2026-11-17 12:21:32



ᠨᠡᠢᠭᠡᠮ
✦ ᠣᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠤᠷᠢᠶ᠎ᠠ᠎ᠵᠢᠨ ᠠᠵᠢᠯ᠎ᠤᠨ ᠳᠦᠷᠢᠮ》 ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
✦ 13 — 15᠎ᠤ ᠡᠳᠦᠷ ᠪᠣᠯᠲᠠᠯ᠎ᠠ᠂ 2026 ᠳᠡᠯᠡᠬᠡᠢ᠎ᠶᠢᠨ ᠬᠢᠲᠠᠳ ᠬᠡᠯᠡᠨ᠎ᠦ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠡᠨᠡ ᠵᠢᠯ᠎ᠦᠨ ᠬᠢᠲᠠᠳ ᠬᠡᠯᠡᠨ᠎ᠦ ᠬᠢᠷᠢ ᠲᠦᠪᠰᠢᠨ᠎ᠦ ᠰᠢᠯᠭᠠᠯᠲᠠ᠎ᠶᠢᠨ ᠰᠢᠯᠭᠠᠭᠤᠯᠤᠭ᠍ᠴᠢ᠎ᠶᠢᠨ ᠲᠣᠭ᠎ᠠ 100 ᠲᠦᠮᠡᠨ ᠬᠥᠮᠥᠨ ᠤᠳᠠᠭ᠎ᠠ᠎ᠶᠢ ᠳᠠᠪᠠᠪᠠ᠃
✦ ᠣᠢᠷ᠎ᠠ᠎ᠳᠤ ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡ᠎ᠵᠢᠨ ᠰᠠᠨᠰᠠᠷᠴᠢᠳ ᠳᠥᠷᠪᠡᠳᠦᠭᠡᠷ ᠤᠳᠠᠭᠠᠨ᠎ᠤ ᠰᠠᠴᠤᠷᠠᠭ ᠠᠮᠢᠳᠤ ᠪᠣᠳᠠᠰ᠎ᠤᠨ ᠶᠠᠩᠵᠤ᠎ᠵᠢ ᠰᠠᠨᠰᠠᠷ᠎ᠤᠨ ᠥᠷᠲᠡᠭᠡ᠎ᠵᠢᠨ ᠥᠷᠥᠭᠡᠨ᠎ᠤ ᠭᠠᠳᠠᠨ᠎ᠠ ᠲᠠᠯᠪᠢᠬᠤ ᠲᠤᠷᠰᠢᠯᠲᠠ᠎ᠶᠢ ᠪᠡᠶᠡᠯᠡᠭᠦᠯᠵᠡᠢ᠃
✦ 14᠎ᠦ ᠡᠳᠦᠷ᠂ ᠳᠤᠮᠳᠠᠳᠤ ᠤᠯᠤᠰ᠎ᠤᠨ ᠡᠮ᠎ᠦᠨ ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ᠎ᠶᠢᠨ ᠣᠳᠣ᠎ᠨᠢ ᠨᠡᠷᠡᠢᠳᠬᠦ ᠶᠣᠰᠣᠯᠠᠯ ᠳᠤᠮᠳᠠᠳᠤ ᠤᠯᠤᠰ᠎ᠤᠨ ᠡᠮ᠎ᠦᠨ ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ᠎ᠶᠢᠨ ᠵᠢᠶᠠᠩᠨᠢᠩ ᠰᠤᠷᠭᠠᠭᠤᠯᠢ᠎ᠵᠢᠨ ᠲᠣᠭᠣᠷᠢᠭ᠋᠎ᠲᠦ ᠶᠠᠪᠤᠭᠳᠠᠵᠤ᠂ ᠣᠯᠠᠨ ᠤᠯᠤᠰ᠎ᠤᠨ ᠥᠨᠢᠳᠡ᠎ᠶᠢᠨ ᠳ᠋ᠤᠭᠠᠷ ᠨᠢ 361707 ᠨᠣᠮᠧᠷ ᠪᠤᠯᠬᠤ ᠵᠢᠵᠢᠭ ᠭᠠᠷᠠᠭ ᠣᠲᠣ᠌᠎ᠵᠢ 《ᠳᠤᠮᠳᠠᠳᠤ ᠤᠯᠤᠰ᠎ᠤᠨ ᠡᠮ᠎ᠦᠨ ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ᠎ᠶᠢᠨ ᠣᠳᠣᠨ》 ( Pharmauni ) ᠵᠢᠡᠷ ᠨᠡᠷᠡᠢᠳᠪᠡ᠃
✦ 2026 ᠣᠨ᠎ᠳᠤ ᠮᠠᠨ᠎ᠤ ᠤᠷᠤᠨ 709 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠵᠤ᠂ ᠡᠭᠦᠷᠭᠡ ᠪᠠ ᠪᠡᠯᠡ ᠮᠥᠩᠭᠥ᠎ᠶᠢᠨ ᠬᠡᠮᠵᠢᠶ᠎ᠡ ᠨᠢ 3 ᠵᠢᠯ ᠳᠠᠷᠠᠭᠠᠯᠠᠨ ᠪᠥᠬᠥ ᠤᠯᠤᠰ᠎ᠤᠨ ᠡᠮᠦᠨ᠎ᠡ ᠬᠣᠶᠠᠷ᠎ᠲᠤ ᠵᠢᠭ᠍ᠰᠠᠭᠠᠭᠳᠠᠪᠠ᠃ ᠡᠨᠡ ᠵᠢᠯ ᠥᠪᠡᠷᠲᠡᠭᠡᠨ ᠵᠠᠰᠠᠬᠤ ᠣᠷᠣᠨ 《ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠲᠣᠭᠲᠠᠭᠠᠵᠤ᠂ 2030 ᠣᠨ ᠪᠣᠯᠬᠤ᠎ᠳᠤ ᠨᠡᠶ᠋ᠢᠲᠡ 8500 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠎ᠪᠠᠷ ᠲᠥᠯᠥᠪᠯᠡᠵᠤ ᠪᠤᠢ᠃
✦ ᠣᠳᠣᠬᠠᠨ᠎ᠳᠤ ᠰᠢᠯᠢ᠎ᠶᠢᠨ ᠭᠣᠣᠯ ᠠᠢᠮᠠᠭ᠎ᠤᠨ ᠬᠡᠲᠦ ᠲᠣᠮᠣ᠌ ᠬᠡᠯᠪᠡᠷᠢ᠎ᠶᠢᠨ ᠺᠣᠮᠫᠢᠦ᠋ᠲᠧᠷ᠎ᠦᠨ ᠲᠥᠪ᠎ᠦᠨ ᠲᠥᠷᠥᠯ ᠵᠦᠢᠯ ᠪᠤᠯᠬᠤ ᠥᠪᠥᠷ ᠮᠣᠩᠭᠣᠯ᠎ᠤᠨ ᠳᠠ ᠸᠸᠢ ᠣᠶᠤᠨᠲᠤ ᠪᠣᠳᠣᠯᠭ᠎ᠠ᠎ᠶᠢᠨ ᠲᠣᠮᠣ᠌ ᠳ᠋ᠠᠢᠲ᠋ᠠ᠎ᠶᠢᠨ ᠠᠵᠤ ᠦᠢᠯᠡᠰ᠎ᠦᠨ ᠰᠠᠭᠤᠷᠢᠨ᠎ᠤ ᠲᠥᠷᠥᠯ ᠵᠦᠢᠯ ( ᠨᠢᠭᠡᠳᠦᠭᠡᠷ ᠬᠤᠭᠤᠴᠠᠭ᠎ᠠ ) ᠨᠢᠭᠡᠨᠲᠡ ᠤᠯᠤᠰ᠎ᠤᠨ ᠬᠢᠨᠠᠨ ᠵᠥᠪᠰᠢᠶᠡᠷᠡᠯ᠎ᠢ ᠤᠯᠵᠤ᠂ ᠭᠠᠵᠠᠷ ᠬᠡᠷᠡᠭᠯᠡᠬᠦ᠂ ᠴᠠᠬᠢᠯᠭᠠᠨ ᠬᠠᠩᠭᠠᠬᠤ ᠭᠠᠷᠳᠠᠮ ᠭᠦᠢᠴᠡᠳᠬᠡᠬᠦ ᠠᠵᠢᠯ᠎ᠢ ᠶᠠᠭ ᠥᠷᠨᠢᠭᠦᠯᠵᠦ ᠪᠣᠶ᠃
✦ 14᠎ᠦ ᠡᠳᠦᠷ᠂ 2026 ᠣᠨ᠎ᠤ ᠪᠦᠬᠦ ᠤᠯᠤᠰ᠎ᠤᠨ ᠬᠣᠲᠠᠳ᠎ᠤᠨ ᠠᠵᠢᠯᠲᠠᠨ ᠡᠯᠰᠡᠬᠦ ᠬᠠᠮᠲᠤᠷᠠᠭᠰᠠᠨ ᠴᠤᠭᠯᠠᠭᠠᠨ᠎ᠤ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠥᠷᠲᠡᠭᠡ᠎ᠶᠢᠨ ᠠᠵᠢᠯᠯᠠᠭ᠎ᠠ ᠶᠠᠪᠤᠭᠳᠠᠵᠤ᠂ ᠰᠦᠯᠵᠢᠶᠡᠨ ᠳᠡᠭᠡᠷ᠎ᠡ ᠪᠠ ᠲᠤᠬᠠᠢ᠎ᠶᠢᠨ ᠲᠠᠯᠠᠪᠤᠷ᠎ᠲᠤ ᠨᠡᠶ᠋ᠢᠲᠡ 104 ᠠᠵᠤ ᠠᠬᠤᠢᠯᠠᠯ ᠬᠤᠷᠠᠨ ᠴᠤᠭᠯᠠᠷᠠᠵᠤ᠂ 1558 ᠠᠵᠢᠯ᠎ᠤᠨ ᠪᠠᠢᠷᠢ ᠬᠠᠩᠭᠠᠭᠰᠠᠨ ᠪᠠᠢᠨ᠎ᠠ᠃
✦ 13᠎ᠤ ᠡᠳᠦᠷ᠂ ᠰᠢᠯᠢ᠎ᠵᠢᠨ ᠭᠤᠤᠯ ᠠᠢᠮᠠᠭ᠎ᠤᠨ ᠰᠥᠨᠢᠳ ᠵᠡᠭᠦᠨ ᠬᠣᠰᠢᠭᠤᠨ᠎ᠤ ᠨᠡᠢᠳᠡᠮ ᠬᠡᠷᠡᠭᠯᠡᠬᠦ ᠨᠢᠰᠬᠡᠯ᠎ᠦᠨ ᠪᠠᠭᠤᠳᠠᠯ ᠨᠢ ᠲᠤᠢᠯ᠎ᠤᠨ ᠥᠨᠳᠥᠷ ᠳᠠᠪᠲᠠᠮᠵᠢᠲᠤ ᠭᠠᠵᠠᠷ ᠳᠡᠭᠡᠷᠡᠬᠢ ᠮᠡᠳᠡᠭᠡ ᠬᠣᠯᠪᠣᠭᠠᠨ᠎ᠤ ᠰᠢᠰᠲᠧᠮ ᠨᠡᠪᠲᠡᠷᠡᠬᠦ᠂ ᠪᠥᠬᠥ ᠣᠷᠣᠨ ᠪᠦᠰᠡ᠎ᠶᠢᠨ ᠳᠣᠬᠢᠶ᠎ᠠ᠎ᠶᠢᠨ ᠪᠦᠷᠬᠦᠴᠡ᠎ᠶᠢ ᠰᠢᠯᠭᠠᠨ ᠪᠠᠲᠤᠯᠠᠵᠤ ᠨᠢᠰᠬᠦ ᠲᠤᠷᠰᠢᠯᠲᠠ᠎ᠵᠢ ᠪᠡᠶᠡᠯᠡᠭᠦᠯᠵᠦ᠂ ᠨᠢᠰᠬᠡᠯ᠎ᠦᠨ ᠪᠠᠭᠤᠳᠠᠯ᠎ᠤᠨ ᠡᠯ᠎ᠡ ᠲᠤᠨᠤᠭ ᠲᠥᠬᠦᠭᠡᠷᠦᠮᠵᠢ ᠨᠢ ᠠᠵᠢᠯ ᠲᠥᠷᠥᠯ᠎ᠦᠨ ᠵᠢᠷᠤᠮᠵᠢᠯ ᠪᠠ ᠠᠶᠠᠯᠠᠯ ᠨᠡᠪᠲᠡᠷᠡᠬᠦ ᠠᠵᠢᠯᠯᠠᠭ᠎ᠠ᠎ᠵᠢᠨ ᠪᠠᠷᠢᠮᠵᠢᠶ᠎ᠠ᠎ᠳᠤ ᠬᠦᠷᠴᠦ᠂ ᠲᠠᠷᠠᠭᠠᠴᠢ᠎ᠶᠢᠨ ᠭᠡᠷᠡᠴᠢ ᠠᠪᠬᠤ᠂ ᠠᠶᠠᠯᠠᠯ ᠨᠡᠪᠲᠡᠷᠡᠵᠦ ᠡᠵᠡᠩᠨᠡᠬᠦ᠎ᠳᠦ ᠪᠠᠲᠤ ᠪᠡᠬᠢ ᠰᠠᠭᠤᠷᠢ᠎ᠶᠢ ᠲᠠᠯᠪᠢᠪᠠ᠃
✦ 14᠎ᠦ ᠡᠳᠦᠷ᠂ ᠰᠢᠯᠢᠳᠡᠭ ᠡᠭᠦᠯᠳᠡᠷ᠎ᠦᠨ ᠮᠠᠯ᠂ ᠲᠡᠮᠡᠭᠡ᠎ᠶᠢ ᠲᠡᠵᠢᠭᠡᠨ ᠦᠷᠡᠵᠢᠭᠦᠯᠬᠦ ᠬᠢᠭᠡᠳ ᠴᠢᠨᠠᠷ ᠴᠢᠨᠰᠠᠭ᠎ᠠ᠎ᠶᠢ ᠨᠢ ᠦᠨᠡᠯᠡᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠪᠣᠯᠪᠠᠰᠤᠷᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢ ᠡᠯᠵᠢᠭᠡ ᠲᠡᠮᠡᠭᠡᠨ᠎ᠦ ᠠᠵᠤ ᠦᠢᠯᠡᠰ᠎ᠦᠨ ᠮᠡᠷᠭᠡᠵᠢᠯ᠎ᠤᠨ ᠲᠣᠭᠲᠠᠴᠠ᠎ᠶᠢᠨ ᠪᠣᠯᠪᠠᠰᠤᠷᠠᠯ᠎ᠤᠨ ᠬᠤᠷᠠᠯ ᠠᠯᠠᠱᠠ ᠠᠢᠮᠠᠭ᠎ᠤᠨ ᠲᠥᠪ ᠪᠠᠶᠠᠨᠬᠤᠳᠠ᠎ᠳᠦ ᠬᠤᠷᠠᠯᠳᠤᠪᠠ᠃
ᠠᠵᠤ ᠠᠬᠤᠢ
✦ 15᠎ᠤ ᠡᠳᠦᠷ᠂ᠪᠡᠭᠡᠵᠢᠩ᠎ᠦᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠠᠪᠤᠨ ᠵᠢᠯ᠎ᠦᠨ ᠣᠶᠪᠠᠨ ᠤᠭᠲᠤᠯ᠎ᠠ᠃ ᠣᠲᠣᠬᠠᠨ᠎ᠳᠦ ᠪᠡᠭᠡᠵᠢᠩ᠎ᠦᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠤᠨ ᠵᠠᠬ᠎ᠠ ᠳᠡᠯᠭᠡᠭᠦᠷ᠎ᠲᠦ ᠭᠠᠷᠤᠭᠰᠠᠨ ᠪᠣᠶ ᠪᠦᠬᠦᠢ ᠺᠣᠮᠫᠠᠨᠢ 355 ᠪᠠᠢᠵᠤ᠂ ᠪᠥᠬᠥ ᠵᠠᠬ᠎ᠠ ᠳᠡᠯᠭᠡᠭᠦᠷ᠎ᠦᠨ ᠥᠷᠲᠡᠭ ᠨᠢ ᠪᠠᠷᠤᠭ 8000 ᠳ᠋ᠦᠩᠰᠢᠭᠤᠷ ᠲᠥᠭᠥᠷᠢᠭ᠎ᠲᠦ ᠬᠦᠷᠴᠡᠢ᠃
