠭᠠᠪᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠴᠥᠮ᠎ᠡ᠎ᠶᠢᠨ ᠪᠣᠬᠢᠷᠲᠤᠭᠰᠠᠨ ᠤᠰᠤᠨ᠎ᠤ ᠭᠠᠳᠠᠭᠰᠢᠯᠠᠭᠤᠯᠤᠯᠲᠠ᠎ᠶᠢᠨ ᠶᠡᠷᠦᠩᠬᠡᠢ ᠬᠡᠮᠵᠢᠶ᠎ᠡ ᠨᠢ 19 ᠲᠦᠮᠡᠨ ᠲᠣᠨ᠎ᠢ ᠳᠠᠪᠠᠵᠠᠢ᠃

ᠦᠢᠯᠡᠴᠢᠯᠡᠭᠡ

✦ᠤᠯᠠᠭᠠᠠᠴᠠᠪ ᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠳᠤᠪᠴᠢᠶ᠎ᠠ ᠵᠢᠨ ᠬᠠᠷᠢᠶ᠎ᠠ ᠠᠵᠢᠯ ᠤᠢᠯᠡᠰ᠎ᠤᠨ ᠨᠢᠭᠡᠴᠢ ᠠᠵᠢᠯᠳᠠᠨ ᠡᠯᠰᠡᠬᠦ ᠪᠡᠷ ᠪᠤᠢ᠃ 

ᠲᠠᠨ᠎ᠤ ᠲᠤᠰᠠ᠎ᠳᠤ

✦ᠪᠠᠷᠴᠢᠭᠡᠷ ᠯᠤᠤ᠎ᠶᠢᠨ ᠨᠢᠳᠦ ᠪᠣᠯᠣᠨ ᠨᠢᠰᠢᠩᠭᠦ᠎ᠳᠤ ᠠᠭᠤᠯᠤᠬᠳᠠᠬᠤ ᠰᠢᠬᠢᠷ᠎ᠦᠨ ᠭᠡᠮᠵᠢᠶ᠎ᠡ ᠨᠡᠯᠢᠶᠡᠳ ᠥᠨᠳᠥᠷ ᠪᠣᠯᠬᠣᠷ ᠠᠷᠪᠢᠨ ᠢᠳᠡᠬᠦ ᠨᠢ ᠬᠣᠭᠣᠯᠠᠨ᠎ᠤ ᠳᠤᠷᠠᠰᠢᠯ᠎ᠢ ᠪᠠᠭᠤᠷᠠᠭᠤᠯᠵᠤ᠂ ᠡᠷᠡᠭᠦᠯ ᠮᠡᠨᠳᠦ᠎ᠳᠦ ᠠᠰᠢᠭ᠋ ᠦᠭᠡᠢ ᠪᠠᠢᠳᠠᠭ᠃

ᠵᠠᠯᠭᠠᠭᠠᠳ 《ᠠᠳᠤᠭᠤᠴᠢᠨ᠎ᠤ ᠬᠡᠢᠮᠤᠷᠢ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面