ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-18 11:55:17

ᠵᠣᠬᠢᠶᠠᠭ᠍ᠴᠢ᠄ ᠤᠷᠠᠨᠲᠠᠨ᠎ᠠ ᠣᠩᠱᠢᠭ᠍ᠰᠠᠨ ᠣᠳᠠᠭ᠎ᠠ᠄ 3




ᠨᠡᠢᠭᠡᠮ

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠠᠴᠠ 《ᠪᠠᠷᠢᠮᠵᠢᠶ᠎ᠠ᠎ᠶᠢ ᠳᠡᠭᠡᠭᠰᠢᠯᠡᠭᠦᠯᠬᠦ᠎ᠪᠡᠷ ᠬᠥᠩᠭᠡᠨ ᠠᠵᠤ ᠦᠢᠯᠡᠳᠪᠦᠷᠢ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠬᠥᠲᠥᠯᠥᠨ ᠵᠢᠯᠤᠭᠤᠳᠬᠤ ᠬᠡᠷᠡᠭᠵᠢᠭᠦᠯᠬᠦ ᠲᠥᠰᠥᠯ》᠎ᠢ ᠨᠡᠢᠲᠡᠯᠡᠵᠦ᠂ 2030 ᠣᠨ ᠪᠣᠯᠬᠤ᠎ᠳᠤ ᠪᠥᠬᠥ ᠪᠥᠮᠪᠥᠷᠴᠡᠭ᠎ᠦᠨ ᠲᠡᠷᠢᠭᠦᠨ᠎ᠦ ᠬᠥᠩᠭᠡᠨ ᠠᠵᠤ ᠦᠢᠯᠡᠳᠪᠦᠷᠢ᠎ᠶᠢᠨ ᠪᠠᠷᠢᠮᠵᠢᠶ᠎ᠠ᠎ᠶᠢᠨ ᠰᠢᠰᠲᠧᠮ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ ᠭᠡᠵᠦ ᠳᠤᠷᠠᠳᠤᠨ ᠭᠠᠷᠭᠠᠪᠠ᠃

✦ 11 ᠰᠠᠷ᠎ᠠ ᠵᠢᠨ 16᠎ᠤ ᠡᠳᠤᠷ᠂ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠤᠢᠯᠡᠳᠦᠭᠰᠡᠨ ᠡᠯᠧᠺᠲᠷᠣᠨ ᠲᠡᠯᠡᠶ᠎ᠶᠢᠨ ᠠᠶᠠᠯᠠᠯ᠎ᠤᠨ ᠡᠳᠦᠷ᠎ᠦᠨ ᠲᠡᠮᠳᠡᠭᠯᠡᠯ᠎ᠦᠨ ᠰᠢᠰᠲᠧᠮ᠎ᠢ ᠨᠡᠢᠲᠡᠯᠡᠪᠡ᠃

✦ 2026 ᠣᠨ᠎ᠤ 11 ᠰᠠᠷ᠎ᠠ᠎ᠶᠢᠨ 16᠎ᠤ ᠡᠳᠦᠷ᠎ᠦᠨ 0 ᠴᠠᠭ ᠪᠣᠯᠲᠠᠯ᠎ᠠ᠂ ᠮᠠᠨ᠎ᠤ ᠣᠷᠣᠨ᠎ᠤ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠭᠠᠳᠠᠭ᠍ᠰᠢ ᠬᠦᠷᠭᠡᠭᠰᠡᠨ ᠬᠡᠮᠵᠢᠶ᠎ᠡ ᠨᠡᠶ᠋ᠢᠲᠡ 1 ᠲᠦᠮᠡᠨ ᠳ᠋ᠦᠩᠰᠢᠭᠤᠷ ᠬᠷᠠᠳᠦ᠋ᠰ᠎ᠢ ᠳᠠᠪᠠᠪᠠ᠃

