2026-11-19 11:52:59



ᠨᠡᠢᠭᠡᠮ
✦17᠎ᠤ ᠡᠳᠦᠷ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ 《ᠸᠠᠺᠼᠢᠨ᠎ᠤ ᠵᠣᠷ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠲᠤᠬᠠᠢ ᠵᠢᠯᠤᠭᠣᠳᠬᠤ ᠰᠠᠨᠠᠯ》 ᠢ᠋ ᠨᠡᠢᠲᠡᠯᠡᠪᠡ᠃
✦ᠤᠢᠷ᠎ᠠ ᠳ᠋ᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ᠎ᠲᠠᠢ ᠬᠠᠮᠲᠤᠷᠠᠨ《ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠦ᠋ᠨ ᠴᠡᠴᠡᠷᠯᠢᠭ᠎ᠦᠨ ᠡᠷᠡᠭᠦᠯ ᠮᠡᠨᠳᠦ᠎ᠶᠢᠨ ᠳᠡᠳ᠋ ᠰᠤᠷᠭᠠᠭᠤᠯᠢ(ᠴᠡᠴᠡᠷᠯᠢᠭ)᠎ᠶ᠋ᠢᠨ ᠵᠠᠬᠢᠷᠤᠯ᠎ᠢ ᠤᠷᠢᠨ ᠲᠣᠮᠢᠯᠠᠬᠤ ᠪᠠ ᠬᠠᠮᠢᠶᠠᠷᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠪᠠ᠃
✦ᠡᠨᠡ ᠵᠢᠯ ᠡᠴᠡ ᠨᠠᠭᠠᠰᠢ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠯᠲᠠ᠎ᠶᠢᠨ ᠶᠡᠷᠦᠩᠬᠡᠢ ᠥᠷᠲᠡᠭᠡ ᠶ᠋ᠢᠨ ᠪᠠᠢᠴᠠᠭᠠᠨ ᠰᠢᠯᠭᠠᠭᠰᠠᠨ ᠬᠢᠯᠢ᠎ᠪᠡᠷ ᠣᠷᠣᠵᠤ ᠭᠠᠷᠤᠭᠰᠠᠨ ᠬᠥᠮᠥᠨ 590.5 ᠲᠦᠮᠡᠨ ᠬᠥᠮᠥᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠠᠭᠠᠵᠢ 255.9 ᠲᠦᠮᠡ ᠤᠳᠠᠭ᠎ᠠ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 19.2%᠂ 21.1% ᠪᠡᠷ ᠨᠡᠮᠡᠭᠳᠡᠨ᠂ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 11 ᠰᠠᠷ᠎ᠠ᠎ᠳᠤ ᠦᠬᠠᠢ ᠳ᠋ᠤ ᠪᠠᠢᠭ᠎ᠠ 2 ᠠᠭᠤᠷᠬᠠᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠦᠭᠡᠢ ᠠᠭᠤᠷᠬᠠᠢ᠎ᠪᠡᠷ ᠰᠣᠩᠭᠣᠭᠳᠠᠵᠤ᠂ ᠥᠪᠥᠷ ᠮᠣᠩᠭᠣᠯ᠎ᠤᠨ ᠪᠣᠬᠢᠷᠲᠤᠯ ᠦᠭᠡᠢ ᠠᠭᠤᠷᠬᠠᠢ 457 ᠪᠣᠯᠵᠤ ᠨᠡᠮᠡᠭᠳᠡᠪᠡ᠃ ᠡᠭᠦᠨ᠎ᠳᠦ ᠤᠯᠤᠰ ᠤ᠋ᠨ ᠲᠠᠰ᠎ᠤᠨ ᠪᠣᠬᠢᠷᠲᠤᠯ ᠦᠭᠡᠢ ᠠᠭᠤᠷᠬᠠᠢ 73 ᠪᠣᠶ᠃
✦ᠦᠪᠦᠷ ᠮᠤᠨᠭᠭᠤᠯ᠎ᠤᠨ ᠤᠯᠠᠨ ᠭᠠᠵᠠᠷ ᠵᠢᠡᠷ ᠤᠷᠴᠢᠮ ᠶᠡᠬᠡ ᠴᠠᠰᠤ ᠤᠷᠤᠪᠠ᠂ ᠪᠥᠬᠥ ᠣᠷᠣᠨ᠎ᠤ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠨᠡᠶ᠋ᠢᠲᠡ 2.4 ᠲᠦᠮᠡᠨ ᠺᠢᠯᠣᠮᠧᠲᠷ ᠵᠠᠮ᠎ᠢ ᠪᠠᠢᠴᠠᠭᠠᠨ᠂ ᠨᠢᠭᠡᠨᠲᠡ 744 ᠠᠮᠠᠷᠬᠠᠨ ᠴᠠᠰᠤ ᠬᠥᠯᠳᠡᠳᠡᠭ ᠵᠠᠮ᠎ᠤᠨ ᠬᠡᠰᠡᠭ᠎ᠢ ᠵᠢᠭ᠍ᠰᠠᠭᠠᠵᠤ᠂ 528 ᠪᠠᠴᠢᠮ ᠪᠠᠢᠳᠠᠯ᠎ᠢ ᠠᠷᠭᠠᠴᠠᠭᠠᠬᠤ ᠡᠩᠨᠡᠭᠡ᠎ᠳ᠋ᠤ 6591 ᠬᠥᠮᠥᠨ ᠳᠤᠬᠢᠷᠠᠭᠤᠯᠵᠦ᠂ 482 ᠤᠷᠢᠳᠴᠢᠯᠠᠨ ᠪᠠᠢᠷᠢᠯᠠᠭᠤᠯᠬᠤ ᠪᠠᠢᠷᠢ᠂ 3723 ᠴᠠᠰᠤ ᠮᠥᠰᠥ ᠠᠷᠢᠯᠭᠠᠬᠤ ᠲᠣᠨᠣᠭ ᠲᠥᠬᠦᠭᠡᠷᠦᠮᠵᠢ᠂ 2.8 ᠲᠦᠮᠡᠨ ᠲᠣᠨ ᠴᠠᠰᠤ ᠬᠠᠢᠯᠤᠭᠤᠯᠤᠭ᠍ᠴᠢ ᠡᠳ᠋᠂ 2.9 ᠲᠦᠮᠡᠨ ᠪᠣᠰᠣᠭ᠎ᠠ ᠳᠥᠷᠪᠡᠯᠵᠢᠨ ᠮᠧᠲᠷ ᠬᠠᠯᠲᠤᠷᠢᠬᠤ᠎ᠶᠢ ᠰᠡᠷᠭᠡᠢᠯᠡᠬᠦ ᠡᠯᠡᠰᠦ ᠵᠡᠷᠭᠡ ᠵᠢ ᠲᠣᠬᠢᠷᠠᠭᠤᠯᠪᠠ᠃
✦ᠭᠤᠷᠪᠠᠳᠤᠭᠠᠷ ᠬᠤᠭᠤᠴᠠᠭᠠᠨ᠎ᠤ ᠭᠤᠸᠠᠨᠭᠰᠢᠶᠢᠨ ᠡᠮᠲᠦ ᠢᠳᠡᠭᠡᠨ᠎ᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠲᠦᠷᠦᠭᠦᠬᠡᠨ ᠭᠤᠸᠠᠨᠭᠰᠢᠶᠢᠨ ᠨᠠᠨᠨᠢᠩ ᠬᠣᠲᠠ ᠳ᠋ᠤ ᠶᠠᠪᠤᠭᠳᠠᠪᠠ᠃ ᠬᠥᠯᠥᠨ ᠪᠣᠶ᠋ᠢᠷ ᠬᠣᠲᠠ᠎ᠶᠢᠨ ᠬᠢᠲᠠᠳ ᠮᠣᠩᠭᠣᠯᠡᠮᠨᠡᠯᠭᠡᠶᠢᠨ ᠬᠣᠷᠢᠶ᠎ᠠ ᠥᠪᠥᠷ ᠮᠣᠩᠭᠣᠯ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠵᠤ ᠠᠯᠲᠠᠨ ᠮᠧᠳᠠᠯ ᠭᠥᠷᠳᠡᠪᠡ᠃
✦2026 ᠣᠨ᠎ᠤ ᠣᠷᠳᠣᠰ᠎ᠤᠨ ᠬᠣᠲᠠ᠎ᠶᠢᠨ ᠶᠠᠪᠤᠳᠠᠯ᠎ᠤᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠤᠨ ᠤᠷ᠎ᠠ ᠴᠢᠳᠠᠪᠤᠷᠢ᠎ᠶᠢᠨ ᠤᠷᠤᠯᠳᠤᠭᠠᠨ ᠤᠷᠴᠢᠮᠬᠠᠨ ᠶᠠᠪᠤᠭᠳᠠᠵᠦ᠂ ᠬᠣᠲᠠ᠎ᠶᠢᠨ ᠲᠣᠰ ᠱᠠᠲᠤᠨ᠎ᠤ ᠪᠠ ᠡᠯ᠎ᠡ ᠬᠣᠰᠢᠭᠤ ᠲᠣᠭᠣᠷᠢᠭ᠋᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠴᠣᠩᠬᠣᠪᠴᠢ ᠵᠢᠨ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ 30 ᠠᠵᠢᠯᠲᠠᠨ ᠣᠷᠣᠯᠴᠠᠪᠠ᠃
✦ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠣᠢᠯᠠᠭᠠᠭᠰᠠᠨ ᠵᠢᠡᠷ᠂ ᠪᠠᠶᠠᠨᠨᠠᠭᠤᠷ ᠬᠣᠲᠠ᠎ᠶᠢᠨ 958 ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ᠂ 1304 ᠡᠮᠴᠢᠯᠡᠭᠡᠨ᠎ᠦ ᠪᠠᠢᠭᠤᠯᠤᠮᠵᠢ ᠨᠢᠭᠡᠨᠲᠡ ᠪᠦᠬᠦᠨ᠎ᠢᠶᠡᠷ᠎ᠢᠶᠡᠨ ᠡᠮ᠎ᠦᠨ ᠵᠦᠢᠯᠡᠰ᠎ᠦᠨ ᠮᠥᠷᠳᠡᠯ ᠲᠠᠪᠴᠠᠩ᠎ᠳᠤ ᠣᠷᠣᠵᠤ᠂ ᠡᠮ᠎ᠦᠨ ᠵᠦᠢᠯᠡᠰ᠎ᠦᠨ ᠢᠷᠡᠯᠳᠡ ᠶᠠᠪᠤᠴᠠ ᠵᠢ ᠮᠦᠷᠳᠡᠨ ᠪᠠᠢᠴᠠᠭᠠᠵᠤ ᠪᠤᠯᠬᠤ ᠪᠤᠯᠵᠠᠢ᠃
✦ᠣᠢᠷ᠎ᠠ᠎ᠳᠤ ᠡᠵᠡᠨ᠎ᠡ ᠬᠣᠰᠢᠭᠤ ᠲᠦᠷᠦᠭᠦᠸ᠋ ᠪᠦᠯᠦᠭ᠎ᠦᠨ 23 《ᠴᠢᠳᠠᠪᠤᠷᠢᠲᠠᠨ᠎ᠳ᠋ᠤ ᠨᠥᠬᠥᠷᠰᠡᠭ ᠬᠡᠯᠪᠡᠷᠢ᠎ᠶᠢᠨ ᠬᠤᠳᠠᠯᠳᠤᠭᠠᠨ᠎ᠤ ᠳᠡᠯᠭᠡᠭᠦᠷ》ᠲᠦ᠍ ᠫᠠᠢᠰᠠ ᠣᠯᠭᠣᠵᠦ᠂ ᠴᠢᠳᠠᠪᠤᠷᠢᠲᠠᠨ᠎ᠢ ᠬᠦᠨᠳᠦᠳᠬᠡᠵᠦ ᠴᠢᠳᠠᠪᠤᠷᠢᠲᠠᠨ᠎ᠢ ᠬᠠᠢᠷᠠᠯᠠᠬᠤ ᠦᠢᠯᠡᠴᠢᠯᠡᠭᠡ᠎ᠶᠢ ᠵᠠᠰᠠᠭ᠎ᠤᠨ ᠶᠠᠪᠤᠳᠠᠯ᠎ᠤᠨ ᠲᠢᠩᠬᠢᠮ᠎ᠡᠴᠡ ᠦᠷᠭᠡᠵᠢᠬᠦᠯᠦᠨ ᠳᠡᠯᠭᠡᠷᠡᠬᠦᠯᠪᠡ᠃
✦ᠡᠨᠡ ᠵᠢᠯ᠎ᠡᠴᠡ ᠨᠠᠭᠠᠰᠢ᠂ ᠵᠡᠭᠦᠨᠭᠠᠷ ᠬᠣᠰᠢᠭᠤ 338 ᠺᠢᠯᠤᠮᠸᠲᠷ᠎ᠤᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠳᠡᠰ ᠳᠡᠪᠰᠢᠬᠦᠯᠬᠦ ᠲᠦᠷᠦᠯ ᠵᠦᠢᠯ᠎ᠢ ᠨᠠᠷᠢᠯᠢᠭ᠋ ᠣᠨᠣᠴᠠᠲᠠᠢ᠎ᠪᠠᠷ ᠲᠥᠰᠥᠪᠯᠡᠨ ᠬᠡᠷᠡᠭᠵᠢᠭᠦᠯᠵᠦ᠂ ᠬᠥᠳᠡᠭᠡ ᠲᠤᠰᠬᠤᠨ᠎ᠤ ᠵᠠᠮ ᠬᠠᠷᠢᠯᠴᠠᠭᠠᠨ᠎ᠤ ᠴᠢᠨᠠᠷ ᠴᠢᠨᠰᠠᠭ᠎ᠠ᠎ᠵᠢ ᠳᠡᠭᠡᠭᠰᠢᠯᠡᠭᠦᠯᠦᠨ ᠤᠯᠠᠨ ᠲᠦᠮᠡᠨ ᠤ᠋ ᠶᠠᠪᠤᠵᠤ ᠰᠠᠭᠤᠬᠤ ᠳ᠋ᠤ ᠳᠦᠬᠦᠮ ᠦᠵᠡᠬᠦᠯᠪᠡ᠃
✦17᠎ᠤ ᠡᠳᠦᠷ᠂ ᠤᠯᠤᠰ᠎ᠤᠨ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠲᠣᠪᠴᠢᠶ᠎ᠠ 《ᠭᠠᠵᠠᠷ ᠵᠦᠢ᠎ᠶᠢᠨ ᠢᠯᠡᠷᠬᠡᠢᠯᠡᠯ ᠦ᠋ᠨ ᠬᠠᠮᠠᠭᠠᠯᠠᠯᠲᠠ ᠪᠠ ᠬᠡᠷᠡᠭᠯᠡᠯᠲᠡ ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》ᠵᠢ ᠨᠡᠢᠲᠡᠯᠡᠵᠦ᠂ 