✦15᠎ᠤ ᠡᠳᠦᠷ ᠪᠣᠯᠲᠠᠯ᠎ᠠ᠂ 2026 ᠣᠨ᠎ᠤ ᠺᠢᠨᠣ᠋᠎ᠶᠢᠨ ᠪᠢᠯᠧᠲ᠎ᠦᠨ ᠪᠥᠬᠥ ᠣᠷᠣᠯᠭ᠎ᠠ 320 ᠳ᠋ᠦᠩᠰᠢᠭᠤᠷ ᠲᠥᠭᠥᠷᠢᠭ᠎ᠢ ᠳᠠᠪᠠᠪᠠ᠃ ᠲᠥᠰᠥᠭᠡᠯᠡᠨ ᠪᠤᠳᠤᠭᠰᠠᠨ᠎ᠢᠶᠠᠷ ᠡᠨᠡ ᠵᠢᠯ᠎ᠡᠴᠡ ᠨᠠᠭᠠᠰᠢ ᠺᠢᠨᠣ᠋᠎ᠶᠢᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠬᠦᠨ᠎ᠦ ᠥᠷᠲᠡᠭ 5000 ᠳ᠋ᠦᠩᠰᠢᠭᠤᠷ ᠰᠢᠬᠠᠮ ᠲᠥᠭᠥᠷᠢᠭ᠎ᠲᠦ ᠬᠦᠷᠴᠡᠢ᠃
ᠰᠣᠶᠣᠯ
✦ ᠣᠢᠷ᠎ᠠ᠎ᠳᠤ 《ᠡᠯᠡᠰᠦᠨ ᠴᠥᠯ᠎ᠦᠨ ᠲᠡᠮᠡᠭᠡᠨ ᠡᠭᠡᠰᠢᠭ·ᠠᠯᠠᠱᠠ ᠶᠢᠨ ᠠᠷᠠᠳ᠎ᠤᠨ ᠵᠠᠩ ᠦᠶ᠋ᠯᠡ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠦᠵᠡᠰᠬᠦᠯᠡᠩ》 ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠲᠠᠩᠰᠠ ᠡᠪᠬᠡᠮᠡᠯ ᠰᠣᠶᠣᠯ᠎ᠤᠨ ᠦᠵᠡᠰᠬᠦᠯᠡᠩ᠎ᠦᠨ ᠬᠦᠷᠢᠶᠡᠯᠡᠩ᠎ᠳᠦ ᠶᠠᠪᠤᠭᠳᠠᠪᠠ᠃
ᠲᠠᠮᠢᠷ
✦ ᠲᠦᠷᠭᠡᠨ ᠲᠡᠰᠢᠯᠲᠡ᠎ᠶᠢᠨ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ᠤ᠋ ᠪᠡᠭᠡᠵᠢᠩ ᠥᠷᠲᠡᠭᠡᠨ᠎ᠦ ᠡᠷᠡᠭᠲᠡᠢ᠎ᠶᠢᠨ 500 ᠮᠧᠲᠷ᠎ᠦᠨ ᠬᠣᠶᠠᠳᠤᠭᠠᠷ ᠤᠳᠠᠭᠠᠨ᠎ᠤ ᠤᠷᠤᠯᠳᠤᠭᠠᠨ᠎ᠳᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠲᠤᠰ ᠲᠥᠷᠥᠯ᠎ᠦᠨ ᠤᠷᠤᠯᠳᠤᠭᠠᠨ᠎ᠳᠦ ᠮᠠᠩᠯᠠᠢᠯᠠᠭᠰᠠᠨ ᠲᠠᠮᠢᠷᠴᠢᠨ ᠭᠤᠤ ᠲᠢᠩ ᠢᠦᠢ ᠠᠯᠲᠠᠨ ᠮᠧᠳᠠᠯ ᠬᠦᠷᠲᠡᠵᠡᠢ᠂ ᠡᠨᠡ ᠪᠣᠯ ᠲᠡᠭᠦᠨ᠎ᠦ ᠰᠢᠨ᠎ᠡ ᠤᠷᠤᠯᠳᠤᠭᠠᠨ᠎ᠤ ᠤᠯᠠᠷᠢᠯ᠎ᠳᠤ ᠣᠯᠣᠭᠰᠠᠨ ᠠᠩᠬᠠᠨ᠎ᠤ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠤ ᠠᠯᠲᠠᠨ ᠮᠧᠳᠠᠯ ᠪᠣᠯᠣᠨ᠎ᠠ᠃
✦ ᠣᠢᠷ᠎ᠠ᠎ᠳᠤ 2026 ᠣᠨ᠎ᠤ ᠳᠡᠯᠡᠬᠡᠢ᠎ᠶᠢᠨ ᠤᠯᠠᠮᠵᠢᠯᠠᠯᠲᠤ ᠰᠤᠷ ᠬᠠᠷᠪᠤᠯᠲᠠ᠎ᠶᠢᠨ ᠮᠠᠩᠯᠠᠢ ᠰᠢᠯᠭᠠᠷᠠᠭᠤᠯᠬᠤ ᠣᠷᠣᠯᠳᠤᠭᠠᠨ ᠺᠣᠷᠢᠶᠠ ᠤᠯᠤᠰ᠎ᠤᠨ ᠸᠧᠢ ᠱᠠᠨ᠎ᠳᠤ ᠶᠠᠪᠤᠭᠳᠠᠵᠤ᠂ ᠳᠡᠯᠡᠬᠡᠢ᠎ᠶᠢᠨ 38 ᠤᠯᠤᠰ᠎ᠤᠨ 700 ᠭᠠᠷᠤᠢ ᠲᠠᠮᠢᠷᠴᠢᠨ ᠣᠷᠣᠯᠴᠠᠵᠠᠢ᠃ ᠡᠭᠦᠨ᠎ᠳᠦ ᠰᠥᠨᠢᠳ ᠪᠠᠷᠠᠭᠤᠨ ᠬᠣᠰᠢᠭᠤᠨ᠎ᠤ ᠲᠠᠮᠢᠷᠴᠢᠨ ᠵᠢᠷᠭᠠᠯᠠᠩ ᠤᠯᠤᠰ᠎ᠦᠨ ᠠᠩᠭᠢ᠎ᠪᠠᠨ ᠲᠥᠯᠥᠭᠡᠯᠡᠨ ᠬᠠᠮᠲᠤ ᠨᠢᠭᠡᠴᠢ᠎ᠶᠢᠨ ᠣᠷᠣᠯᠳᠤᠭᠠᠨ᠎ᠳᠤ 1 ᠮᠥᠩᠭᠥ᠂ 1 ᠬᠦᠷᠡᠯ ᠮᠧᠳᠠᠯ ᠬᠦᠷᠲᠡᠵᠦ᠂ ᠬᠤᠪᠢ ᠬᠥᠮᠥᠨ᠎ᠦ ᠣᠷᠤᠯᠳᠤᠭᠠᠨ᠎ᠳᠤ 2 ᠬᠦᠷᠡᠯ ᠮᠧᠳᠠᠯ ᠬᠦᠷᠲᠡᠵᠦ᠂ ᠨᠤᠲᠤᠭ ᠤᠰᠤᠨ᠎ᠤ᠎ᠪᠠᠨ ᠨᠡᠷ᠎ᠡ ᠠᠯᠳᠠᠷ᠎ᠢ ᠳᠠᠭᠤᠷᠢᠰᠬᠠᠨ ᠠᠮᠵᠢᠯᠲᠠ ᠲᠠᠢ ᠪᠤᠴᠠᠵᠤ ᠢᠷᠡᠵᠡᠶ᠃
ᠳᠡᠯᠡᠬᠡᠢ
✦ ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠣᠯᠠᠨ ᠤᠯᠤᠰ᠎ᠤᠨ ᠬᠠᠮᠤᠭ᠎ᠤᠨ ᠰᠢᠨ᠎ᠡ ᠰᠤᠳᠤᠯᠭᠠᠨ᠎ᠳᠦ ᠢᠯᠡᠷᠡᠭᠦᠯᠦᠭᠰᠡᠨᠵᠢᠡᠷ ᠪᠥᠬᠥ ᠪᠥᠮᠪᠥᠷᠴᠡᠭ᠎ᠦᠨ ᠴᠠᠰᠤ ᠮᠥᠰᠥ᠂ ᠮᠥᠰᠥᠲᠦᠯᠭᠡ᠂ ᠴᠡᠪᠳᠡᠭ ᠵᠡᠷᠭᠡ᠎ᠪᠡᠷ ᠪᠦᠷᠢᠯᠳᠦᠭᠰᠡᠨ ᠬᠦᠢᠲᠡᠨ᠎ᠦ ᠡᠬᠢ ᠰᠤᠷᠪᠤᠯᠵᠢ᠎ᠶᠢᠨ ᠰᠢᠰᠲᠧᠮ ᠶᠠᠭ ᠮᠠᠰᠢ ᠲᠦᠷᠭᠡᠨ᠎ᠢᠶᠡᠷ ᠪᠠᠭᠠᠰᠴᠤ ᠪᠠᠢᠬᠤ ᠮᠥᠷᠲᠡᠭᠡᠨ ᠬᠡᠰᠡᠭ ᠬᠤᠪᠢᠷᠠᠯᠲᠠ ᠨᠢ ᠰᠥᠷᠴᠦ ᠪᠣᠯᠣᠰᠢ ᠦᠭᠡᠢ ᠴᠢᠨᠠᠷᠲᠠᠢ ᠪᠠᠢᠵᠤ᠂ ᠳᠡᠯᠡᠬᠡᠢ᠎ᠶᠢᠨ ᠪᠥᠮᠪᠥᠷᠴᠡᠭ᠎ᠦᠨ ᠠᠮᠢ ᠠᠬᠤᠢ᠎ᠶᠢᠨ ᠰᠢᠰᠲᠧᠮ ᠪᠠ ᠬᠥᠮᠥᠨ ᠲᠥᠷᠥᠯᠬᠢᠲᠡᠨ᠎ᠦ ᠨᠡᠢᠭᠡᠮ᠎ᠳᠦ ᠣᠷᠳᠣ᠌ ᠬᠤᠭᠤᠴᠠᠭᠠᠨ᠎ᠤ ᠠᠶᠤᠯ ᠲᠦᠭᠰᠢᠭᠦᠷᠢ ᠤᠴᠠᠷᠠᠭᠤᠯᠵᠤ ᠮᠡᠳᠡᠨ᠎ᠡ᠃
ᠦᠢᠯᠡᠴᠢᠯᠡᠭᠡ
✦ ᠪᠤᠭᠤᠲᠤ ᠬᠣᠲᠠ᠎ᠶᠢᠨ ᠬᠠᠪᠤᠳᠠᠷ᠎ᠤᠨ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ ᠰᠤᠳᠤᠯᠭᠠᠨ᠎ᠢ ᠦᠨᠳᠦᠰᠦᠯᠡᠪᠡᠯ᠂ ᠬᠡᠲᠦ ᠬᠠᠯᠠᠭᠤᠨ ᠤᠮᠳᠠᠭᠠᠨ ᠤᠤᠭᠤᠵᠤ ᠳᠠᠳᠤᠭᠰᠠᠨ ᠬᠥᠮᠥᠨ᠎ᠦ ᠴᠢᠰᠤᠨ ᠰᠤᠳᠠᠯ᠎ᠤᠨ ᠡᠪᠡᠳᠴᠢᠨ ᠣᠯᠬᠤ ᠨᠤᠷᠮ᠎ᠠ ᠨᠢ ᠨᠠᠩ ᠥᠨᠳᠥᠷ ᠪᠠᠢᠵᠤ᠂ ᠣᠷᠳᠣ᠌ ᠬᠤᠭᠤᠴᠠᠭ᠎ᠠ᠎ᠪᠠᠷ 65 ᠭᠷᠡᠳᠦ᠋ᠰ᠎ᠡᠴᠡ ᠳᠡᠭᠡᠭᠰᠢᠬᠢ ᠬᠡᠲᠦ ᠬᠠᠯᠠᠭᠤᠨ ᠤᠮᠳᠠᠭᠠᠨ ᠤᠤᠭᠤᠬᠤ ᠨᠢ ᠤᠯᠠᠭᠠᠨ ᠬᠣᠭᠣᠯᠠᠢ᠎ᠶᠢᠨ ᠥᠮᠡᠨᠦ ᠲᠦᠭᠰᠢᠭᠦᠷᠢ᠎ᠶᠢ ᠨᠡᠮᠡᠭᠳᠡᠭᠦᠯᠵᠦ ᠮᠡᠳᠡᠨ᠎ᠡ᠃
ᠵᠠᠯᠭᠠᠭᠠᠳ 《ᠮᠢᠨᠤ ᠡᠬᠡ ᠤᠷᠤᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠭᠢᠯᠪᠡᠬᠡᠨ
-
ᠨᠡᠪᠲᠡᠷᠡᠭᠦᠯᠦᠭᠴᠢ᠄
ᠭᠢᠯᠪᠡᠬᠡᠨ
-
ᠮᠡᠷᠭᠡᠵᠢᠯ᠄
ᠬᠤ᠌ ᠰᠠᠷᠠᠨ᠎ᠠ
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