✦ ᠤᠢᠷ᠎ᠠ᠎ᠳᠤ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠣᠯᠣᠨ ᠥᠪᠥᠷ ᠮᠣᠩᠭᠣᠯ᠎ᠤᠨ ᠰᠥᠨᠢᠳ ᠬᠣᠨᠢᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ᠎ᠡᠴᠡ ᠬᠠᠮᠲᠤᠷᠠᠨ ᠰᠤᠳᠤᠯᠤᠨ ᠤᠢᠯᠡᠳᠦᠭᠰᠡᠨ ᠤᠯᠤᠰ᠎ᠤᠨ ᠳᠣᠲᠣᠭᠠᠳᠤ᠎ᠶᠢᠨ ᠠᠩᠬᠠᠨ᠎ᠤ ᠣᠷᠣᠨ ᠨᠤᠲᠤᠭ᠎ᠤᠨ ᠬᠣᠨᠢᠨ᠎ᠤ 10K ᠰᠢᠩᠭᠡᠨ ᠲᠥᠯᠥᠪ᠎ᠦᠨ SNP ᠴᠢᠫ᠎ᠢ ᠰᠥᠨᠢᠳ ᠪᠠᠷᠠᠭᠤᠨ ᠬᠣᠰᠢᠭᠤᠨ᠎ᠳᠤ ᠠᠰᠢᠭ᠍ᠯᠠᠯᠲᠠ᠎ᠳᠤ ᠣᠷᠣᠭᠤᠯᠵᠠᠢ᠃ ᠲᠤᠰ ᠦᠷ᠎ᠡ ᠪᠦᠲᠦᠭᠡᠯ ᠨᠢ ᠡᠭᠦᠯᠳᠡᠷ᠎ᠦᠨ ᠰᠤᠷᠪᠤᠯᠵᠢ᠎ᠶᠢ ᠮᠥᠷᠳᠡᠬᠦ᠂ ᠤᠳᠤᠮ᠎ᠤᠨ ᠰᠢᠰᠲᠧᠮ᠎ᠢ ᠬᠢᠨᠠᠨ ᠲᠣᠭᠲᠠᠭᠠᠬᠤ᠂ ᠣᠢᠷ᠎ᠠ ᠰᠣᠯᠪᠢᠴᠠᠯ᠎ᠤᠨ ᠬᠢᠨᠠᠨ ᠬᠡᠮᠵᠢᠯᠲᠡ ᠪᠠ ᠭᠧᠨ᠎ᠦ ᠪᠦᠯᠦᠭ᠎ᠦᠨ ᠰᠣᠩᠭᠣᠯᠲᠠ᠎ᠳᠤ ᠬᠢᠮᠳᠠ ᠪᠥᠭᠡᠳ ᠥᠨᠳᠥᠷ ᠪᠦᠲᠦᠮᠵᠢᠲᠡᠶ ᠮᠣᠯᠧᠺᠦ᠋ᠯ᠎ᠦᠨ ᠪᠠᠭᠠᠵᠢ ᠬᠠᠩᠭᠠᠵᠤ᠂ ᠮᠠᠨ᠎ᠤ ᠤᠯᠤᠰ᠎ᠤᠨ ᠣᠷᠣᠨ ᠨᠤᠲᠤᠭ᠎ᠤᠨ ᠬᠣᠨᠢᠨ᠎ᠤ ᠡᠭᠦᠯᠳᠡᠷ ᠪᠣᠢᠵᠢᠭᠤᠯᠬᠤ᠎ᠳᠤ ᠲᠤᠷᠰᠢᠯᠭ᠎ᠠ᠎ᠪᠠᠷ ᠰᠣᠩᠭᠣᠨ ᠪᠣᠢᠵᠢᠭᠤᠯᠵᠤ ᠪᠠᠢᠭᠰᠠᠨ᠎ᠠᠴᠠ ᠨᠠᠷᠢᠯᠢᠭ᠋ ᠣᠨᠣᠴᠠᠲᠠᠢ᠎ᠪᠠᠷ ᠡᠭᠦᠯᠳᠡᠷ ᠪᠣᠢᠵᠢᠭᠤᠯᠬᠤ᠂ ᠥᠩᠭᠡᠨ ᠬᠡᠯᠪᠡᠷᠢ᠎ᠶᠢᠨ ᠰᠣᠩᠭᠣᠯᠲᠠ ᠡᠴᠡ ᠭᠧᠨ᠎ᠦ ᠪᠦᠯᠦᠭ᠎ᠦᠨ ᠰᠣᠩᠭᠣᠯᠲᠠ ᠲᠡᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠪᠠ᠃

✦ ᠬᠥᠬᠡᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ 11 ᠰᠠᠷ᠎ᠠ᠎ᠶᠢᠨ 20᠎ᠤ ᠡᠳᠦᠷ᠎ᠡᠴᠡ ᠡᠬᠢᠯᠡᠨ ᠪᠠᠩᠬᠢ ᠵᠢᠨ ᠬᠤᠯᠪᠤᠭ᠎ᠠ ᠵᠢᠨ 《ᠶᠦᠨ ᠱᠠᠨ ᠹᠦ》 APP ᠵᠢᠡᠷ ᠳᠠᠮᠵᠢᠨ᠂ 2026 ᠣᠨ᠎ᠤ ᠡᠪᠦᠯ᠎ᠦᠨ ᠤᠯᠠᠷᠢᠯ᠎ᠤᠨ ᠰᠢᠨ᠎ᠡ ᠮᠠᠰᠢᠨ ᠲᠡᠷᠭᠡ ᠬᠤᠳᠠᠯᠳᠤᠨ ᠠᠪᠬᠤ᠎ᠳᠤ ᠨᠥᠬᠥᠪᠦᠷᠢ ᠣᠯᠭᠣᠬᠤ ᠠᠵᠢᠯ᠎ᠢ ᠡᠬᠢᠯᠡᠭᠦᠯᠬᠦ᠎ᠪᠡᠷ ᠪᠣᠢ᠃

✦ 10 ᠰᠠᠷ᠎ᠠ᠎ᠶᠢᠨ ᠰᠡᠭᠦᠯᠴᠢ ᠪᠣᠯᠲᠠᠯ᠎ᠠ᠂ ᠲᠦᠩᠯᠢᠶᠣᠣ ᠬᠣᠲᠠ ᠬᠣᠲᠠ ᠪᠠᠯᠭᠠᠰᠤᠨ᠎ᠤ 14409 ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠣᠨ᠎ᠤ ᠡᠭᠦᠷᠭᠡ᠎ᠪᠡᠨ 110.84%᠎ᠪᠡᠷ ᠪᠡᠶᠡᠯᠡᠭᠦᠯᠦᠨ᠂ ᠣᠨ ᠎ᠤ ᠠᠵᠢᠯ ᠣᠯᠭᠣᠯᠲᠠ᠎ᠶᠢᠨ ᠭᠣᠣᠯᠳᠠᠯᠭ᠎ᠠ᠎ᠲᠠᠢ ᠭᠦᠢᠴᠡᠳᠬᠡᠯ ᠲᠣᠭ᠎ᠠ ᠎ᠶᠢ ᠤᠷᠢᠳᠴᠢᠯᠠᠨ ᠪᠡᠶᠡᠯᠡᠭᠦᠯᠦᠭᠰᠡᠨ ᠪᠠᠢᠨ᠎ᠠ᠃

✦ ᠤᠷᠴᠢᠮᠬᠠᠨ ᠰᠢᠨ᠎ᠡ ᠨᠢᠭᠡ ᠪᠦᠯᠦᠭ ᠤᠯᠤᠰ᠎ᠤᠨ ᠳᠡᠰ᠎ᠤᠨ ᠪᠣᠬᠢᠷᠲᠤᠯ ᠦᠭᠡᠢ ᠠᠭᠤᠷᠬᠠᠢ ᠵᠢᠨ ᠨᠡᠷᠡᠰ᠎ᠢ ᠨᠡᠢᠲᠡᠯᠡᠵᠤ᠂ ᠡᠭᠦᠨ᠎ᠳᠤ ᠵᠠᠷᠤᠳ ᠬᠣᠰᠢᠭᠤᠨ᠎ᠦ ᠵᠠᠬᠠᠨᠠᠭᠤᠷ ᠨᠡᠭᠦᠷᠡᠰᠦᠨ᠎ᠦ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠵᠠᠬᠠᠨᠠᠭᠤᠷ ᠵᠠᠳᠠᠭᠠᠢ ᠨᠡᠭᠦᠷᠡᠰᠦᠨ ᠠᠭᠤᠷᠬᠠᠢ ᠨᠢ ᠨᠡᠷᠡᠰ᠎ᠤᠨ ᠵᠢᠬᠰᠠᠭᠠᠯᠳᠠ᠎ᠳᠤ ᠲᠣᠳᠣᠷᠠᠵᠤ᠂ ᠲᠦᠩᠯᠢᠶᠣᠣ ᠬᠤᠲᠠ᠎ᠶᠢᠨ ᠤᠯᠤᠰ᠎ᠤᠨ ᠳᠡᠰ ᠎ᠤᠨ ᠪᠣᠬᠢᠷᠲᠤᠯ ᠦᠭᠡᠢ ᠠᠭᠤᠷᠬᠠᠢ᠎ᠪᠠᠷ ᠰᠣᠩᠭᠣᠭᠳᠠᠭᠰᠠᠨ ᠴᠤᠷ᠎ᠤᠨ ᠭᠠᠭᠴᠠ ᠠᠭᠤᠷᠬᠠᠢ ᠪᠤᠯᠤᠬᠰᠠᠨ ᠪᠠᠢᠨ᠎ᠠ᠃