2030 ᠣᠨ ᠪᠣᠯᠬᠤ᠎ᠳᠤ ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯ᠎ᠦᠨ ᠬᠠᠮᠠᠭᠠᠯᠠᠯᠲᠠ᠎ᠶᠢᠨ ᠵᠢᠱ᠌ᠢᠶ᠎ᠡ ᠦᠵᠡᠭᠦᠯᠬᠦ ᠣᠷᠣᠨ᠎ᠢ 160 ᠪᠠᠢᠭᠤᠯᠵᠤ᠂ ᠭᠠᠵᠠᠷ ᠵᠦᠢ᠎ᠶᠢᠨ ᠢᠯᠡᠷᠬᠡᠢᠯᠡᠯᠲᠦ ᠪᠦᠲᠦᠭᠡᠭᠳᠡᠬᠦᠨ᠎ᠦ ᠰᠢᠭᠤᠳ ᠦᠢᠯᠡᠳᠬᠦᠨ᠎ᠦ ᠥᠷᠲᠡᠭ᠎ᠢ 1.1 ᠲᠦᠮᠡᠨ ᠳ᠋ᠦᠩᠰᠢᠭᠤᠷ ᠲᠥᠭᠥᠷᠢᠭ᠎ᠲᠦ ᠬᠦᠷᠭᠡᠨ᠎ᠡ ᠭᠡᠵᠡᠢ᠃
✦ᠤᠯᠤᠰ᠎ᠤᠨ ᠡᠮᠴᠢᠯᠡᠭᠡᠨ ᠤ᠋ ᠪᠠᠳᠤᠯᠠᠭ᠎ᠠ ᠵᠢᠨ ᠲᠣᠪᠴᠢᠶ᠎ᠠ ᠠ᠋ᠴᠠ ᠣᠢᠯᠠᠭᠠᠭᠰᠠᠨ ᠵᠢᠡᠷ᠂ 2018 ᠣᠨ ᠠ᠋ᠴᠠ 2025 ᠣᠨ ᠪᠣᠯᠲᠠᠯ᠎ᠠ ᠪᠥᠬᠥ ᠤᠯᠤᠰ᠎ᠤᠨ ᠡᠮ ᠡᠮᠨᠡᠯᠭᠡ᠎ᠶᠢᠨ ᠦᠢᠯᠡᠴᠢᠯᠡᠭᠡᠨ᠎ᠦ ᠦᠨ᠎ᠡ ᠬᠠᠩᠰᠢ᠎ᠶᠢᠨ ᠶᠡᠷᠦᠩᠬᠡᠢ ᠲᠦᠪᠰᠢᠨ ᠨᠡᠶ᠋ᠢᠲᠡ 26.0% ᠵᠢᠠᠷ ᠨᠡᠮᠡᠭᠳᠡᠵᠦ᠂ ᠵᠢᠯ ᠳᠤᠮᠳᠠᠴᠢ᠎ᠶᠢᠨ ᠥᠰᠦᠯᠲᠡ᠎ᠶᠢᠨ ᠬᠡᠮᠵᠢᠶ᠎ᠡ ᠨᠢ ᠪᠠᠷᠤᠭ 3.4% ᠪᠠᠢᠵᠤ᠂ ᠠᠳᠠᠯᠢ ᠬᠤᠭᠤᠴᠠᠭᠠᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ ᠶ᠋ᠢᠨ ᠵᠢᠯ ᠳᠤᠮᠳᠠᠴᠢ᠎ᠶᠢᠨ ᠨᠡᠮᠡᠭᠳᠡᠯ᠎ᠦᠨ ᠬᠤᠷᠳᠤᠴᠠ ᠠ᠋ᠴᠠ ᠳᠣᠣᠷ᠎ᠠ ᠪᠣᠯᠵᠠᠢ᠃
✦ᠲᠦᠷᠦᠭᠦᠬᠡᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ 2026 ᠣᠨ᠎ᠤ ᠲᠠᠷᠢᠶᠠᠯᠠᠩ᠎ᠤᠨ ᠰᠡᠯᠡᠭᠦᠦ ᠴᠠᠭ᠎ᠵᠢᠡᠷ ᠣᠷᠣᠯᠭ᠎ᠠ᠎ᠪᠠᠨ ᠨᠡᠮᠡᠭᠳᠡᠭᠦᠯᠦᠨ ᠦᠢᠯᠡᠰ ᠪᠤᠰᠬᠠᠬᠤ ᠠᠵᠢᠯᠯᠠᠭ᠎ᠠ ᠡᠬᠢᠯᠡᠵᠦ᠂ ᠪᠥᠬᠥ ᠬᠣᠰᠢᠭᠤᠨ᠎ᠤ ᠦᠨᠳᠦᠰᠦᠲᠡᠨ ᠤ᠋ ᠭᠠᠷ ᠤᠷᠠᠯᠠᠯ᠎ᠤ᠋ᠨ ᠪᠠᠬᠠᠲᠠᠳ᠂ ᠭᠠᠷ ᠤᠷᠠᠯᠠᠯ᠎ᠤᠨ ᠪᠦᠲᠦᠭᠡᠭᠳᠡᠬᠦᠨ ᠦᠢᠯᠡᠳᠬᠦ ᠵᠢᠴᠢ ᠡᠯᠧᠺᠲᠷᠣᠨ ᠬᠤᠳᠠᠯᠳᠤᠭᠠᠨ ᠤ᠋ᠡᠷᠦᠬᠡ ᠳ᠋ᠤ ᠤᠷ᠎ᠠ ᠴᠢᠳᠠᠪᠤᠷᠢ ᠶ᠋ᠢᠨ ᠪᠣᠯᠪᠠᠰᠤᠷᠠᠯ ᠥᠷᠨᠢᠭᠦᠯᠵᠦ᠂ ᠣᠯᠠᠨ ᠲᠦᠮᠡᠨ᠎ᠦ ᠲᠠᠷᠢᠶᠠᠯᠠᠩ ᠤ᠋ᠨ ᠰᠡᠯᠡᠭᠦᠦ ᠴᠠᠭᠵᠢᠠᠷ ᠣᠷᠣᠯᠭ᠎ᠠ᠎ᠪᠠᠨ ᠨᠡᠮᠡᠭᠳᠡᠭᠦᠯᠬᠦ᠎ᠳᠦ ᠬᠦᠴᠦᠨ ᠨᠡᠮᠡᠷᠢᠯᠡᠵᠦ ᠪᠤᠢ᠃
✦ᠤᠳᠤᠬᠠᠨ ᠪᠣᠯᠲᠠᠯ᠎ᠠ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠵᠤ ᠠᠬᠤᠢ᠎ᠶᠢᠨ ᠤᠢ᠎ᠶᠢᠨ ᠶᠡᠷᠦᠩᠬᠡᠢ ᠲᠠᠯᠠᠪᠠᠢ 37.7 ᠲᠦᠮᠡᠨ ᠮᠦ᠍᠎ᠳᠦ ᠬᠦᠷᠴᠦ᠂ ᠪᠦᠬᠦ ᠵᠢᠯ᠎ᠦᠨ ᠤᠢ ᠵᠢᠨ ᠵᠢᠮᠢᠰ᠎ᠦᠨ ᠶᠡᠷᠦᠩᠬᠡᠢ ᠭᠠᠷᠤᠯᠲᠠ 1.49 ᠲᠦᠮᠡᠨ ᠲᠣᠨ᠎ᠳᠤ ᠬᠦᠷᠴᠦ᠂ 6143.85 ᠲᠦᠮᠡᠨ ᠲᠥᠭᠥᠷᠢᠭ᠎ᠦᠨ ᠦᠢᠯᠡᠳᠬᠦᠨ᠎ᠦ ᠶᠡᠷᠦᠩᠬᠡᠢ ᠦᠷᠳᠡᠭ᠎ᠢ ᠪᠡᠶᠡᠯᠡᠭᠦᠯᠵᠦ᠂ 3.12 ᠲᠦᠮᠡᠨ ᠮᠦ᠍ ᠲᠡᠵᠢᠭᠡᠯ ᠪᠣᠷᠳᠣᠭᠠᠨ᠎ᠤ ᠡᠪᠡᠰᠦ ᠳᠠᠷᠢᠬᠤ ᠰᠠᠭᠤᠷᠢᠨ᠎ᠢ ᠪᠠᠢᠭᠤᠯᠵᠤ᠂ 7.2 ᠲᠦᠮᠡᠨ ᠮᠦ᠍᠎ᠶᠢᠨ ᠮᠠᠭᠤᠳᠠᠭᠰᠠᠨ ᠨᠤᠲᠤᠭ ᠪᠡᠯᠴᠢᠭᠡᠷ᠎ᠢ ᠵᠠᠰᠠᠵᠠᠢ᠃
✦17᠎ᠤ ᠡᠳᠦᠷ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ᠂ ᠠᠯᠠᠱᠠ ᠵᠡᠭᠦᠨ ᠬᠣᠰᠢᠭᠤ᠎ᠪᠠᠨ ᠮᠠᠭᠲᠠᠨ ᠳᠠᠭᠤᠯᠠᠶ᠎ᠠ》ᠭᠡᠬᠦ ᠠᠯᠠᠱᠠ ᠵᠡᠭᠦᠨ ᠬᠣᠰᠢᠭᠤᠨ᠎ᠤ ᠭᠤᠷᠪᠠᠳᠤᠭᠠᠷ ᠬᠤᠭᠤᠴᠠᠭᠠᠨ᠎ᠤ ᠭᠠᠴᠠᠭ᠎ᠠ ᠲᠣᠰᠬᠣᠨ᠎ᠤ ᠳᠠᠭᠤᠤ᠎ᠶᠢᠨ ᠤᠷᠤᠯᠳᠤᠭᠠᠨ ᠪᠠᠶᠠᠨᠬᠣᠲᠠ᠎ᠳᠤ ᠶᠠᠪᠤᠭᠳᠠᠪᠠ᠃
✦ᠤᠢᠷ᠎ᠠ ᠳ᠋ᠤ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠰᠠᠭᠰᠤᠨ ᠪᠥᠮᠪᠥᠭᠡ ᠶ᠋ᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠤᠭᠤᠲᠤ᠎ᠳᠤ ᠦᠷᠳᠦᠷᠯᠡᠵᠦ᠂ ᠡᠷᠡᠭᠲᠡᠢ᠎ᠶᠢᠨ ᠳᠤᠭᠤᠢᠯᠠᠩ᠎ᠳ᠋ᠤ 19 ᠲᠥᠯᠥᠭᠡᠯᠡᠭᠴᠢ᠎ᠶᠢᠨ ᠠᠩᠭᠢ᠂ ᠡᠮᠡᠭᠲᠡᠢ ᠶ᠋ᠢᠨ ᠳᠤᠭᠤᠢᠯᠠᠩ᠎ᠳ᠋ᠤ 10 ᠲᠥᠯᠥᠭᠡᠯᠡᠭᠴᠢ᠎ᠶᠢᠨ ᠠᠩᠭᠢ᠂ ᠨᠡᠢᠳᠡ 400 ᠭᠠᠷᠤᠢ ᠲᠠᠮᠢᠷᠴᠢᠨ ᠣᠷᠣᠯᠴᠠᠵᠠᠢ᠃
✦ᠢᠰᠫᠠᠨᠢ ᠶ᠋ᠢᠨ ᠡᠳᠦᠷ ᠪᠦᠷᠢ ᠶ᠋ᠢᠨ ᠰᠣᠨᠢᠨ ᠮᠡᠳᠡᠭᠡᠨ᠎ᠦ ᠰᠦᠯᠵᠢᠶ᠎ᠡ ᠶ᠋ᠢᠨ ᠮᠡᠳᠡᠭᠡᠯᠡᠭᠰᠡᠨ ᠢ᠋ᠶ᠋ᠡᠷ᠂ ᠡᠸᠦ᠋ᠷᠦᠫᠡ ᠲᠢᠪ᠎ᠦᠨ ᠬᠡᠳᠦᠨ ᠤᠯᠤᠰ ᠨᠢᠭᠡᠨᠲᠡ ᠷᠦᠸᠠᠨᠳᠠ ᠵᠢᠨ ᠵᠠᠰᠠᠭ᠎ᠤᠨ ᠣᠷᠳᠣᠨ᠎ᠲᠠᠢ ᠬᠡᠯᠡᠯᠴᠡᠭᠡᠷ ᠲᠣᠭᠲᠠᠵᠤ᠂ ᠡᠨᠡ ᠬᠦ᠌ ᠠᠹᠷᠢᠺᠠ ᠲᠢᠪ᠎ᠦᠨ ᠤᠯᠤᠰ᠎ᠲᠤ ᠨᠡᠭᠦᠳᠡᠯ ᠠᠷᠠᠳ᠎ᠢ ᠪᠤᠴᠠᠭᠠᠬᠤ ᠲᠥᠪ ᠪᠠᠢᠭᠤᠯᠵᠤ᠂ ᠨᠡᠭᠦᠳᠡᠯ ᠠᠷᠠᠳ᠎ᠢ ᠪᠤᠴᠠᠭᠠᠬᠤ᠎ᠳᠦ ᠬᠡᠷᠡᠭᠯᠡᠨ᠎ᠡ ᠭᠡᠵᠡᠢ᠃
✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠭᠸᠷᠮᠠᠨ᠎ᠤ ᠶᠡᠷᠦᠩᠬᠡᠢᠯᠡᠭᠴᠢ ᠪᠣᠯᠣᠨ ᠹᠢᠨᠯᠠᠨᠳ᠋᠎ᠤᠨ ᠶᠡᠷᠦᠩᠬᠡᠢᠯᠡᠭᠴᠢ 17᠎ᠤ ᠡᠳᠦᠷ ᠢᠯᠡᠷᠬᠡᠢᠯᠡᠬᠦ ᠳ᠋ᠡᠭᠡᠨ᠂ ᠦᠺᠷᠠᠢᠨ᠎ᠤ ᠢᠷᠡᠭᠡᠳᠦᠢ᠎ᠳᠦ ᠬᠣᠯᠪᠣᠭᠳᠠᠭᠰᠠᠨ ᠬᠡᠯᠡᠯᠴᠡᠭᠡ ᠨᠢ ᠠᠮᠤᠷ ᠲᠦᠪᠰᠢᠨ᠎ᠦ ᠪᠠᠲᠤᠯᠠᠭ᠎ᠠ᠎ᠲᠠᠢ ᠬᠣᠯᠪᠣᠭᠳᠠᠨ᠎ᠠ᠂ ᠡᠸᠦ᠋ᠷᠦᠫᠡ ᠲᠢᠪ᠎ᠦᠨ ᠬᠢᠨ ᠣᠷᠣᠯᠴᠠᠬᠤ ᠦᠭᠡᠢ ᠪᠠᠢᠵᠤ ᠪᠣᠯᠬᠤ ᠦᠭᠡᠢ ᠭᠡᠵᠡᠢ᠃