✦ ᠤᠷᠴᠢᠮᠬᠠᠨ ᠣᠲᠤᠭ ᠬᠣᠰᠢᠭᠤᠨ᠎ᠤ ᠰᠦᠮᠡᠲᠦ ᠰᠤᠮᠤᠨ᠎ᠤ ᠰᠣᠶᠣᠯ ᠤᠷᠠᠯᠢᠭ᠋᠎ᠤᠨ ᠪᠦᠯᠬᠦᠮ᠎ᠦᠨ ᠬᠢᠨ ᠪᠦᠬᠦ ᠭᠡᠰᠢᠭᠦᠳ᠎ᠢᠶᠠᠨ ᠳᠠᠢᠴᠢᠯᠠᠨ᠂ ᠰᠣᠶᠣᠯ ᠤᠷᠠᠯᠢᠭ᠋᠎ᠢᠶᠠᠨ ᠠᠷᠠᠳ ᠲᠦᠮᠡᠨ᠎ᠦ ᠳᠡᠷᠭᠡᠳᠡ ᠬᠦᠷᠭᠡᠬᠦ᠎ᠪᠡᠷ ᠵᠣᠷᠢᠯᠭ᠎ᠠ᠎ᠪᠠᠨ ᠪᠣᠯᠭᠠᠨ᠂ ᠣᠲᠣᠭ᠎ᠤᠨ ᠡᠮᠦᠨᠡᠲᠦ ᠬᠣᠰᠢᠭᠤᠨ᠎ᠤ ᠪᠣᠷᠤᠪᠠᠯᠭᠠᠰᠤ ᠪᠠᠯᠭᠠᠰᠤᠨ᠎ᠤ ᠵᠤᠤᠬ᠎ᠠ ᠨᠡᠢᠭᠡᠮ ᠲᠣᠭᠣᠷᠢᠭ᠋᠎ᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠳᠦ ᠬᠦᠷᠴᠦ᠂ ᠨᠠᠰᠤᠲᠠᠢᠴᠤᠳ᠎ᠲᠤ ᠤᠷᠠᠨ ᠰᠠᠢᠬᠠᠨ᠎ᠤ ᠲᠣᠭᠯᠠᠯᠲᠠ᠎ᠪᠠᠨ ᠰᠣᠨᠢᠷᠬᠠᠭᠤᠯᠬᠤ᠎ᠶᠢᠨ ᠬᠠᠮᠲᠤ ᠲᠣᠬᠣᠨᠢᠭᠤᠯᠭ᠎ᠠ᠎ᠶᠢᠨ ᠡᠳ᠋ ᠪᠣᠳᠠᠰ ᠬᠦᠷᠭᠡᠵᠦ᠂ ᠨᠠᠰᠤᠲᠠᠨ ᠪᠤᠭᠤᠷᠤᠯᠴᠤᠳ᠎ᠢᠶᠠᠨ ᠪᠠᠶᠠᠰᠬᠠᠵᠠᠢ᠃

✦ 2026 ᠣᠨ᠎ᠳᠤ ᠨᠠᠢ᠍ᠮᠠᠨ ᠬᠣᠰᠢᠭᠤ ᠨᠢ 《ᠭᠡᠷᠡᠯᠴᠢ ᠴᠡᠨᠡᠭ᠎ᠢᠶᠡᠷ ᠣᠷᠣᠯᠭ᠎ᠠ ᠣᠯᠬᠤ + ᠨᠠᠢ᠍ᠮᠠᠨ ᠵᠦᠢᠯ᠎ᠦᠨ ᠣᠷᠣᠯᠭ᠎ᠠ᠎ᠶᠢᠨ ᠨᠡᠮᠡᠭᠳᠡᠯ》᠎ᠦᠨ ᠣᠯᠠᠨ ᠡᠰᠢᠲᠦ ᠣᠷᠣᠯᠭ᠎ᠠ᠎ᠶᠢᠨ ᠨᠡᠮᠡᠭᠳᠡᠯ᠎ᠦᠨ ᠰᠢᠰᠲᠧᠮ᠎ᠢ ᠪᠦᠲᠦᠭᠡᠯᠴᠢ᠎ᠪᠡᠷ ᠡᠭᠦᠳᠴᠦ᠂ ᠲᠥᠷᠥ᠎ᠶᠢᠨ ᠪᠣᠳᠣᠯᠭ᠎ᠠ ᠨᠢ ᠪᠥᠬᠥ ᠬᠣᠰᠢᠭᠤᠨ᠎ᠤ 1.1 ᠲᠦᠮᠡᠨ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠭᠳᠡᠬᠦ ᠡᠷᠦᠬᠡ᠎ᠶᠢ ᠬᠠᠮᠤᠷᠪᠠ᠃

 ᠠᠵᠤ ᠠᠬᠤᠢ

✦ ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠪᠠᠷᠠᠭᠤᠨ ᠣᠷᠣᠨ᠎ᠤ ᠡᠬᠡ ᠬᠠᠭᠤᠷᠠᠢ ᠪᠠ ᠲᠡᠯᠡᠶ ᠲᠠᠩᠭᠢᠰ᠎ᠤᠨ ᠰᠢᠨ᠎ᠡ ᠵᠠᠮ ᠳᠠᠭᠠᠤ᠎ᠶᠢᠨ 《13+2》 ᠮᠤᠵᠢ ᠣᠷᠣᠨ ᠬᠣᠲᠠ ᠳᠠᠭᠠᠤ ᠥᠩᠭᠡᠷᠡᠬᠦ ᠵᠠᠮ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠥᠬᠥ ᠬᠡᠮᠵᠢᠶ᠎ᠡ 8788.2 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 11.9% ᠪᠡᠷ ᠨᠡᠮᠡᠭᠳᠡᠡ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃

✦ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠮᠠᠨ᠎ᠤ ᠣᠷᠣᠨ᠎ᠤ ᠨᠡᠭᠦᠷᠡᠰᠦᠨ᠎ᠤ ᠭᠠᠷᠤᠯᠲᠠ 9.8 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠠᠴᠠ 4.2%᠎ᠢᠶᠠᠷ ᠨᠡᠮᠡᠭᠳᠡᠪᠡ᠃ 5 ᠰᠠᠷ᠎ᠠ᠎ᠠᠴᠠ ᠨᠠᠭᠠᠰᠢ ᠮᠠᠨ᠎ᠤ ᠣᠷᠣᠨ ᠨᠡᠭᠦᠷᠡᠰᠦᠨ ᠠᠭᠤᠷᠬᠠᠢ᠎ᠶᠢᠨ ᠭᠠᠷᠤᠯᠲᠠ ᠵᠢ ᠲᠣᠭᠲᠠᠪᠤᠷᠢᠵᠢᠭᠤᠯᠤᠨ ᠪᠡᠶᠡᠯᠡᠭᠦᠯᠬᠦ᠎ᠶᠢ ᠲᠦᠷᠭᠡᠳᠬᠡᠨ ᠠᠬᠢᠭᠤᠯᠵᠤ᠂ ᠡᠳᠦᠷ ᠳᠤᠮᠳᠠᠴᠢ ᠎ᠶᠢᠨ ᠨᠡᠭᠦᠷᠡᠰᠦᠨ᠎ᠦ ᠭᠠᠷᠤᠯᠲᠠ 350 ᠲᠦᠮᠡᠨ ᠲᠣᠨ᠎ᠳᠤ ᠬᠦᠷᠴᠡᠢ᠃

✦ ᠡᠨᠡ ᠵᠢᠯ ᠪᠠᠶᠠᠨᠨᠠᠭᠤᠷ ᠬᠣᠲᠠ ᠎ᠶᠢᠨ 535.8 ᠲᠦᠮᠡᠨ ᠮᠦ᠍ ᠡᠷᠳᠡᠨᠢ ᠰᠢᠰᠢ᠎ᠶᠢᠨ ᠲᠠᠷᠢᠶᠠᠨ᠎ᠤ 341 ᠲᠦᠮᠡᠨ ᠮᠦ᠍ ᠨᠢ 《ᠲᠣᠨ᠎ᠤ ᠤᠨᠠᠯᠲᠠᠲᠤ》 ᠲᠠᠷᠢᠶᠠᠨ᠎ᠤ ᠪᠠᠷᠢᠮᠵᠢᠶ᠎ᠠ᠎ᠳᠤ ᠬᠦᠷᠴᠦ᠂ 63.64%᠎ᠶᠢ ᠡᠵᠡᠯᠡᠪᠡ᠃ ᠡᠭᠦᠨ᠎ᠳᠦ ᠵᠠᠭᠤᠨ ᠮᠦ᠍ ᠥᠨᠳᠥᠷ ᠤᠨᠠᠯᠲᠠ᠎ᠲᠠᠢ ᠲᠠᠷᠢᠶᠠᠨ ᠭᠠᠵᠠᠷ᠎ᠤᠨ ᠮᠦ᠍ ᠨᠢᠭᠡᠴᠢ᠎ᠶᠢᠨ ᠤᠨᠠᠯᠲᠠ ᠨᠢ1501.89 ᠺᠢᠯᠣᠭ᠌ᠷᠠᠮ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠦ ᠰᠢᠨ᠎ᠡ ᠲᠡᠮᠳᠡᠭᠯᠡᠯ᠎ᠢ ᠳᠠᠬᠢᠨᠲᠠ ᠡᠭᠦᠳᠬᠦ᠎ᠶᠢᠨ ᠬᠠᠮᠲᠤ ᠡᠯᠡᠰᠦᠷᠬᠡᠭ ᠭᠠᠵᠠᠷ᠎ᠤᠨ ᠡᠷᠳᠡᠨᠢ ᠰᠢᠰᠢ᠎ᠶᠢᠨ ᠮᠦ᠍ ᠨᠢᠭᠡᠴᠢ᠎ᠶᠢᠨ ᠤᠨᠠᠯᠲᠠ ᠨᠢ ᠴᠦ᠍ ᠪᠦᠬᠦ  ᠤᠯᠤᠰ᠎ᠲᠤ ᠲᠦᠷᠦᠭᠦᠯᠡᠭᠰᠡᠨ ᠪᠠᠢᠨ᠎ᠠ᠃

 ᠰᠣᠶᠣᠯ

✦ ᠣᠢᠷ᠎ᠠ᠎ᠳᠤ ᠰᠥᠨᠢᠳ ᠪᠠᠷᠠᠭᠤᠨ ᠬᠣᠰᠢᠭᠤᠨ᠎ᠳᠤ 《ᠬᠥᠳᠡᠭᠡ᠎ᠶᠢᠨ ᠪᠦᠰᠡᠭᠦᠢᠴᠦᠳ᠎ᠦᠨ ᠬᠦᠰᠡᠯ᠎ᠤᠨ ᠠᠶᠠᠨ》 ᠭᠠᠷ ᠤᠷᠠᠯᠠᠯ᠎ᠤᠨ ᠰᠤᠷᠭᠠᠯᠲᠠ ᠶᠠᠪᠤᠭᠳᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠪᠯᠡᠨ ᠵᠠᠯᠭᠠᠮᠵᠢᠯᠠᠭ᠍ᠴᠢ ᠪᠠᠭ᠍ᠰᠢ ᠨᠠᠷ᠎ᠢ ᠤᠷᠢᠵᠤ ᠲᠣᠷᠭᠠᠨ ᠤᠷᠠᠯᠠᠯ᠂ ᠢᠰᠡᠭᠡᠢ ᠤᠷᠠᠯᠠᠯ᠎ᠤᠨ ᠬᠢᠴᠢᠶᠡᠯ ᠣᠷᠣᠭᠤᠯᠪᠠ᠃