✦ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ 17 ᠬᠥᠮᠥᠨ ᠡᠯᠰᠡᠨ᠎ᠠ᠃
✦ᠸᠢᠲ᠋ᠠᠮᠢᠨᠢ ᠬᠡᠳᠦᠢ ᠠᠷᠪᠢᠨ ᠨᠥᠬᠥᠪᠦᠷᠢᠯᠡᠪᠡᠯ ᠲᠡᠳᠦᠢ ᠰᠠᠢᠨ ᠭᠡᠰᠡᠨ ᠶᠠᠪᠤᠳᠠᠯ ᠪᠢᠰᠢ᠂ ᠨᠠᠰᠤᠨ᠎ᠳᠤ ᠬᠦᠷᠦᠭᠰᠡᠳ ᠡᠳᠦᠷ ᠪᠦᠷᠢ ᠪᠠᠷᠤᠭ 100 ᠮᠢᠯᠢᠭ᠌ᠷᠠᠮ ᠸᠢᠲ᠋ᠠᠮᠢᠨ C ᠬᠡᠷᠡᠭᠰᠡᠨ᠎ᠡ᠂ ᠡᠨᠡ ᠨᠢ ᠪᠠᠷᠤᠭ ᠨᠢᠭᠡ ᠲᠣᠰᠢᠯᠣᠭ ᠪᠤᠶᠤ ᠨᠢᠭᠡ᠎ᠡᠴᠡ ᠬᠣᠶᠠᠷ ᠵᠦᠷᠵᠢ᠎ᠶᠢᠨ ᠠᠭᠤᠯᠤᠭᠳᠠᠴᠠ᠎ᠲᠠᠢ ᠲᠡᠩᠴᠡᠨ᠎ᠡ᠃ ᠤᠷᠲᠤ ᠬᠤᠭᠤᠴᠠᠭ᠎ᠠ ᠪᠠᠷ ᠥᠨᠳᠥᠷ ᠬᠡᠮᠵᠢᠶᠡᠨ᠎ᠦ ᠸᠢᠲ᠋ᠠᠮᠢᠨC ᠰᠢᠩᠭᠡᠭᠡᠪᠡᠯ ᠳᠤᠷ᠎ᠠ ᠪᠣᠯᠭᠢᠬᠤ᠂ ᠭᠡᠳᠡᠰᠦ ᠬᠥᠭᠡᠭᠡᠬᠦ ᠵᠡᠷᠭᠡ ᠪᠠᠢᠳᠠᠯ ᠢᠯᠡᠷᠡᠬᠦ ᠪᠦᠭᠡᠳ ᠰᠥᠰᠥᠨᠦ ᠭᠤᠨᠠᠨ ᠠᠯᠺᠣᠣᠯ᠎ᠢ ᠰᠥᠰᠥᠨᠦ ᠬᠦᠴᠢᠯ ᠪᠣᠯᠭᠠᠨ ᠬᠤᠪᠢᠷᠠᠭᠠᠬᠤ᠎ᠶᠢ ᠠᠬᠢᠭᠤᠯᠵᠤ᠂ ᠤᠳᠠᠭᠠᠨ ᠳ᠋ᠠᠭᠠᠨ ᠡᠯᠢᠭᠡᠨ ᠤ᠋ ᠳᠠᠷᠤᠭᠠᠰᠤ ᠵᠢ ᠬᠦᠨᠳᠦᠷᠡᠬᠦᠯᠵᠦ ᠮᠡᠳᠡᠨ᠎ᠠ᠃
ᠵᠠᠯᠭᠠᠭᠠᠳ《ᠴᠤᠭᠤᠷ᠎ᠤᠨ ᠮᠦᠨᠭᠭᠦᠨ ᠡᠭᠡᠰᠢᠭ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
- ᠨᠠᠢᠷᠠᠭᠤᠯᠤᠭ᠍ᠴᠢ᠄
-
ᠨᠡᠪᠲᠡᠷᠡᠭᠦᠯᠦᠭᠴᠢ᠄
ᠮᠥᠩᠬᠡᠪᠠᠶᠠᠷ
-
ᠮᠡᠷᠭᠡᠵᠢᠯ᠄
ᠬᠤ᠌ ᠰᠠᠷᠠᠨ᠎ᠠ
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