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠭᠤᠷᠪᠠᠳᠤᠭᠠᠷ ᠤᠯᠠᠷᠢᠯ᠎ᠤᠨ GDP ᠳᠠᠬᠢᠨᠳᠠ ᠰᠥᠭᠡᠷᠭᠦ ᠨᠡᠮᠡᠭᠳᠡᠯ᠎ᠤᠨ ᠪᠠᠢᠳᠠᠯ ᠢᠯᠡᠷᠡᠪᠡ᠃

ᠦᠢᠯᠡᠴᠢᠯᠡᠭᠡ

✦ ᠳᠤᠮᠳᠠᠳᠤ ᠤᠯᠤᠰ᠎ᠤᠨ ᠲᠡᠮᠤᠷ ᠵᠠᠮ᠎ᠤᠨ ᠬᠦᠬᠡᠬᠤᠳᠠ ᠳᠤᠪᠴᠢᠶ᠎ᠠ ᠵᠢᠨ ᠪᠦᠯᠦᠭᠯᠡᠯ᠎ᠤᠨ ᠬᠢᠵᠠᠭᠠᠷᠳᠤ ᠺᠤᠮᠫᠠᠨᠢ ᠠᠵᠢᠯᠳᠠᠨ ᠡᠯᠰᠡᠵᠤ ᠪᠤᠢ᠃

✦11 ᠰᠠᠷ᠎ᠠ᠎ᠶᠢᠨ 15᠎ᠤ ᠡᠳᠦᠷ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠬᠢᠨ  AB ᠲᠥᠷᠥᠯ᠎ᠦᠨ ᠵᠢᠯᠣᠭᠣᠴᠢ᠎ᠶᠢᠨ ᠦᠨᠡᠮᠯᠡᠯ᠎ᠦᠨ ᠬᠤᠭᠤᠴᠠᠭ᠎ᠠ᠎ᠠᠴᠠ ᠬᠡᠲᠦᠷᠡᠭᠰᠡᠨ ᠪᠠᠢᠲᠠᠯ᠎ᠠ ᠦᠨᠡᠮᠯᠡᠯ᠎ᠢᠶᠡᠨ ᠰᠣᠯᠢᠭ᠍ᠰᠠᠨ ᠦᠭᠡᠢ ᠪᠠᠢᠳᠠᠯ᠎ᠤᠨ ᠲᠤᠬᠠᠢ ᠮᠡᠳᠡᠭᠳᠡᠯ ᠨᠡᠢᠲᠡᠯᠡᠪᠡ᠃ ᠮᠡᠳᠡᠭᠳᠡᠯ ᠎ᠳᠤ ᠬᠣᠯᠪᠣᠭᠳᠠᠯ ᠪᠦᠬᠦᠢ ᠵᠢᠯᠣᠭᠣᠴᠢ ᠎ᠶᠢ ᠵᠢᠯᠣᠭᠣᠴᠢ ᠎ᠶᠢᠨ ᠦᠨᠡᠮᠯᠡᠯ᠎ᠢ ᠬᠢᠨᠠᠨ ᠰᠢᠯᠭᠠᠬᠤ᠂ ᠦᠨᠡᠮᠯᠡᠯ ᠰᠣᠯᠢᠬᠤ ᠲᠤᠬᠠᠢᠯᠠᠭᠰᠠᠨ ᠠᠵᠢᠯ᠎ᠢ ᠲᠦᠷᠭᠡᠬᠡᠨ ᠭᠦᠢᠴᠡᠳᠬᠡᠬᠦ᠎ᠶᠢ ᠱᠠᠭᠠᠷᠳᠠᠵᠤ᠂ ᠵᠢᠯᠣᠭᠣᠴᠢ᠎ᠶᠢᠨ ᠦᠨᠡᠮᠯᠡᠯ᠎ᠢᠶᠡᠨ ᠨᠢᠭᠡ ᠵᠢᠯ ᠥᠩᠭᠡᠷᠡᠭᠡᠳ ᠰᠣᠯᠢᠭ᠍ᠰᠠᠨ ᠦᠭᠡᠢ ᠪᠠᠢᠪᠠᠯ᠂ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠬᠤᠭᠤᠴᠠᠭ᠎ᠠ ᠬᠡᠲᠦᠷᠡᠲᠡᠯ᠎ᠡ ᠦᠨᠡᠮᠯᠡᠯ᠎ᠢᠶᠡᠨ ᠰᠣᠯᠢᠭ᠍ᠰᠠᠨ ᠦᠭᠡᠢ᠂ ᠬᠢᠨᠠᠨ ᠰᠢᠯᠭᠠᠭᠰᠠᠨ ᠦᠭᠡᠢ᠎ᠪᠡᠷ ᠮᠠᠰᠢᠨ ᠲᠡᠷᠭᠡ ᠵᠢᠯᠤᠭᠣᠳᠴᠤ ᠵᠠᠮ᠎ᠳᠤ ᠭᠠᠷᠤᠭᠰᠠᠨ ᠪᠠᠢᠪᠠᠯ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠬᠠᠤᠯᠢ ᠶᠣᠰᠣᠭᠠᠷ ᠰᠢᠢᠳᠬᠡᠨ᠎ᠡ ᠭᠡᠪᠡ᠃

ᠲᠠᠨ᠎ᠤ ᠲᠤᠰᠠ᠎ᠳᠤ

✦ ᠨᠤᠢᠷ ᠬᠤᠯᠵᠢᠳᠠᠭ᠂ ᠵᠢᠷᠦᠬᠡ ᠴᠢᠰᠤᠨ ᠰᠤᠳᠠᠯ᠎ᠤᠨ ᠡᠪᠡᠳᠴᠢᠨ ᠪᠠ ᠬᠣᠳᠣᠭᠣᠳᠤ ᠭᠡᠳᠡᠰᠦᠨ᠎ᠦ ᠠᠵᠢᠯᠯᠠᠭ᠎ᠠ ᠠᠨᠠᠢ ᠬᠥᠮᠥᠰ ᠬᠣᠭᠣᠯᠠᠨ᠎ᠤ ᠳᠠᠷᠠᠭ᠎ᠠ ᠴᠠᠢ ᠤᠤᠭᠤᠵᠤ ᠪᠣᠯᠬᠤ ᠦᠭᠡᠢ᠂ ᠢᠯᠠᠩᠭᠤᠶ᠎ᠠ ᠡᠬᠡᠭᠦᠨ ᠴᠠᠢ ᠤᠤᠭᠤᠵᠤ ᠪᠣᠯᠬᠤ ᠦᠭᠡᠢ᠃ ᠡᠷᠡᠭᠦᠯ ᠬᠥᠮᠥᠨ᠎ᠳᠦ ᠠᠪᠴᠤ ᠬᠡᠯᠡᠪᠡᠯ ᠬᠣᠭᠣᠯᠠᠨ᠎ᠤ ᠳᠠᠷᠠᠭ᠎ᠠ ᠰᠢᠩᠭᠡᠨ ᠴᠠᠢ ᠤᠤᠭᠤᠪᠠᠯ ᠥᠭᠡᠬᠦ ᠲᠣᠰᠣᠨ᠎ᠤ ᠱᠠᠩᠳᠠᠭᠤᠷᠠᠯ᠎ᠢ ᠠᠷᠢᠯᠭᠠᠨ᠂ ᠰᠢᠳᠦ ᠬᠣᠷᠣᠬᠠᠢᠲᠤᠬᠤ᠎ᠶᠢ ᠰᠡᠷᠭᠡᠢᠯᠡᠳᠡᠭ᠃ 

ᠵᠠᠯᠭᠠᠭᠠᠳ 《ᠮᠤᠩᠭᠤᠯᠵᠢᠨ ᠭᠤᠸ᠎ᠠ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面